ᠦᠨᠳᠦᠰᠦᠨ ᠱᠠᠲᠤᠨ ᠤ ᠡᠮᠦᠨ᠎ᠡ ᠹᠷᠣᠨᠲ ᠤᠨ ᠪᠠᠲᠤ ᠰᠠᠬᠢᠭᠴᠢ᠂ ᠠᠷᠠᠳ ᠲᠦᠮᠡᠨ ᠤ ᠰᠡᠳᠬᠢᠯ ᠤᠨ ᠦᠭᠡ | ᠶᠢ ᠰᠣᠨᠣᠰᠤᠭᠴᠢ ᠪᠠ ᠤᠯᠠᠮᠵᠢᠯᠠᠭᠴᠢ᠂ ᠨᠡᠩ ᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠵᠠᠮᠴᠢᠯᠠᠭᠴᠢ ᠪᠥᠭᠡᠥᠨ ᠤᠯᠠᠨ ᠲᠤᠰᠢᠶᠠᠯ ᠬᠠᠪᠰᠤᠷᠭᠠᠵᠤ᠂ ᠥᠪᠡᠷ ᠤᠨ ᠤᠶᠤᠨ ᠤᠬᠠᠭᠠᠨ᠂ ᠬᠠᠯᠠᠭᠤᠨ ᠰᠡᠳᠬᠢᠯᠭᠡ | ᠪᠣᠯᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠢᠶᠠᠨ ᠴᠢᠩ ᠹᠧᠩ ᠲᠣᠰᠬᠤᠨ ᠤ ᠰᠡᠳᠬᠢᠯ ᠬᠥᠳᠡᠯᠭᠡᠮᠡᠦᠯᠢᠭᠡᠷᠢ | ᠪᠤᠳᠠᠳᠤ ᠥᠢᠯᠡ ᠠᠵᠢᠯᠯᠠᠭ᠎ᠠ ᠪᠠᠷ ᠵᠶ᠋ᠠᠨᠪᠢᠴᠢᠭᠯᠡᠭᠰᠡᠨ ᠪᠠᠶᠢᠳᠠᠭ᠃ ᠡᠨᠡ ᠪᠣᠯ ᠳᠠᠷᠤᠢ ᠰᠢᠯᠤᠭᠤᠨ ᠬᠦᠬᠡ ᠬᠤᠰᠢᠭᠤᠨ | ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ | ᠬᠠᠪᠢᠷᠭ᠎ᠠ ᠪᠠᠯᠭᠠᠰᠤᠨ ᠤ ᠴᠢᠩ ᠹᠧᠩ ᠲᠣᠰᠬᠤᠨ ᠤ ᠨᠠᠮ ᠤᠨ ᠡᠭᠦᠷ ᠤᠨ ᠱᠦᠵᠢ ᠵᠠᠩ ᠲᠢ ᠪᠢᠨ ᠪᠣᠯᠤᠨ᠎ᠠ᠃ | ᠬᠠᠪᠢᠷᠭ᠎ᠠ ᠪᠠᠯᠭᠠᠰᠤᠨ ᠤ ᠴᠢᠩ ᠹᠧᠩ ᠲᠣᠰᠬᠤᠨ ᠤ ᠬᠤᠷᠠᠯ ᠤᠨ ᠬᠡᠷ ᠲᠤ ᠣᠷᠣᠬᠤ ᠳᠤ᠂ ᠵᠠᠩ ᠲᠢ ᠪᠢᠨ | ᠲᠣᠰᠬᠤᠨ ᠤ ᠠᠷᠠᠳ ᠲᠠᠢ ᠬᠠᠮᠲᠤ ᠲᠣᠰᠬᠤᠨ ᠤ ᠠᠷᠠᠳ ᠤᠨ ᠰᠠᠨᠠᠯ ᠬᠦᠰᠡᠯᠪᠠ ᠲᠣᠰᠬᠤᠨ ᠤ ᠬᠥᠭᠵᠢᠯᠲᠡ ᠤᠨ | ᠲᠣᠬᠠᠢ ᠶᠠᠷᠢᠵᠦ ᠪᠠᠶᠢᠯ᠎ᠠ᠃ | ᠵᠠᠩ ᠲᠢ ᠪᠢᠨ ᠪᠣᠯ ᠬᠠᠪᠢᠷᠭ᠎ᠠ ᠪᠠᠯᠭᠠᠰᠤᠨ ᠤ ᠴᠢᠩ ᠹᠧᠩ ᠲᠣᠰᠬᠤᠨ ᠤ ᠬᠥᠮᠦᠨ᠂ 2021 ᠣᠨ ᠳᠤ | ᠬᠠᠪᠢᠷᠭ᠎ᠠ ᠪᠠᠯᠭᠠᠰᠤᠨ ᠤ ᠴᠢᠩ ᠹᠧᠩ ᠲᠣᠰᠬᠤᠨ ᠤ ᠨᠠᠮ ᠤᠨ ᠡᠭᠦᠷ ᠤᠨ ᠱᠦᠵᠢ᠂ ᠵᠥᠪᠯᠡᠯ ᠤᠨ ᠡᠷᠬᠢᠯᠡᠭᠴᠢ ᠶᠢᠨ | ᠲᠤᠰᠢᠶᠠᠯ ᠢ ᠡᠬᠦᠷᠬᠡᠯᠡᠵᠦ᠂ ᠲᠤᠰᠢᠶᠠᠯ ᠳᠤ ᠪᠠᠶᠢᠬᠤ ᠬᠤᠭᠤᠴᠠᠭᠠᠨ ᠳᠠᠭᠠᠨ᠂ ᠲᠡᠷᠡ ᠣᠯᠠᠨ ᠲᠠᠢ ᠰᠡᠳᠬᠢᠯ ᠵᠢᠷᠦᠬᠡ | ᠪᠠᠨ ᠬᠤᠯᠪᠣᠵᠤ᠂ ᠭᠠᠮᠰᠢᠭ ᠤᠨ ᠡᠮᠦᠨ᠎ᠡ ᠭᠠᠪᠰᠢᠭᠠᠶᠢᠯᠠᠵᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠶᠡᠭᠡ | ᠪᠠᠷ ᠴᠡᠭᠴᠡᠯᠡᠨ ᠵᠠᠰᠠᠵᠠᠢ᠃ ᠲᠡᠷᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ | ᠦᠢᠯᠡᠳᠦᠯᠭᠡᠵᠢᠭᠦᠯᠵᠦ᠂ ᠦᠨᠳᠦᠰᠦᠨ ᠱᠠᠲᠤᠨ ᠤ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠪᠡ᠃ | ᠬᠠᠪᠢᠷᠭ᠎ᠠ ᠪᠠᠯᠭᠠᠰᠤᠨ ᠤ ᠴᠢᠩ ᠹᠧᠩ ᠲᠣᠰᠬᠤᠨ ᠤ ᠵᠢᠷᠭᠤᠳᠤᠭᠠᠷ ᠳᠤᠭᠤᠶᠢᠯᠠᠩ ᠤᠨ ᠲᠣᠰᠬᠤᠨ ᠤ ᠠᠷᠠᠳ | ᠴᠠᠢ ᠰᠢᠦ ᠧ᠄ ︽ᠵᠠᠩ ᠱᠦᠵᠢ ᠲᠤᠰᠢᠶᠠᠯ ᠳᠤ ᠭᠠᠷᠤᠭᠰᠠᠨ ᠠᠴᠠ ᠨᠠᠭᠠᠰᠢ᠂ ᠨᠠᠰᠤᠲᠠᠶᠢᠴᠤᠳ ᠢ ᠬᠠᠯᠠᠮᠵᠢᠯᠠᠨ | ᠬᠠᠶᠢᠷᠠᠯᠠᠬᠤ᠂ ᠬᠠᠮᠲᠤ ᠶᠢᠨ ᠠᠵᠤ ᠠᠬᠤᠢ ᠶᠢ ᠬᠥᠭᠵᠢᠭᠦᠯᠬᠦ᠂ ᠲᠣᠰᠬᠤᠨ ᠤ ᠳᠦᠷᠰᠦ ᠪᠠᠶᠢᠳᠠᠯ ᠢ ᠰᠠᠶᠢᠵᠢᠷᠠᠭᠤᠯᠬᠤ᠂ | ᠪᠠᠰᠠ ᠮᠠᠨ ᠤ ᠲᠣᠰᠬᠤᠨ ᠤ ᠡᠯ᠎ᠡ ᠵᠦᠢᠯ ᠤᠨ ᠶᠡᠭᠡ ᠪᠠᠭ᠎ᠠ ᠣᠴᠢᠷ ᠶᠠᠪᠤᠳᠠᠯ ᠢ ᠬᠠᠯᠠᠮᠵᠢᠯᠠᠨ ᠰᠢᠢᠥᠠᠪᠤᠷᠢᠯᠡᠳᠡᠭ᠃ | ᠪᠢᠳᠡ ᠪᠦᠷ ᠲᠡᠭᠦᠨ ᠢ ᠬᠥᠨᠳᠥᠥᠠᠭᠡᠨ ᠲᠠᠯᠠᠷᠬᠠᠵᠦ ᠶᠠᠪᠣᠳᠠᠭ︾ ᠬᠡᠯᠡ᠃ | ︽ᠴᠢᠩ ᠹᠧᠩ ᠲᠣᠰᠬᠤᠨ︾ ᠢ ᠡᠶ᠎ᠡ ᠵᠣᠬᠢᠴᠠᠩᠭᠤᠢ ᠶᠡᠭᠡ ᠭᠡᠷ ᠪᠦᠯᠢ ᠪᠣᠯᠭᠠᠬᠤ ᠶᠢᠨ ᠲᠥᠯᠥᠭᠡ᠂ ᠵᠠᠩ ᠲᠢ | ᠪᠢᠨ ᠨᠠᠮ ᠤᠨ ᠪᠠᠶᠢᠭᠤᠯᠤᠯᠲᠠ ᠪᠠᠷ ᠵᠢᠯᠤᠭᠤᠳᠤᠯᠭ᠎ᠠ ᠪᠣᠯᠭᠠᠵᠤ᠂ ᠲᠣᠰᠬᠤᠨ ᠤ ︽ᠬᠤᠶᠠᠷ ᠵᠥᠪᠯᠡᠯ︾ ᠤᠨ | ᠤᠳᠤᠷᠢᠳᠬᠤ ᠪᠠᠭ ᠢ ᠳᠠᠭᠠᠭᠤᠯᠤᠨ ᠴᠢᠩ ᠹᠧᠩ ᠲᠣᠰᠬᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ | ᠶᠢᠨ ᠵᠢᠷᠤᠮᠵᠢᠭᠰᠠᠨ ︽ᠵᠢᠱᠢᠶ᠎ᠡ ᠦᠵᠡᠭᠦᠯᠬᠦ ᠲᠠᠷᠢᠶ᠎ᠠ︾ ᠶᠢᠨ ᠬᠡᠷᠡᠭᠵᠢᠭᠦᠯᠬᠦ ᠲᠥᠰᠦᠯ ᠪᠠ︽ᠨᠠᠷᠢᠨ ᠲᠠᠩᠰᠠ᠂ | ᠬᠢᠴᠢᠶᠡᠯ ᠤᠨ ᠲᠠᠩᠬᠢᠮ᠂ ᠰᠦᠯᠵᠢᠶ᠎ᠡ︾ ᠶᠢᠨ ᠠᠵᠢᠯ ᠤᠨ ᠲᠣᠭᠲᠠᠴᠠ ᠶᠢ ᠲᠤᠠᠠᠳᠠᠭᠠᠨ ᠬᠡᠷᠡᠭᠵᠢᠭᠦᠯᠵᠦ ᠢᠷᠡᠪᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠪᠣᠯᠤᠭᠰᠠᠨ ᠤ ᠬᠤᠪᠢ ᠳᠤ᠂ ᠵᠠᠩ ᠲᠢ | ᠪᠢᠨ ︽ᠨᠢᠭᠡ ᠮᠥᠷᠥᠨ ᠤ ᠡᠭᠦᠷᠭᠡᠯᠡᠬᠦ︾ ᠭᠤᠣᠯᠯᠠᠭᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠠᠨ | ᠲᠦᠮᠡᠨ ᠤ ᠰᠠᠨᠠᠯ ᠢ ᠢᠳᠡᠪᠬᠢᠲᠡᠢ ᠬᠤᠷᠢᠶᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠭᠤᠴᠠᠭᠠᠨ ᠳᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠨᠥᠬᠦᠴᠡᠯ ᠢ ᠰᠠᠶᠢᠵᠢᠷᠠᠭᠤᠯᠬᠤ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠲᠥᠬᠦᠭᠡᠷᠦᠮᠵᠢ ᠶᠢ ᠣᠷᠣᠭᠤᠯᠬᠤ᠂ ᠴᠢᠩ ᠹᠧᠩ ᠲᠣᠰᠬᠤᠨ | ᠤ ᠤᠤᠭᠤᠬᠤ ᠤᠰᠤᠨ ᠤ ᠠᠮᠤᠷ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠶᠢᠨ ᠰᠠᠨᠠᠯ ᠰᠠᠨᠠᠭᠤᠯᠭ᠎ᠠ ᠲᠣᠰᠬᠠᠵᠠᠢ᠃ | ᠲᠡᠷᠡ ᠲᠥᠯᠥᠭᠡᠯᠡᠭᠴᠢᠳ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠲᠡᠷᠢᠭᠦᠨ ᠤ ᠲᠤᠷᠰᠢᠯᠭ᠎ᠠ ᠶᠢ | ᠰᠤᠷᠤᠯᠴᠠᠵᠤ᠂ ᠬᠥᠳᠡᠭᠡ ᠲᠣᠰᠬᠤᠨ ᠤ ᠬᠥᠭᠵᠢᠯᠲᠡ ᠳᠤ ᠠᠷᠭ᠎ᠠ ᠤᠬᠠᠭᠠᠨ ᠭᠠᠷᠭᠠᠵᠤ ᠦᠭᠭᠦᠭᠰᠡᠨ᠃ ᠲᠡᠷᠡ ᠤᠳᠤ | ᠦᠶ᠎ᠡ ᠶᠢᠨ ᠲᠦᠬᠦᠭᠡᠷᠤᠮᠵᠢᠳᠤ ᠲᠠᠷᠢᠶᠠᠯᠠᠩ ᠤᠨ ᠬᠥᠭᠵᠢᠯᠲᠡ ᠶᠢᠨ ᠠᠷᠭ᠎ᠠ ᠵᠠᠮ ᠢ ᠵᠣᠷᠢᠭᠲᠠᠢ ᠰᠦᠪᠡᠭᠴᠢᠯᠡᠵᠦ᠂ | ᠮᠥᠭᠦ ᠲᠠᠷᠢᠬᠤ ᠪᠠ ᠮᠢᠬᠠᠨ ᠤ ᠦᠬᠡᠷ ᠲᠡᠵᠢᠭᠡᠬᠦ ᠬᠤᠶᠠᠷ ᠶᠡᠭᠡ ᠤᠨᠴᠠᠯᠢᠬᠳᠤ ᠠᠵᠤ ᠦᠢᠯᠡᠰ ᠤᠨ ᠲᠦᠷᠦᠯ ᠵᠦᠢᠯ ᠢ | ᠴᠢᠩ ᠹᠧᠩ ᠲᠣᠰᠬᠤᠨ ᠳᠤ ᠨᠠᠶᠢᠳᠠᠪᠣᠷᠢᠵᠢᠭᠤᠯᠵᠦ᠂ ᠡᠨᠡᠬᠦ ᠪᠠᠷᠢᠮᠵᠢᠶᠠᠵᠢᠭᠰᠠᠨ 68 ᠰᠠᠭᠤᠷᠢ ᠮᠦᠬᠦ ᠲᠡᠵᠢᠭᠡᠨ | ᠦᠷᠡᠵᠢᠭᠦᠯᠬᠦ ᠬᠦᠯᠡᠮᠵᠢ᠂ 17000 ᠰᠢᠬᠠᠮ ᠲᠡᠭᠰᠢ ᠳᠥᠷᠪᠡᠯᠵᠢᠨ ᠮᠧᠲᠷ ᠪᠦᠬᠦᠢ ᠬᠤᠶᠠᠷ ᠰᠠᠭᠤᠷᠢ ᠦᠬᠡᠷ ᠤᠨ | ᠬᠠᠰᠢᠶ᠎ᠠ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ | ᠨᠡᠮᠡᠷᠢᠯᠡᠭᠰᠡᠨ ᠪᠠᠶᠢᠨ᠎ᠠ᠃ | ᠵᠠᠩ ᠲᠢ ᠪᠢᠨ᠄ ︽2024 ᠣᠨ ᠳᠤ᠂ ᠮᠠᠨ ᠤ ᠴᠢᠩ ᠹᠧᠩ ᠲᠣᠰᠬᠤᠨ 17 ᠰᠠᠭᠤᠷᠢ ᠪᠠᠷᠢᠮᠵᠢᠶᠠᠵᠢᠭᠰᠠᠨ | ᠬᠦᠯᠡᠮᠵᠢ ᠵᠢᠨᠮᠥ᠋ᠭᠦ ᠲᠠᠷᠢᠬᠤ ᠰᠠᠭᠤᠷᠢᠨ ᠢ ᠰᠢᠨ᠎ᠡ ᠪᠠᠷ ᠪᠠᠶᠢᠭᠤᠯᠵᠤ᠂ ᠮᠠᠨ ᠤ ᠬᠠᠮᠲᠤ ᠶᠢᠨ ᠣᠷᠣᠯᠭ᠎ᠠ ᠵᠢᠯ ᠪᠦᠷᠢ | 3 ᠲᠦᠮᠡᠨ ᠲᠥᠭᠦᠷᠢᠭ ᠨᠡᠮᠡᠭᠳᠡᠵᠡᠢ᠃ ᠪᠢᠳᠡᠨ ᠳᠤ ᠪᠠᠰᠠ ᠨᠢᠭᠡ ᠮᠢᠬᠠᠨ ᠤ ᠦᠬᠡᠷ ᠤᠨ ᠠᠵᠤ ᠦᠶᠯᠡᠰ ᠪᠠᠶᠢᠵᠦ᠂ | ᠣᠳᠣᠬᠠᠨ ᠳᠤ19 ᠦᠬᠡᠷ ᠪᠠᠶᠢᠨ᠎ᠠ᠃ ᠡᠨᠡ ᠵᠢᠯ ᠮᠠᠨ ᠤ ᠴᠢᠩ ᠹᠧᠩ ᠲᠣᠰᠬᠤᠨ ᠤ ᠴᠢᠩ ᠹᠧᠩ ᠭᠤᠣᠯ ᠢ | ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠨᠢᠭᠡᠨᠲᠡ ᠳᠠᠭᠤᠰᠤᠭᠰᠠᠨ᠃ ᠲᠠᠷᠠᠭᠠᠴᠢ ᠶᠢᠨ ᠠᠯᠬᠤᠮ ᠳᠤ ᠪᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠷᠬᠢᠮ ᠨᠠᠠᠳᠢᠨ ᠡᠬᠦᠷᠭᠡ ᠪᠠᠨ ᠪᠠᠲᠤ | ᠴᠡᠭᠡᠵᠢᠯᠡᠵᠦ᠂ ᠴᠠᠭ ᠢᠮᠠᠭᠲᠠ ᠭᠠᠵᠠᠷ ᠪᠣᠯᠭᠠᠨ ᠳᠤ ᠠᠷᠠᠳ ᠲᠦᠮᠡᠨ ᠤ ᠲᠥᠯᠥᠭᠡ ᠦᠭᠡ ᠬᠡᠯᠡᠵᠦ᠂ ᠤᠯᠠᠨ | ᠲᠦᠮᠡᠨ ᠤ ᠲᠥᠯᠥᠭᠡ ᠦᠭᠡ ᠶᠠᠷᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ ᠠᠰᠢᠭ ᠲᠤᠰᠠ ᠶᠢ | ᠬᠠᠮᠠᠭᠠᠯᠠᠨ᠎ᠠ︾ ᠬᠡᠯᠡ᠃ | ᠵᠠᠩ ᠲᠢ ᠪᠢᠨ ᠳᠤ ᠠᠪᠴᠤ ᠬᠡᠯᠡᠪᠡᠯ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠠᠰᠠᠯᠲᠠ ᠶᠢᠨ | ᠠᠵᠢᠯ ᠡᠭᠦᠷᠢᠳᠡ ᠵᠤᠬᠰᠤᠰᠢ ᠦᠭᠡᠢ ᠶᠤᠮ᠃ ᠲᠡᠬᠦᠨ ᠤ ᠦᠨᠳᠦᠰᠦᠨ ᠱᠠᠲᠤᠨ ᠳᠤ ᠦᠨᠳᠦᠰᠦᠯᠡᠵᠦ᠂ ᠤᠯᠠᠨ | ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ ᠠᠵᠢᠯᠯᠠᠵᠤ ᠪᠠᠶᠢᠳᠠᠭ ᠬᠠᠷᠠᠮ ᠦᠭᠡᠢ ᠵᠣᠷᠢᠭ ᠰᠠᠨᠠᠭ᠎ᠠ ᠨᠢ ᠬᠥᠮᠥᠨ | ᠠᠷᠠᠥᠨ ᠤᠨ ᠢᠶᠠᠨ ᠰᠡᠥᠠᠬᠢᠯ ᠤᠨ ᠥᠨᠳᠥᠷ ᠲᠤ ᠬᠥᠷᠴᠤ ᠪᠢᠯᠡ᠃ | |