ᠤᠯᠠᠨ ᠤ ᠳᠠᠭᠤᠷᠢᠶᠠᠯ — ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠴᠠᠩ ᠴᠠᠩ ᠲᠢᠩ
ᠨᠡᠶᠢᠲᠡᠯᠡᠭᠰᠡᠨ ᠴᠠᠭ᠄
2024/12/13
      ᠪᠢᠴᠢᠭ ᠵᠢᠭᠠᠵᠤ ᠬᠦᠮᠦᠨ ᠢ ᠬᠦᠮᠦᠵᠢᠬᠦᠯᠬᠦ ᠪᠠᠷ ᠦᠢᠯᠡᠰ ᠢᠶᠠᠨ ᠪᠤᠯᠭᠠᠵᠤ᠂ ᠤᠶᠤᠨ ᠤᠬᠠᠭᠠᠨ ᠪᠠ ᠬᠠᠶᠢᠷ᠎ᠠ ᠬᠠᠯᠠᠮᠵᠢ ᠪᠠᠷ ᠢᠶᠠᠨ ᠰᠤᠷᠤᠭᠴᠢᠳ ᠢ ᠬᠦᠳᠦᠯᠦᠨ ᠡᠷᠳᠡᠮ ᠮᠡᠳᠡᠯᠭᠡ ᠶᠢᠨ ᠳᠠᠷᠳᠠᠩ ᠬᠠᠷᠭᠤᠢ ᠵᠦᠭ ᠵᠠᠮᠨᠠᠭᠤᠯᠤᠭᠰᠠᠨ ᠦᠢ ᠤᠯᠠᠨ ᠪᠠᠭᠰᠢ ᠨᠠᠷ ᠤᠨ ᠨᠢᠭᠡᠨ ᠪᠤᠯ ᠰᠢᠯᠤᠭᠤᠨ ᠬᠥᠬᠡ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ  ᠶᠢᠨ ᠪᠠᠭᠰᠢ ᠴᠠᠩ ᠴᠠᠩ ᠲᠢᠩ ᠪᠤᠯᠤᠨ᠎ᠠ᠃ ᠳᠡᠷᠡ᠂ ᠰᠤᠷᠭᠠᠨ ᠬᠥᠮᠦᠵᠢᠯ ᠤᠨ ᠹᠷᠤᠨᠲ ᠲᠤ ᠥᠪᠡᠷ ᠤᠨ ᠬᠤᠪᠢ ᠨᠡᠮᠡᠷᠢ ᠪᠠᠨ ᠦᠵᠡᠬᠦᠯᠬᠦ ᠠᠴᠠ ᠭᠠᠳᠠᠨ᠎ᠠ ᠤᠯᠤᠰ ᠲᠥᠷᠥ ᠶᠢᠨ ᠵᠥᠪᠯᠡᠯᠭᠡᠨ ᠤ ᠰᠢᠯᠤᠭᠤᠨ ᠬᠥᠬᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠭᠡᠰᠢᠭᠦᠨ ᠤ ᠡᠭᠦᠷᠭᠡ ᠶᠢ ᠡᠭᠦᠷᠭᠡᠯᠡᠵᠦ᠂ ᠵᠠᠰᠠᠭ ᠤᠨ ᠶᠠᠪᠤᠳᠠᠯ  ᠳᠤ ᠢᠳᠡᠪᠬᠢᠲᠡᠢ ᠪᠠᠷ ᠣᠷᠣᠯᠴᠠᠨ ᠨᠡᠶᠢᠭᠡᠮ ᠤᠨ ᠪᠦᠬᠦ ᠲᠠᠯ᠎ᠠ ᠶᠢᠨ ᠲᠡᠪᠰᠢᠯᠳᠠ ᠳᠤ ᠬᠦᠴᠦᠨ ᠴᠢᠳᠠᠯ ᠢᠶᠠᠨ ᠡᠷᠭᠦᠵᠦ ᠶᠠᠪᠤᠨ᠎ᠠ᠃      ᠠᠷᠠᠳ ᠤᠨ ᠪᠠᠭᠰᠢ ᠪᠣᠯᠤᠭᠰᠠᠨ ᠤ ᠬᠤᠪᠢ ᠳᠤ ᠴᠠᠩ ᠴᠠᠩ ᠲᠢᠩ ᠵᠢᠭᠠᠨ ᠰᠤᠷᠭᠠᠯᠲᠠ ᠶᠢᠨ ᠠᠵᠢᠯ ᠳᠠᠭᠠᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠠ ᠠᠵᠢᠯ ᠦᠶᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠪᠠᠷ ᠳᠠᠭᠠᠭᠤᠯᠤᠭᠴᠢ ᠪᠠ ᠵᠢᠱᠢᠶ᠎ᠡ ᠦᠵᠡᠭᠦᠯᠬᠦ ᠦᠢᠯᠡᠳᠦᠯ ᠢᠶᠠᠨ ᠪᠠᠳᠠᠷᠠᠭᠤᠯᠵᠤ᠂ ᠰᠤᠷᠤᠭᠴᠢᠳ ᠤᠨ ᠬᠠᠷᠠᠭ᠎ᠠ ᠶᠢ ᠦᠷᠭᠡᠳᠭᠡᠨ ᠬᠡᠪ ᠪᠣᠯᠪᠠᠰᠤᠷᠠᠯ ᠢ ᠳᠡᠭᠡᠭᠰᠢᠯᠡᠬᠦᠯᠬᠦ ᠪᠠᠷ ᠢᠮᠠᠬᠳᠠ ᠴᠢᠷᠮᠠᠶᠢᠵᠦ ᠪᠠᠶᠢᠳᠠᠭ᠃ ᠠᠵᠢᠯ ᠤᠨ ᠳᠤᠮᠳᠠ ᠲᠡᠷᠡ ᠰᠤᠷᠤᠭᠴᠢᠳ ᠤᠨ ᠰᠤᠷᠤᠯᠴᠠᠬᠤ ᠤᠷᠮ᠎ᠠ ᠰᠡᠳᠬᠢᠯᠭᠡ ᠶᠢ ᠲᠠᠶᠢᠴᠢᠯᠠᠨ᠂ ᠰᠢᠨ᠎ᠡ ᠶᠢ ᠡᠭᠦᠳᠬᠦ ᠪᠦᠲᠦᠭᠡᠯᠴᠢ ᠰᠡᠳᠬᠢᠬᠦᠶ ᠶᠢ ᠬᠦᠭᠵᠢᠭᠡᠭᠦ ᠪᠠᠷ ᠴᠢᠷᠮᠠᠶᠢᠵᠦ᠂ ᠰᠤᠷᠤᠭᠴᠢ ᠨᠢᠭᠡᠪᠦᠷᠢ ᠶᠢᠨ ᠣᠨᠴᠠᠯᠢᠭ ᠲᠤ ᠲᠤᠬᠢᠷᠠᠭᠤᠯᠤᠨ ᠵᠢᠭᠠᠨ ᠵᠢᠯᠤᠭᠤᠳᠴᠤ᠂ ᠲᠡᠳᠡᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠪᠠ ᠪᠦᠬᠦ ᠲᠠᠯ᠎ᠠ ᠶᠢᠨ ᠬᠥᠭᠵᠢᠯᠲᠡ ᠳᠤ ᠢᠮᠠᠬᠳᠠ ᠠᠩᠬᠠᠷᠤᠯ ᠳᠠᠯᠪᠢᠳᠠᠭ᠃      ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ ᠴᠠᠩ ᠴᠠᠩ ᠲᠢᠩ ᠰᠤᠷᠭᠠᠨ ᠬᠥᠮᠦᠵᠢᠯ ᠤᠨ ᠬᠦᠷᠢᠶᠡᠨ ᠳᠠᠬᠢ ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ ᠢ ᠦᠷᠬᠦᠯᠵᠢ ᠠᠩᠬᠠᠷᠴᠤ᠂ ᠰᠤᠷᠭᠠᠨ ᠬᠥᠮᠦᠵᠢᠯ ᠤᠨ ᠠᠵᠢᠯᠲᠠᠳ ᠲᠠᠢ ᠵᠢᠭᠠᠨ ᠰᠤᠷᠭᠠᠯᠲᠠ ᠶᠢᠨ ᠲᠤᠷᠰᠢᠯᠭ᠎ᠠ ᠪᠠᠨ ᠰᠤᠯᠢᠯᠴᠠᠨ᠂ ᠰᠤᠷᠤᠭᠴᠢ ᠪᠠ ᠭᠡᠷ ᠤᠨ ᠠᠬᠠᠮᠠᠳ ᠤᠨ ᠰᠤᠷᠭᠠᠨ ᠬᠥᠮᠦᠵᠢᠯ ᠤᠨ ᠲᠠᠯ᠎ᠠ ᠪᠠᠷ ᠬᠢ ᠬᠦᠰᠡᠯ ᠡᠷᠡᠮᠡᠯᠵᠡᠯ ᠪᠠ ᠰᠠᠨᠠᠯ ᠱᠠᠭᠠᠷᠳᠠᠯᠭ᠎ᠠ ᠶᠢ ᠰᠤᠨᠤᠰᠬᠤ ᠶᠢ ᠴᠢᠬᠤᠯᠠᠴᠢᠯᠠᠳᠠᠭ᠃ ᠡᠳᠡᠭᠡᠷ ᠪᠠᠶᠢᠴᠠᠭᠠᠨ ᠰᠤᠳᠤᠯᠤᠯᠲᠠ ᠳᠤ ᠰᠠᠭᠤᠷᠢᠯᠠᠨ᠂ ᠲᠡᠷᠡ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠰᠤᠷᠤᠯᠴᠠᠯᠭ᠎ᠠ᠂ ᠶᠠᠷᠢᠯᠴᠠᠭ᠎ᠠ᠂ ᠪᠠᠶᠢᠴᠠᠭᠠᠨ ᠰᠤᠳᠤᠯᠤᠯᠲᠠ᠂ ᠤᠩᠰᠢᠯᠭ᠎ᠠ ᠵᠡᠷᠭᠡ ᠠᠷᠪᠠᠭᠠᠳ ᠤᠳᠠᠭᠠᠨ ᠤ ᠠᠵᠢᠯᠯᠠᠭ᠎ᠠ ᠳᠤ ᠢᠳᠡᠪᠬᠢᠲᠡᠶ ᠤᠷᠤᠯᠴᠠᠭᠰᠠᠨ ᠪᠦᠭᠡᠳ ᠰᠢᠯᠤᠭᠤᠨ ᠬᠥᠬᠡ ᠬᠤᠰᠢᠭᠤᠨ ᠤ ᠰᠣᠶᠣᠯ ᠰᠤᠷᠭᠠᠨ ᠬᠥᠮᠦᠵᠢᠯ ᠤᠨ ᠬᠦᠷᠢᠶᠡᠨ ᠳᠠᠬᠢ ᠠᠷᠠᠳ ᠤᠨ ᠰᠠᠨᠠᠯ ᠢ ᠠᠩᠬᠠᠷᠤᠨ᠂ ᠤᠯᠤᠰ ᠲᠥᠷᠥ ᠶᠢᠨ ᠵᠥᠪᠯᠡᠯᠭᠡᠨ ᠤ ᠬᠤᠷᠠᠯ ᠳᠤ ᠬᠡᠷᠡᠭᠵᠢᠭᠦᠯᠵᠦ ᠪᠣᠯᠬᠤᠶᠢᠴᠠ ᠰᠠᠨᠠᠯ ᠵᠥᠪᠯᠡᠯᠭᠡ ᠶᠢ ᠢᠳᠡᠪᠬᠢᠲᠡᠶ ᠪᠠᠷ ᠳᠤᠷᠠᠳᠤᠨ ᠳᠡᠪᠰᠢᠭᠦᠯᠦᠭᠰᠡᠨ ᠪᠠᠶᠢᠨ᠎ᠠ᠃ ᠵᠠᠯᠠᠭᠤᠴᠤᠳ ᠪᠠᠭᠠᠴᠤᠳ ᠤᠨ ᠪᠦᠬᠦ ᠲᠠᠯ᠎ᠠ ᠶᠢᠨ ᠬᠥᠭᠵᠢᠯᠲᠡ ᠳᠤ ᠬᠦᠴᠦᠨ ᠨᠡᠮᠡᠷᠢᠯᠡᠵᠦ᠂ ᠰᠣᠶᠣᠯ ᠤᠨ ᠤᠯᠠᠮᠵᠢᠯᠠᠯ ᠪᠠ ᠰᠢᠨ᠎ᠡ ᠶᠢ ᠡᠭᠦᠳᠬᠦ ᠶᠢ ᠠᠬᠢᠭᠤᠯᠬᠤ ᠶᠢᠨ ᠲᠥᠯᠥᠭᠡ ᠳᠡᠷᠡᠪᠡᠷ ᠤᠯᠠᠨ ᠤᠳᠠᠭᠠᠨ ᠤ ᠪᠠᠶᠢᠴᠠᠭᠠᠨ ᠰᠤᠳᠤᠯᠤᠯᠳᠠ ᠪᠠᠷ ᠳᠠᠮᠵᠢᠨ ︽ᠱᠠᠩᠳᠤ ᠪᠠᠯᠭᠠᠰᠤᠨ ᠤ ᠵᠠᠯᠠᠭᠤᠴᠤᠳ ᠪᠠᠭᠠᠴᠤᠳ  ᠤᠨ ᠰᠤᠷᠭᠠᠭᠤᠯᠢ ᠶᠢᠨ ᠭᠠᠳᠠᠨᠠᠬᠢ ᠰᠣᠶᠣᠯ ᠤᠨ ᠠᠵᠢᠯᠯᠠᠭᠠᠨ ᠤ ᠲᠥᠪ ᠢ ᠪᠠᠶᠢᠭᠤᠯᠬᠤ ᠲᠤᠬᠠᠢ ᠰᠠᠨᠠᠭᠤᠯᠭ᠎ᠠ︾ ᠶᠢ ᠪᠢᠴᠢᠵᠦ ᠳᠡᠪᠰᠢᠭᠦᠯᠦᠭᠰᠡᠨ ᠨᠢ ᠤᠯᠤᠰ ᠲᠦᠷᠦ ᠶᠢᠨ ᠵᠥᠪᠯᠡᠯᠭᠡᠨ ᠤ ᠰᠢᠯᠤᠭᠤᠨ ᠬᠦᠬᠡ ᠬᠤᠰᠢᠭᠤᠨ ᠤ ᠬᠤᠷᠢᠶ᠎ᠠ  ᠳᠤ ᠰᠢᠯᠢᠳᠡᠭ ᠰᠠᠨᠠᠯ ᠳᠤᠷᠠᠳᠤᠯᠭ᠎ᠠ ᠪᠠᠷ ᠦᠨᠡᠯᠡᠭᠳᠡᠵᠦ᠂ ᠰᠤᠷᠭᠠᠨ ᠬᠥᠮᠦᠵᠢᠯ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠦᠭᠰᠡᠨ ᠶᠤᠮ᠃      ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠤᠯᠤᠭᠰᠠᠨ ᠤ ᠬᠤᠪᠢ ᠳᠤ ᠴᠠᠩ ᠴᠠᠩ ᠲᠢᠩ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠡᠯ᠎ᠡ ᠵᠦᠢᠯ ᠤᠨ ᠠᠵᠢᠯᠯᠠᠭ᠎ᠠ ᠳᠤ ᠢᠳᠡᠪᠬᠢᠲᠡᠢ ᠤᠷᠤᠯᠴᠠᠳᠠᠭ ᠶᠤᠮ᠃ ᠲᠡᠷᠡ᠂ ᠨᠤᠳᠤᠭ ᠤᠨ ᠤᠯᠠᠮᠵᠢᠯᠠᠯᠲᠤ ᠰᠣᠶᠣᠯ ᠪᠠ ᠦᠶᠯᠡᠳᠪᠦᠷᠢᠯᠡᠯ ᠠᠮᠢᠳᠤᠷᠠᠯ ᠤᠨ ᠦᠶᠯᠡᠳᠦᠯᠭᠡ ᠶᠢ ᠳᠤᠮᠳᠠᠳᠤ ᠪᠠᠭ᠎ᠠ ᠰᠤᠷᠭᠠᠭᠤᠯᠢ ᠶᠢᠨ ᠬᠡᠪ ᠴᠢᠨᠠᠷ ᠤᠨ ᠰᠤᠷᠭᠠᠨ ᠬᠥᠮᠦᠵᠢᠯ ᠳᠤ ᠣᠷᠣᠭᠤᠯᠵᠤ᠂ ᠵᠠᠯᠠᠭᠤᠴᠤᠳ ᠪᠠᠭᠠᠴᠤᠳ ᠤᠨ ᠨᠤᠲᠤᠭ ᠤᠰᠤᠨ ᠤ ᠪᠠᠨ ᠰᠣᠶᠣᠯ ᠤᠨ ᠲᠤᠬᠠᠶ ᠲᠠᠨᠢᠯᠲᠠ ᠶᠢ ᠴᠢᠩᠭᠠᠳᠬᠠᠵᠤ᠂ ᠰᠣᠶᠣᠯ ᠤᠨ ᠢᠲᠡᠭᠡᠯ ᠢ ᠪᠣᠶ ᠪᠣᠯᠭᠠᠬᠤ ᠶᠢ ᠰᠠᠨᠠᠭᠠᠴᠢᠯᠠᠭᠰᠠᠨ ᠢᠶᠠᠷ ᠪᠠᠷᠠᠬᠤ ᠦᠭᠡᠢ ᠪᠠᠰᠠ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠲᠡᠦᠬᠡ ᠰᠤᠷᠤᠯᠴᠠᠬᠤ ᠵᠥᠪᠯᠡᠯ ᠤᠨ ᠬᠠᠮᠲᠤ ᠰᠢᠯᠤᠭᠤᠨ ᠬᠥᠬᠡ ᠬᠤᠰᠢᠭᠤᠨ ᠤ ᠬᠤᠪᠢᠰᠬᠠᠯ ᠤᠨ ᠬᠠᠭᠤᠴᠢᠨ ᠰᠠᠭᠤᠷᠢᠨ ᠪᠤᠯᠬᠤ ᠪᠤᠱᠤᠤᠳᠠᠶ ᠰᠤᠮᠤ᠂ ᠬᠠᠪᠢᠷᠭ᠎ᠠ ᠪᠠᠯᠭᠠᠰᠤ ᠵᠡᠷᠭᠡ ᠭᠠᠵᠠᠷ ᠢᠶᠠᠷ ᠪᠠᠶᠢᠴᠠᠭᠠᠨ ᠰᠤᠳᠤᠯᠤᠯᠲᠠ ᠬᠢᠵᠦ᠂ ᠬᠤᠪᠢᠰᠬᠠᠯ ᠤᠨ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠤᠨ᠂ ᠲᠤᠬᠠᠢ ᠶᠢᠨ ᠭᠠᠵᠠᠷ ᠤᠨ ᠠᠷᠠᠳ ᠤᠨ ᠬᠤᠪᠢᠰᠬᠠᠯ ᠪᠣᠯᠤᠨ ᠦᠶᠯᠡᠳᠪᠦᠷᠢᠯᠡᠯ ᠠᠮᠢᠳᠤᠷᠠᠯ ᠤᠨ ᠲᠡᠦᠬᠡ  ᠶᠢ ᠳᠠᠬᠢᠨᠳᠠ ᠠᠭᠤᠳᠠᠯᠤᠨ ᠢᠯᠡᠷᠡᠭᠦᠯᠦᠭᠰᠡᠨ ᠪᠠᠶᠢᠨ᠎ᠠ᠃      ᠰᠢᠯᠤᠭᠤᠨ ᠬᠥᠬᠡ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠴᠠᠩ ᠴᠠᠩ ᠲᠢᠩ ᠬᠡᠯᠡᠬᠦ  ᠳᠡᠭᠡᠨ᠄ ︽ᠰᠤᠷᠤᠭᠴᠢᠳ ᠤᠨ ᠰᠤᠷᠤᠯᠭ᠎ᠠ ᠠᠮᠢᠳᠤᠷᠠᠯ᠂ ᠪᠡᠶ᠎ᠡ ᠰᠡᠳᠬᠢᠯ ᠤᠨ ᠡᠷᠡᠭᠦᠯ ᠮᠡᠨᠳᠦ ᠪᠣᠯ ᠮᠠᠨ ᠤ ᠪᠦᠬᠦ ᠨᠡᠶᠢᠭᠡᠮ ᠢᠶᠠᠷ ᠢᠶᠠᠨ ᠮᠠᠰᠢ ᠠᠩᠬᠠᠷᠴᠤ ᠪᠠᠶᠢᠭ᠎ᠠ ᠵᠦᠢᠯ ᠮᠥᠨ᠃ ᠪᠠᠭᠰᠢ ᠬᠦᠮᠦᠨ ᠪᠣᠯᠤᠭᠰᠠᠨ ᠤ ᠬᠤᠪᠢ ᠳᠤ᠂ ᠪᠢ ᠰᠤᠷᠤᠭᠴᠢᠳ ᠲᠠᠭᠠᠨ ᠵᠠᠮᠴᠢ ᠪᠤᠯᠵᠤ᠂ ᠲᠡᠳᠡᠨ ᠢ ᠵᠢᠯᠤᠭᠤᠳᠤᠨ ᠤᠯᠤᠰ ᠤᠨ ᠦᠭᠡ ᠬᠡᠯᠡ ᠦᠰᠦᠭ ᠪᠢᠴᠢᠭ ᠢ ᠰᠠᠶᠢᠳᠤᠷ ᠰᠤᠷᠭᠠᠵᠤ᠂ ᠰᠣᠶᠣᠯ ᠤᠨ ᠢᠲᠡᠭᠡᠯ ᠢ ᠨᠢ ᠨᠡᠮᠡᠭᠳᠡᠭᠦᠯᠦᠨ᠂ ᠲᠡᠳᠡᠨ ᠢ ᠪᠠᠶᠠᠷ ᠬᠦᠷ ᠲᠠᠢ ᠰᠤᠷᠤᠯᠴᠠᠬᠤ᠂ ᠡᠷᠡᠭᠦᠯ ᠢᠶᠠᠷ ᠦᠰᠦᠨ ᠪᠤᠶᠢᠵᠢᠬᠤ᠂ ᠴᠢᠳᠠᠪᠤᠷᠢᠲᠠᠨ ᠪᠤᠯᠵᠤ ᠬᠦᠮᠦᠵᠢᠭᠳᠡᠭᠦ ᠳᠤ ᠳᠤᠰᠠᠯᠠᠬᠤ ᠬᠡᠷᠡᠭᠳᠡᠢ ᠭᠡᠵᠦ ᠪᠤᠳᠤᠳᠠᠭ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠪᠢ ᠪᠠᠭᠰᠢ ᠰᠤᠷᠤᠭᠴᠢᠳ ᠤᠨ ᠰᠠᠨᠠᠯ ᠪᠤᠳᠤᠯ ᠢ ᠢᠯᠡᠭᠦᠬᠡᠨ ᠰᠣᠨᠣᠰᠴᠤ᠂ ᠨᠡᠶᠢᠭᠡᠮ ᠣᠯᠠᠨ ᠲᠦᠮᠡᠨ ᠤ ᠬᠦᠰᠡᠯ ᠡᠷᠡᠮᠡᠯᠵᠡᠯ ᠢ ᠢᠯᠡᠭᠦᠬᠡᠨ ᠪᠠᠶᠢᠴᠠᠭᠠᠨ ᠰᠤᠳᠤᠯᠵᠤ᠂ ᠬᠡᠰᠢᠬᠦᠨ ᠤ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠨ᠂ ᠡᠯ᠎ᠡ ᠲᠠᠯ᠎ᠠ ᠶᠢᠨ ᠬᠦᠴᠦᠨ ᠲᠠᠢ ᠬᠠᠮᠵᠢᠯᠴᠠᠵᠤ ᠪᠠᠶᠢᠭᠠᠳ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠬᠥᠭᠵᠢᠯᠲᠡ ᠳᠤ ᠠᠰᠢᠭ  ᠲᠠᠢ ᠨᠦᠬᠦᠴᠡᠯ ᠬᠠᠩᠭᠠᠵᠤ᠂ ᠮᠠᠨ ᠤ ᠬᠤᠰᠢᠭᠤᠨ ᠤ ᠰᠤᠷᠭᠠᠨ ᠬᠥᠮᠦᠵᠢᠯ ᠰᠣᠶᠣᠯ ᠤᠨ ᠬᠥᠭᠵᠢᠯᠲᠡ ᠳᠤ ᠬᠤᠪᠢ ᠨᠡᠮᠡᠷᠢ ᠪᠠᠨ ᠦᠵᠡᠬᠦᠯᠬᠦ ᠪᠠᠷ ᠴᠢᠷᠮᠠᠶᠢᠨ᠎ᠠ︾ ᠭᠡᠯ᠎ᠡ᠃     ᠴᠠᠩ ᠴᠠᠩ ᠲᠢᠩ ᠨᠡᠶᠢᠭᠡᠮ ᠳᠤ ᠡᠭᠦᠷᠭᠡᠯᠡᠵᠦ ᠪᠠᠶᠢᠭ᠎ᠠ ᠥᠪᠡᠷ ᠤᠨ ᠬᠠᠷᠢᠭᠤᠴᠠᠯᠭ᠎ᠠ ᠪᠠᠨ ᠢᠳᠡᠪᠬᠢᠳᠡᠢ ᠦᠢᠯᠡᠳᠦᠯᠭᠡᠵᠢᠬᠦᠯᠵᠦ᠂ ᠵᠢᠭᠠᠨ ᠰᠤᠷᠭᠠᠯᠳᠠ ᠶᠢᠨ ᠪᠠᠶᠠᠯᠢᠭ ᠳᠤᠷᠰᠢᠯᠭ᠎ᠠ ᠪᠠ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ ᠤ ᠡᠭᠦᠷᠭᠡ ᠲᠤᠰᠢᠶᠠᠯ ᠢᠶᠠᠨ ᠰᠠᠶᠢᠳᠤᠷ ᠪᠡᠶᠡᠯᠡᠭᠦᠯᠵᠦ ᠢᠷᠡᠭᠰᠡᠨ ᠢᠶᠠᠷ ᠰᠤᠷᠭᠠᠨ ᠬᠥᠮᠦᠵᠢᠯ ᠤᠨ ᠬᠦᠷᠢᠶᠡᠨ  ᠳᠠᠬᠢ ᠭᠠᠷᠮᠠᠭᠠᠢ ᠲᠥᠯᠥᠭᠡᠯᠡᠭᠴᠢ ᠪᠠ ᠬᠡᠪ ᠳᠠᠭᠤᠷᠢᠶᠠᠯ ᠪᠤᠯᠤᠭᠰᠠᠨ ᠪᠠᠶᠢᠨ᠎ᠠ᠃ ᠲᠡᠷᠡ ᠦᠷᠬᠦᠯᠵᠢᠯᠡᠨ ᠰᠤᠷᠭᠠᠨ ᠬᠥᠮᠦᠵᠢᠯ ᠤᠨ ᠦᠢᠯᠡᠰ ᠲᠤ ᠡᠷᠡᠮᠡᠬᠡᠶᠢᠯᠡᠨ ᠤᠷᠤᠭᠰᠢᠯᠠᠵᠤ᠂ ᠥᠪᠡᠷ ᠤᠨ ᠬᠡᠷᠡᠯ ᠭᠢᠯᠪᠠᠭ᠎ᠠ ᠪᠠᠷ ᠢᠶᠠᠨ ᠰᠤᠷᠤᠭᠴᠢᠳ  ᠤᠨ ᠢᠶᠠᠨ ᠰᠠᠷᠠᠭᠤᠯ ᠬᠠᠷᠭᠤᠢ ᠶᠢ ᠭᠡᠷᠡᠯᠳᠦᠭᠦᠯᠦᠨ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠤᠬᠡᠨ ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠢ ᠬᠥᠮᠦᠵᠢᠭᠦᠯᠵᠦ᠂ ᠲᠥᠪ ᠭᠤᠣᠯᠴᠢ᠂ ᠰᠢᠯᠢᠳᠡᠭ ᠰᠠᠶᠢᠬᠠᠨ᠂ ᠡᠶ᠎ᠡ ᠵᠣᠬᠢᠴᠠᠩᠭᠤᠢ ᠰᠤᠷᠭᠠᠨ ᠬᠥᠮᠦᠵᠢᠯ ᠤᠨ ᠤᠷᠴᠢᠨ ᠲᠤᠭᠤᠷᠢᠨ ᠢ ᠴᠣᠭᠴᠠᠯᠠᠬᠤ ᠶᠢᠨ ᠲᠥᠯᠥᠭᠡ ᠴᠥᠬᠦᠷᠡᠰᠢ ᠦᠬᠡᠢ ᠴᠢᠷᠮᠠᠶᠢᠵᠤ᠂ ᠥᠷᠭᠡᠨ ᠤᠯᠠᠨ ᠪᠠᠭᠰᠢ ᠪᠣᠯᠤᠨ ᠤᠯᠤᠰ ᠲᠦᠷᠤ ᠶᠢᠨ ᠵᠥᠪᠯᠡᠯᠭᠡᠨ ᠤ ᠭᠡᠰᠢᠭᠦᠳ ᠤᠨ ᠳᠤᠮᠳᠠ ᠪᠠᠨ ᠦᠯᠢᠬᠡᠷ ᠳᠠᠭᠤᠷᠢᠶᠠᠯ ᠤᠨ ᠦᠢᠯᠡᠳᠦᠯ ᠢᠶᠠᠨ ᠬᠦᠢᠴᠡᠳ ᠪᠠᠳᠠᠷᠠᠭᠤᠯᠵᠤ ᠶᠠᠪᠤᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号