ᠰᠢᠯᠤᠭᠤᠨ ᠬᠥᠬᠡ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶ᠎ᠠ
ᠨᠡᠶᠢᠲᠡᠯᠡᠭᠰᠡᠨ ᠴᠠᠭ᠄
2024/2/27
    ᠰᠢᠯᠤᠭᠤᠨ ᠬᠥᠬᠡ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠠᠶᠢᠭᠤᠯᠤᠮᠵᠢ ᠶᠢᠨ ᠥᠭᠡᠷᠡᠴᠢᠯᠡᠯᠲᠡ ᠳᠤᠮᠳᠠ ᠤᠤᠯ ᠤᠨ ᠤᠯᠤᠰ ᠠᠴᠠ ᠭᠠᠵᠠᠷ ᠰᠢᠷᠣᠶ ᠡᠬᠢ ᠪᠠᠶᠠᠯᠢᠭ ᠤᠨ ᠲᠣᠪᠴᠢᠶ᠎ᠠ ᠨᠡᠷ᠎ᠡ ᠪᠠᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠡᠵᠦ ᠬᠠᠯᠠᠵᠠᠶ᠃ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠲᠤ ᠬᠠᠷᠢᠶᠠᠯᠠᠭᠳᠠᠨ᠎ᠠ᠃ ᠳᠣᠲᠣᠭᠠᠳᠤ ᠳᠠᠭᠠᠨ ᠶᠡᠷᠦᠩᠬᠡᠶᠢᠯᠡᠭᠰᠡᠨ ᠠᠯᠪᠠᠨ ᠭᠡᠷ᠂ ᠪᠠᠶᠢᠭᠠᠯᠢ ᠶᠢᠨ ᠡᠬᠢ ᠪᠠᠶᠠᠯᠢᠭ ᠤᠨ ᠥᠮᠴᠢᠯᠡᠭᠴᠢ ᠶᠢᠨ ᠡᠷᠬᠡ ᠠᠰᠢᠭ ᠬᠢᠭᠡᠳ ᠬᠡᠷᠡᠭᠴᠡᠭᠡ ᠶᠢ ᠵᠠᠬᠢᠷᠤᠨ ᠬᠠᠮᠢᠶᠠᠷᠴᠤ ᠨᠡᠭᠡᠭᠡᠨ ᠠᠰᠢᠭᠯᠠᠬᠤ ᠲᠠᠰᠤᠭ᠂ ᠤᠯᠤᠰ ᠎ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠲᠠᠰᠤᠭ᠂ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠨ ᠬᠢᠨᠠᠨ ᠬᠡᠮᠵᠢᠵᠦ ᠡᠷᠬᠡ ᠶᠢ ᠨᠤᠲᠠᠯᠠᠨ ᠳᠠᠩᠰᠠᠯᠠᠬᠤ ᠵᠢᠴᠢ ᠬᠡᠮᠵᠢᠨ ᠵᠢᠷᠤᠭᠯᠠᠬᠤ ᠲᠠᠰᠤᠭ᠂ ᠠᠭᠤᠷᠬᠠᠢ ᠶᠢᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠵᠢᠴᠢ ᠤᠯᠤᠰ ᠎ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢ ᠰᠡᠷᠭᠦᠭᠡᠬᠦ ᠲᠠᠰᠤᠭ᠂ ᠲᠥᠷᠥ ᠶᠢᠨ ᠪᠣᠳᠣᠯᠭ᠎ᠠ  ᠬᠠᠤᠯᠢ ᠲᠣᠭᠲᠠᠭᠠᠯ ᠬᠢᠭᠡᠳ ᠬᠠᠤᠯᠢ ᠬᠡᠷᠡᠭᠵᠢᠭᠦᠯᠵᠦ ᠬᠢᠨᠠᠨ ᠪᠠᠶᠢᠴᠠᠭᠠᠬᠤ ᠳᠠᠰᠤᠭ ᠵᠡᠷᠭᠡ 6 ᠡᠭᠦᠷᠭᠡ ᠴᠢᠳᠠᠪᠤᠷᠢᠲᠤ ᠲᠠᠰᠤᠭ ᠭᠠᠷᠭᠠᠵᠤ᠂  ᠳᠣᠣᠷ᠎ᠠ ᠪᠠᠨ ᠥᠯᠥ ᠬᠥᠳᠡᠯᠬᠦ ᠬᠥᠷᠥᠩᠭᠡ ᠎ ᠶᠢ  ᠳᠠᠩᠰᠠᠯᠠᠬᠤ ᠲᠥᠪ ᠪᠠ  ᠬᠠᠤᠯᠢ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠬᠤ ᠶᠡᠭᠡ ᠠᠩᠭᠢ ᠭᠡᠵᠦ ᠬᠤᠶᠠᠷ ᠬᠤᠶᠠᠳᠤᠭᠠᠷ ᠳᠡᠰ ᠤᠨ ᠠᠵᠢᠯ ᠦᠶ᠋ᠯᠡᠰ ᠤᠨ ᠨᠢᠭᠡᠴᠡ᠂  ᠶᠢᠰᠣᠨ ᠦᠨᠳᠦᠰᠦᠨ  ᠱᠠᠲᠣᠨ ᠤ ᠰᠠᠯᠪᠤᠷᠢ ᠭᠠᠷᠭᠠᠪᠠ᠃ ᠣᠳᠣᠬᠠᠨ ᠳᠤ ᠲᠣᠪᠴᠢᠶᠠᠨ ᠳᠤ ᠵᠠᠰᠠᠭ ᠵᠠᠬᠢᠷᠭᠠᠨ ᠤ ᠪᠠᠶᠢᠭᠤᠯᠭ᠎ᠠ  ᠶᠢᠨ ᠬᠢᠨᠠᠨ ᠳᠤᠭᠲᠠᠭᠠᠭᠰᠠᠨ ᠣᠷᠣᠨ ᠲᠤᠭ᠎ᠠ 13 ᠨᠡᠷ᠎ᠡ ᠪᠠᠶᠢᠵᠦ᠂  ᠡᠭᠦᠨ ᠳᠤ ᠠᠵᠢᠯᠯᠠᠵᠤ ᠪᠠᠶᠢᠭ᠎ᠠ ᠣᠷᠣᠨ ᠲᠤᠭ᠎ᠠ ᠨᠢ 12 ᠬᠥᠮᠦᠨ᠂ ᠠᠯᠪᠠᠨ ᠶᠠᠪᠤᠳᠠᠯ ᠳᠤ  ᠣᠷᠣᠯᠴᠠᠭᠰᠠᠨ10 ᠬᠥᠮᠦᠨ᠂ ᠠᠵᠢᠯ ᠦᠢᠯᠡᠰ ᠤᠨ ᠨᠢᠭᠡᠴᠡ ᠶᠢᠨ ᠠᠵᠢᠯ ᠳᠤ ᠪᠠᠶᠢᠭ᠎ᠠ ᠠᠵᠢᠯᠲᠠᠨ 26 ᠬᠥᠮᠦᠨ᠂ ᠡᠭᠦᠨ ᠳᠤ᠄ ᠨᠠᠮ ᠤᠨ ᠬᠡᠰᠢᠭᠦᠨ32 ᠬᠥᠮᠦᠨ᠂ ᠠᠵᠢᠯ ᠳᠤ ᠪᠠᠶᠢᠭ᠎ᠠ ᠨᠠᠮ ᠤᠨ ᠭᠡᠰᠢᠭᠦᠨ 26 ᠬᠥᠮᠦᠨ᠂  ᠠᠵᠢᠯ ᠤᠨ ᠠᠮᠠᠷᠠᠯᠲᠠ ᠪᠠᠨ ᠠᠪᠤᠭᠰᠠᠨ ᠨᠠᠮ ᠤᠨ ᠭᠡᠰᠢᠭᠦᠨ 6 ᠬᠥᠮᠦᠨ ᠪᠠᠶᠢᠨ᠎ᠠ᠃      ᠭᠤᠤᠯ ᠡᠭᠦᠷᠭᠡ ᠬᠠᠷᠢᠭᠤᠴᠠᠯᠭ᠎ᠠ ᠄ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠠᠯ᠎ᠠ ᠪᠠᠷ ᠬᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ  ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠠᠷᠠᠳ ᠨᠡᠶᠢᠲᠡ ᠶᠢᠨ ᠥᠮᠴᠢᠯᠡᠯ ᠤᠨ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ᠂ ᠤᠢ ᠰᠢᠭᠤᠶ᠂ ᠨᠤᠲᠤᠭ ᠪᠡᠯᠴᠢᠭᠡᠷ᠂ ᠴᠢᠭᠢᠭᠯᠢᠭ ᠭᠠᠵᠠᠷ᠂ ᠤᠰᠤ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠥᠮᠴᠢᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠ ᠪᠤᠢ ᠪᠦᠬᠦᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠬᠡᠷᠡᠭᠴᠡᠭᠡ ᠶᠢ ᠵᠠᠬᠢᠷᠤᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠶᠢ ᠭᠦᠶ᠋ᠴᠡᠳᠬᠡᠨ᠎ᠡ᠃ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠶᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠶ ᠨᠤᠲᠠᠯᠠᠨ ᠲᠣᠭᠲᠠᠭᠠᠬᠤ ᠪᠠ ᠥᠯᠥ ᠬᠥᠳᠡᠯᠬᠦ ᠬᠥᠷᠥᠩᠭᠡ  ᠶᠢᠨ ᠡᠷᠬᠡ ᠶᠢ ᠨᠤᠲᠠᠯᠠᠨ ᠳᠠᠩᠰᠠᠯᠠᠬᠤ ᠠᠵᠢᠯ᠃ ᠤᠯᠤᠰ ᠠᠴᠠ ᠲᠣᠭᠲᠠᠭᠠᠭᠰᠠᠨ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ᠂ ᠡᠷᠬᠡ ᠶᠢᠨ ᠬᠠᠷᠢᠶ᠎ᠠ ᠶᠢ ᠪᠠᠶᠢᠴᠠᠭᠠᠬᠤ᠂ ᠥᠯᠥ ᠬᠥᠳᠡᠯᠬᠦ ᠬᠥᠷᠥᠩᠭᠡ ᠶᠢ ᠬᠡᠮᠵᠢᠨ ᠵᠢᠷᠤᠬᠤ᠂ ᠮᠠᠷᠭᠤᠯᠳᠤᠭᠠᠨ ᠢ ᠡᠶᠡᠳᠡᠭᠦᠯᠦᠨ ᠰᠢᠢᠳᠪᠦᠷᠢᠯᠡᠵᠦ᠂᠂ᠪᠠᠷᠢᠮᠵᠢᠶ᠎ᠠ᠂ ᠵᠢᠷᠤᠮᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠬᠦ ᠠᠵᠢᠯ᠂ ᠪᠠᠶᠢᠭᠠᠯᠢ ᠶᠢᠨ ᠡᠬᠢ ᠪᠠᠶᠠᠯᠢᠭ ᠢ ᠵᠦᠶ ᠵᠣᠬᠢᠰᠲᠠᠶ ᠨᠡᠭᠡᠭᠡᠨ ᠠᠰᠢᠭᠯᠠᠬᠤ ᠠᠵᠢᠯ᠂ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮ ᠢ ᠪᠠᠶᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠠᠮᠢ ᠠᠬᠤᠶ ᠶᠢ ᠰᠡᠷᠭᠦᠭᠡᠬᠦ ᠶᠢ ᠨᠢᠭᠡᠳᠦᠯᠲᠡᠶ ᠲᠥᠯᠥᠪᠯᠡᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠠᠵᠢᠯ ᠲᠥᠷᠥᠯ ᠪᠠ ᠭᠠᠵᠠᠷ ᠰᠢᠨᠵᠢᠯᠡᠭᠡᠨ ᠤ ᠠᠵᠢᠯ ᠢ ᠬᠠᠮᠢᠶᠠᠷᠤᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠬᠡᠮᠵᠢᠨ ᠵᠢᠷᠤᠭᠯᠠᠬᠤ ᠭᠠᠵᠠᠷ ᠵᠦᠶ ᠶᠢᠨ ᠮᠡᠳᠡᠭᠡ ᠵᠠᠩᠭᠢ ᠶᠢᠨ ᠬᠠᠮᠢᠶᠠᠷᠤᠯᠲᠠ᠃ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ  ᠲᠦᠯᠬᠢᠨ ᠠᠬᠢᠭᠤᠯᠤᠨ᠎ᠠ᠃ ᠬᠤᠰᠢᠭᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠵᠦᠪᠰᠢᠶᠠᠷᠡᠯ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠱᠠᠩᠨᠠᠯ᠂ ᠵᠠᠰᠠᠭ ᠵᠠᠬᠢᠷᠭᠠᠨ ᠤ ᠬᠢᠨᠠᠨ‌‍ᠪᠠᠶᠢᠴᠠᠭᠠᠯᠲᠠ᠂ ᠵᠠᠰᠠᠭ ᠵᠠᠬᠢᠷᠭᠠᠨ ᠤ ᠲᠠᠲᠠᠪᠤᠷᠢᠯᠠᠯᠲᠠ᠂ ᠪᠤᠰᠤᠳ ᠡᠷᠬᠡ ᠵᠡᠷᠭᠡ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠪᠣᠯᠤᠨ ᠤᠯᠤᠰ ᠎ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠤᠨ ᠴᠢᠬᠤᠯᠠ ᠶᠡᠭᠡ ᠴᠢᠭᠯᠡᠯᠲᠡ ᠲᠥᠷᠥ ᠶᠢᠨ ᠪᠣᠳᠣᠯᠭ᠎ᠠ᠂ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠬᠠᠣᠯᠢ ᠴᠠᠭᠠᠵᠠ ᠲᠣᠭᠲᠠᠭᠠᠯ  ᠢ ᠬᠡᠷᠡᠭᠵᠢᠬᠦᠯᠦᠭᠰᠡᠨ ᠪᠠᠶᠢᠳᠠᠯ ᠤᠨ ᠲᠤᠬᠠᠶ ᠪᠠᠶᠢᠴᠠᠭᠠᠵᠤ ᠨᠠᠶᠢᠳᠠᠪᠤᠷᠢᠵᠢᠭᠤᠯᠤᠨ᠎ᠠ᠃ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠵᠢᠴᠢ ᠬᠡᠮᠵᠢᠨ ᠵᠢᠷᠤᠬᠤ ᠬᠠᠤᠯᠢ ᠠᠴᠠ ᠵᠥᠷᠢᠴᠡᠭᠰᠡᠨ ᠬᠡᠷᠡᠭ᠂ᠪᠠᠶᠢᠭᠠᠯᠢ ᠶᠢᠨ ᠡᠬᠢ ᠪᠠᠶᠠᠯᠢᠭ ‍ᠦᠨ‌ᠡᠯ᠎ᠡ ᠵᠦᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠦ ᠶᠢᠨ ᠪᠤᠳᠤᠯᠭ᠎ᠠ ᠶᠢᠨ ᠬᠠᠤᠯᠢ  ᠬᠡᠷᠡᠭᠵᠢᠬᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠪᠠᠶᠢᠭᠠᠯᠢ ᠶᠢᠨ ᠡᠬᠢ ᠪᠠᠶᠠᠯᠢᠭ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ  ᠬᠠᠷᠢᠭᠤᠴᠠᠵᠤ᠂ ᠲᠤᠬᠠᠶᠢᠯᠠᠭᠰᠠᠨ ᠠᠵᠢᠯ  ᠪᠠ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠲᠡᠷᠢᠬᠦᠨ ᠳᠤ ᠲᠠᠯᠪᠢᠵᠦ᠂ ᠱᠠᠭᠠᠷᠳᠠᠯᠭ᠎ᠠ ᠶᠣᠰᠣᠭᠠᠷ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠢ ᠬᠦᠢᠴᠡᠳᠭᠡᠨ᠎ᠡ᠃ ᠬᠤᠰᠢᠭᠤᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢ ᠨᠢᠭᠡᠳᠦᠯᠲᠡᠶ ᠬᠠᠮᠢᠶᠠᠷᠤᠨ ᠵᠣᠬᠢᠴᠠᠭᠤᠯᠤᠨ᠎ᠠ᠃                                                                                                            ᠰᠢᠯᠤᠭᠤᠨ ᠬᠥᠬᠡ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号