ᠶᠠᠩ ᠴᠢ ᠮᠢᠩ ᠤᠯᠤᠰ ᠳᠦᠷᠦ ᠶᠢᠨ ᠵᠥᠪᠯᠡᠯᠭᠡᠨ ᠤ ᠭᠡᠰᠢᠭᠦᠨ ᠤ ᠡᠬᠦᠷᠬᠡ ᠲᠤᠰᠢᠶᠠᠯ ᠢᠶᠠᠨ ᠭᠦᠢᠴᠡᠳᠬᠡᠨ᠎ᠡ
ᠨᠡᠶᠢᠲᠡᠯᠡᠭᠰᠡᠨ ᠴᠠᠭ᠄
2024/12/18
      ᠶᠠᠩ ᠴᠢ ᠮᠢᠩ ᠪᠣᠯ ᠰᠢᠯᠤᠭᠤᠨ ᠬᠥᠬᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠮᠥᠨ ᠴᠦ ᠰᠢᠯᠤᠭᠤᠨ ᠬᠥᠬᠡ ᠬᠤᠰᠢᠭᠤᠨ ᠤ ᠴᠢ ᠮᠢᠩ ᠮᠣᠩᠭᠤᠯ ᠭᠡᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠪᠣᠯᠤᠨ᠎ᠠ᠃ ᠠᠵᠤ ᠠᠬᠤᠶᠢᠯᠠᠯᠲᠠᠨ ᠪᠣᠯᠤᠭᠰᠠᠨ  ᠤ ᠬᠤᠪᠢ ᠳᠤ᠂ ᠲᠡᠷᠡ ᠦᠨᠡᠨᠴᠢ ᠢᠲᠡᠭᠡᠮᠵᠢᠲᠡᠶ ᠪᠠᠷ ᠬᠤᠰᠢᠭᠤ ᠨᠤᠲᠤᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤᠮᠳᠠ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠣ ᠪᠣᠢ᠃ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠲᠡᠷᠡ ᠠᠷᠠᠳ ᠲᠦᠮᠡᠨ ᠳᠤ ᠦᠢᠯᠡᠴᠢᠯᠡᠬᠦ ᠤᠭ ᠰᠠᠨᠠᠭ᠎ᠠ ᠪᠠᠨ ᠪᠠᠷᠢᠮᠲᠠᠯᠠᠵᠤ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠬᠡᠰᠢᠬᠦᠨ ᠤ ᠡᠭᠦᠷᠭᠡᠯᠡᠯ ᠲᠠᠢ ᠭᠦᠨᠵᠡᠭᠡᠢ ᠠᠭᠤᠰᠤᠯᠴᠠᠭᠤᠯᠵᠤ᠂ ᠢᠳᠡᠪᠬᠢᠲᠡᠢ ᠪᠠᠷ ᠲᠦᠷᠦ ᠶᠢᠨ ᠶᠠᠪᠤᠳᠠᠯ ᠳᠤ ᠣᠷᠣᠯᠴᠠᠨ ᠲᠦᠷᠦ  ᠶᠢᠨ ᠶᠠᠪᠤᠳᠠᠯ ᠢ ᠵᠥᠪᠯᠡᠵᠦ᠂ ᠬᠠᠷᠢᠭᠤᠴᠠᠯᠭᠠᠲᠤ ᠰᠡᠳᠬᠢᠯᠭᠡ ᠪᠠᠷ ᠨᠢᠭᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠲᠤᠰᠢᠶᠠᠯ ᠬᠠᠷᠢᠭᠤᠴᠠᠯᠭ᠎ᠠ ᠪᠠᠨ ᠬᠥᠢᠴᠡᠳᠬᠡᠵᠣ ᠪᠠᠶᠢᠨ᠎ᠠ᠃     ᠰᠤᠷᠪᠤᠯᠵᠢᠯᠠᠭᠴᠢ ᠰᠢᠯᠤᠭᠤᠨ ᠬᠥᠬᠡ ᠬᠤᠰᠢᠭᠤᠨ ᠤ ᠴᠢ ᠮᠢᠩ ᠮᠣᠩᠭᠤᠯ ᠭᠡᠷ ᠤᠨ ᠦᠶᠯᠡᠳᠪᠦᠷᠢ ᠳᠤ ᠬᠦᠷᠬᠦ  ᠳᠤ᠂ ᠠᠵᠢᠯᠲᠠᠳ ᠶᠠᠭᠠᠷᠠᠯᠲᠠᠶ ᠠᠵᠢᠯᠴᠠᠭᠠᠵᠠᠦ᠂ ᠰᠡᠶᠢᠯᠬᠦ᠂ ᠦᠷᠦᠬᠦ᠂ ᠬᠠᠳᠠᠭᠠᠬᠤ ᠵᠡᠷᠭᠡ ᠠᠵᠢᠯ ᠨᠢ ᠡᠮᠬᠢ ᠴᠡᠭᠴᠡ  ᠲᠠᠢ ᠶᠠᠪᠤᠭᠳᠠᠵᠤ ᠪᠠᠶᠢᠯ᠎ᠠ᠃ ᠲᠤᠰ ᠠᠵᠤ ᠠᠬᠤᠶᠢᠯᠠᠯ 2012 ᠣᠨ ᠳᠤ ᠪᠠᠶᠢᠭᠤᠯᠤᠭᠳᠠᠵᠤ᠂ 2020 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠨᠡᠶᠢᠲᠡᠯᠢᠭ ᠨᠢᠭᠡᠴᠡ᠂ ᠬᠤᠰᠢᠭᠤ ᠦᠨᠳᠦᠰᠦᠲᠡᠨ ᠤ ᠪᠦᠯᠬᠦᠮᠳᠡᠯ ᠤᠨ ᠲᠡᠷᠢᠭᠦᠨ ᠤ ᠨᠢᠭᠡᠴᠡ ᠪᠠᠷ ᠦᠨᠡᠯᠡᠭᠳᠡᠵᠡᠢ᠃ᠲᠤᠰ ᠥᠢᠯᠡᠥᠠᠪᠤᠷᠢ ᠶᠢᠨ ᠦᠶᠯᠡᠳᠬᠦᠨ ᠨᠢ ᠪᠥᠬᠡᠯᠢᠭ᠂ ᠤᠭᠰᠠᠷᠠᠬᠤ ᠳᠤ ᠠᠮᠢᠳᠤᠯᠢᠭ᠂ ᠭᠤᠶᠣ ᠬᠡᠭᠡᠨᠴᠢᠷ ᠠᠭᠤᠵᠢᠮ ᠪᠠᠭᠳᠠᠭᠠᠮᠵᠢᠳᠠᠢ ᠵᠡᠷᠭᠡ ᠣᠨᠴᠠᠯᠢᠭ ᠲᠠᠢ ᠮᠦᠷᠳᠡᠬᠡᠨ ᠦᠨᠳᠦᠰᠦᠲᠡᠨ ᠤ ᠣᠨᠴᠠᠯᠢᠭ ᠪᠠ ᠪᠣᠳᠠᠲᠤ ᠬᠡᠷᠡᠭᠯᠡᠭᠡᠨ ᠤ ᠦᠨ᠎ᠡ ᠥᠷᠲᠡᠭ ᠲᠠᠢ ᠪᠠᠶᠢᠵᠤ ᠂ ᠤᠷᠢᠳ ᠬᠤᠵᠢᠳ ᠪᠡᠭᠡᠵᠢᠩ᠂ ᠱᠠᠩᠬᠠᠶ ᠵᠡᠷᠭᠡ ᠭᠠᠵᠠᠷ ᠲᠤ ᠪᠣᠷᠣᠯᠠᠭᠤᠯᠭ᠎ᠠ ᠰᠠᠶᠢᠲᠠᠶ ᠪᠠᠶᠢᠵᠤ᠂ ᠠᠯᠬᠤᠮ ᠠᠯᠬᠤᠮ  ᠢᠶᠠᠷ ᠳᠡᠯᠡᠬᠡᠶ ᠳᠤ ᠬᠠᠨᠳᠣᠭᠤᠯᠵᠦ ᠪᠣᠢ᠃     ᠶᠠᠩ ᠴᠢ ᠮᠢᠩ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢᠶᠠᠷ ᠰᠣᠩᠭᠤᠭᠳᠠᠭᠰᠠᠨ ᠠᠴᠠ ᠨᠠᠰᠢ᠂ ᠨᠢᠬᠡᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠴᠠᠭ ᠢᠮᠠᠭᠲᠠ ᠪᠠᠲᠤ ᠴᠡᠭᠡᠵᠢᠯᠡᠵᠦ᠂ ᠢᠳᠡᠪᠬᠢᠲᠡᠶ ᠪᠠᠶᠢᠴᠠᠭᠠᠨ ᠰᠤᠳᠤᠯᠤᠯᠲᠠ ᠬᠢᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠣᠨ᠂ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠤᠨ ᠲᠣᠭᠤᠷᠢᠨ ᠳᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠠᠭᠤᠯᠤᠭᠰᠠᠨ ᠰᠠᠨᠠᠯ ᠳᠤᠷᠠᠳᠤᠯᠭ᠎ᠠ ᠨᠤᠭᠤᠳ ᠲᠡᠪᠰᠢᠭᠦᠯᠪᠡ᠃      ᠶᠠᠩ ᠴᠢ ᠮᠢᠩ ᠬᠡᠯᠡᠬᠦ ᠳᠡᠭᠡᠨ᠄ ︽ᠨᠤᠲᠤᠭ ᠤᠨ ᠠᠵᠤ ᠠᠬᠤᠶᠢᠯᠠᠯᠲᠠᠨ ᠪᠣᠯᠤᠭᠰᠠᠨ ᠤ ᠬᠤᠪᠢ ᠳᠤ᠂ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠵᠤ᠂ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢᠨ ᠬᠠᠮᠲᠤ᠂ ᠢᠳᠡᠪᠬᠢᠲᠡᠢ ᠪᠠᠷ ᠦᠢᠯᠡᠴᠢᠯᠡᠵᠤ ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢ ᠦᠶᠯᠡᠳᠦᠯᠭᠡᠵᠢᠭᠦᠯᠵᠦ᠂ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠬᠡᠯ᠎ᠡ᠃ ᠲᠡᠷᠡ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ ᠦᠢᠯᠡᠰ ᠢ ᠥᠪᠡᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠬᠤᠯᠠ ᠠᠵᠢᠯ ᠵᠶ᠋ᠠᠷ‌ᠦᠵᠡᠵᠦ᠂ ᠪᠦᠲᠦᠭᠡᠯᠴᠢ ᠴᠢᠨᠠᠷᠲᠠᠢ ᠰᠠᠨᠠᠭᠤᠯᠭ᠎ᠠ ᠪᠠ ᠲᠥᠰᠦᠯ ᠳᠤᠷᠠᠳᠴᠤ᠂ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠲᠠᠪᠰᠢᠯᠳᠠ ᠪᠠ ᠨᠡᠶᠢᠭᠡᠮ ᠤᠨ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠵᠣ᠂ ᠲᠡᠭᠦᠨ ᠤ ᠴᠢᠷᠮᠠᠶᠢᠯᠭ᠎ᠠ ᠨᠢ ᠬᠤᠪᠢ ᠬᠥᠮᠦᠨ ᠤ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ  ᠶᠢ ᠢᠯᠡᠷᠡᠭᠦᠯᠦᠭᠰᠡᠨ ᠢᠶᠠᠷ ᠪᠠᠷᠠᠬᠤ ᠥᠭᠡᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠨᠡᠶᠢᠭᠡᠮ ᠤᠨ ᠲᠠᠪᠰᠢᠯᠳᠠ ᠶᠢ ᠠᠬᠢᠭᠤᠯᠬᠤ ᠳᠤᠮᠳᠠᠬᠢ ᠢᠳᠡᠪᠬᠢᠲᠡᠢ ᠦᠢᠯᠡᠳᠦᠯ ᠢ ᠬᠠᠷᠠᠭᠤᠯᠥᠯ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号