| | ᠨᠢᠭᠡ ᠂ ᠦᠨᠳᠦᠰᠦᠨ ᠪᠠᠶᠢᠳᠠᠯ | ᠰᠢᠯᠢ ᠶᠢᠨ ᠭᠤᠤᠯ ᠠᠶᠢᠮᠠᠭ ᠤᠨ ᠪᠤᠷᠤᠬᠤᠳᠠ ᠤᠳᠤᠬᠢᠴᠢᠯᠠᠭᠰᠠᠨ ᠪᠡᠯᠴᠢᠭᠡᠷ ᠤᠨ ᠮᠠᠯ ᠠᠵᠤ ᠠᠬᠤᠢ ᠶᠢᠨ | ᠵᠢᠱᠢᠶ᠎ᠡ ᠦᠵᠡᠭᠦᠯᠬᠦ ᠤᠷᠤᠨ ᠪᠤᠯ ︵ᠰᠢᠯᠢ ᠶᠢᠨ ᠭᠤᠤᠯ ᠠᠶᠢᠮᠠᠭ ᠤᠨ ᠪᠤᠷᠤᠬᠤᠳᠠ ᠦᠷ᠎ᠡ ᠶᠢᠨ ᠮᠠᠯ ᠤᠨ ᠲᠠᠯᠠᠪᠠᠢ︶ | 1949 ᠤᠨ ᠤ10 ᠰᠠᠷ᠎ᠡ ᠳᠤ ᠪᠠᠶᠢᠭᠤᠯᠤᠭᠳᠠᠵᠤ᠂ ᠰᠢ ᠮᠧᠩ ᠠᠷᠢᠯᠵᠢᠶᠠᠨ ᠤ ᠺᠤᠮᠫᠠᠨᠢ ᠳᠤ ᠬᠠᠷᠢᠶᠠᠯᠠᠭᠳᠠᠨ᠎ᠠ᠃ | 1957 ᠤᠨ ᠳᠤ ᠲᠠᠯᠠᠪᠡᠢ ᠨᠢ ᠪᠤᠷᠤᠬᠤᠳᠠ ᠳᠤ ᠨᠡᠭᠦᠭᠰᠡᠨ ᠪᠠᠶᠢᠨ᠎ᠠ᠃ 1958 ᠤᠨ ᠳᠤ ᠰᠢᠯᠢ ᠶᠢᠨ ᠭᠤᠤᠯ | ᠠᠶᠢᠮᠠᠭ ᠤᠨ ᠢᠳᠡᠭᠡᠨ ᠤ ᠺᠤᠮᠫᠠᠨᠢ ᠶᠢᠨ ᠱᠠᠩᠲᠤ ᠶᠢᠨ ᠭᠤᠤᠯ ᠦᠷᠡᠵᠢᠯ ᠤᠨ ᠲᠠᠯᠠᠪᠠᠢ ᠶᠢᠨ ᠪᠡᠯᠡᠳᠭᠡᠯ ᠦᠷᠡᠵᠢᠭᠦᠯᠬᠦ | ᠲᠠᠯᠠᠪᠠᠢ ᠬᠡᠵᠦ ᠦᠭᠡᠷᠡᠴᠢᠯᠡᠭᠡᠳ1969 ᠤᠨ ᠳᠤ ᠴᠡᠷᠢᠭ ᠢᠶᠠᠷ ᠵᠠᠬᠢᠷᠪᠠ᠃ 1971 ᠤᠨ ᠳᠤ ᠰᠢᠯᠢ ᠶᠢᠨ ᠭᠤᠤᠯ | ᠠᠶᠢᠮᠠᠭ ᠤᠨ ᠮᠠᠯ ᠠᠵᠤ ᠠᠬᠤᠢ ᠶᠢᠨ ᠭᠠᠵᠠᠷ ᠲᠤ ᠲᠤᠰᠢᠶᠠᠨ ᠬᠠᠮᠢᠶᠠᠷᠤᠭᠤᠯᠵᠤ᠂ ᠰᠢᠯᠢ ᠶᠢᠨ ᠭᠤᠤᠯ ᠠᠶᠢᠮᠠᠭ ᠤᠨ | ᠪᠤᠷᠤᠬᠤᠳᠠ ᠦᠷ᠎ᠡ ᠶᠢᠨ ᠮᠠᠯ ᠤᠨ ᠲᠠᠯᠠᠪᠠᠢ ᠭᠡᠵᠦ ᠨᠡᠷᠡᠯᠡᠵᠦ᠂ 1995 ᠤᠨ ᠳᠤ ᠰᠢᠯᠢ ᠶᠢᠨ ᠭᠤᠤᠯ ᠠᠶᠢᠮᠠᠭ ᠤᠨ | ᠨᠠᠮ ᠤᠨ ᠬᠤᠷᠢᠶ᠎ᠠ᠂ ᠵᠠᠬᠢᠷᠭ᠎ᠠ ᠠᠴᠠ ᠰᠢᠯᠢ ᠶᠢᠨ ᠭᠤᠤᠯ ᠠᠶᠢᠮᠠᠭ ᠤᠨ ᠪᠤᠷᠤᠬᠤᠳᠠ ᠤᠳᠤᠬᠢᠴᠢᠯᠠᠭᠰᠠᠨ ᠪᠡᠯᠴᠢᠭᠡᠷ | ᠤᠨ ᠮᠠᠯ ᠠᠵᠤ ᠠᠬᠤᠢ ᠶᠢᠨ ᠵᠢᠱᠢᠶ᠎ᠡ ᠦᠵᠡᠭᠦᠯᠬᠦ ᠤᠷᠤᠨ ᠪᠤᠯᠭᠠᠬᠤ ᠶᠢ ᠵᠦᠪᠰᠢᠶᠡᠷᠡᠨ᠂ ᠤᠤᠯ ᠤᠨ ᠦᠷ᠎ᠡ ᠶᠢᠨ | ᠮᠠᠯ ᠤᠨ ᠲᠠᠯᠠᠪᠠᠢ ᠶᠢᠨ ᠨᠡᠷᠡᠶᠢᠳᠦᠯ ᠢ ᠦᠯᠡᠳᠡᠭᠡᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠰᠢᠭᠤᠳ | ᠬᠠᠮᠢᠶᠠᠷᠬᠤ ᠪᠤᠯᠵᠤ᠂ ᠰᠢᠶᠠᠨ ᠭᠠᠵᠠᠷ ᠤᠨ ᠲᠡᠰ ᠤᠨ ᠪᠠᠶᠢᠭᠤᠯᠤᠮᠵᠢ ᠪᠤᠯᠭᠠᠨ᠂ ᠨᠢᠭᠡᠲᠦᠭᠡᠷ ᠲᠡᠰ ᠤᠨ ᠡᠳ᠋ ᠤᠨ | ᠵᠠᠰᠠᠭ ᠠᠴᠠ ᠵᠤᠭᠤᠰ ᠪᠠᠭᠤᠯᠭᠠᠬᠤ ᠠᠵᠢᠯ ᠦᠢᠯᠡᠰ ᠤᠨ ᠨᠢᠭᠡᠴᠡ ᠪᠠᠷ ᠲᠤᠭᠳᠠᠭᠠᠪᠠ᠃ 2000 ᠤᠨ ᠳᠤ ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠲᠤᠨ ᠤ ᠵᠦᠪᠰᠢᠶᠡᠷᠡᠯ ᠢᠶᠠᠷ | ᠪᠤᠷᠤᠬᠤᠳᠠ ᠪᠠᠯᠭᠠᠰᠦ ᠪᠤᠯᠭᠠᠵᠡᠢ ︵ᠰᠢᠯᠢ ᠵᠠᠬᠢᠷᠭ᠎ᠠ ᠦᠰᠦᠭ ᠤᠨ ︵2001︶ 11 ᠲᠤᠭᠠᠲᠤ ᠪᠢᠴᠢᠭ | ᠮᠠᠲ᠋ᠧᠷᠢᠶᠠᠯ︶᠃ 2001 ᠤᠡ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ | ᠤᠨ ᠤᠷᠲᠤᠨ ᠤ ᠵᠦᠪᠰᠢᠶᠡᠷᠡᠯ ᠢᠶᠠᠷ ᠰᠢᠯᠢ ᠶᠢᠨ ᠭᠤᠤᠯ ᠠᠶᠢᠮᠠᠭ ᠤᠨ ᠪᠤᠷᠤᠬᠤᠳᠠ ᠵᠢᠱᠢᠶ᠎ᠡ ᠦᠵᠡᠭᠦᠯᠬᠦ ᠤᠷᠤᠨ ᠢ | ᠦᠪᠡᠷᠳᠡᠭᠡᠨ ᠵᠠᠰᠠᠬᠤ ᠤᠷᠤᠨ ᠤ ᠲᠡᠰ ᠤᠨ ᠪᠠᠶᠢᠭᠠᠯᠢᠯᠢᠭ ᠪᠦᠲᠦᠭᠡᠭᠳᠡᠭᠦᠨ ᠢ ᠨᠡᠭᠡᠭᠡᠨ ᠬᠦᠭᠵᠢᠭᠦᠯᠬᠦ ᠤᠷᠤᠨ ︵ | ᠰᠢᠯᠢ ᠵᠠᠬᠢᠷᠭ᠎ᠠ ᠲᠠᠷᠬᠠᠭᠠᠬᠤ ︵2001︶ 80 ᠲᠤᠭᠠᠲᠦ︶ ᠢᠶᠠᠷ ᠲᠤᠭᠳᠠᠭᠠᠵᠤ᠂ 2004 ᠤᠨ ᠳᠤ ᠰᠢᠯᠢ ᠤᠨ | ᠭᠤᠤᠯ ᠠᠶᠢᠮᠠᠭ ᠤᠨᠨᠠᠮ ᠤᠨ ᠬᠤᠷᠢᠶ᠎ᠠ᠂ ᠵᠠᠬᠢᠷᠭ᠎ᠠ ᠠᠴᠠ ᠪᠤᠷᠤᠬᠤᠳᠠ ᠵᠢᠱᠢᠶ᠎ᠡ ᠦᠵᠡᠭᠦᠯᠬᠦ ᠤᠷᠤᠨ ᠢ ᠰᠢᠯᠤᠭᠤᠨ | ᠭᠦᠭᠡ ᠬᠤᠰᠢᠭᠤᠨ ᠳᠤ ᠨᠠᠶᠢᠳᠠᠨ ᠬᠠᠮᠢᠶᠠᠷᠤᠭᠤᠯᠬᠤ ᠪᠠᠷ ᠪᠤᠯᠵᠤ ︵ᠲᠤᠮᠳᠠᠲᠤ ᠤᠯᠤᠰ ᠤᠨ ᠡᠪ ᠬᠠᠮᠲᠤ ᠨᠠᠮ ᠤᠨ | ᠰᠢᠯᠢ ᠶᠢᠨ ᠭᠤᠤᠯ ᠠᠶᠢᠮᠠᠭ ᠤᠨ ᠬᠤᠷᠢᠶᠠᠨ ᠤ ᠠᠯᠪᠠᠨ ᠭᠡᠷ ᠤᠨ ᠠᠯᠪᠠᠨ ᠦᠰᠦᠭ ︵2004︶ 10 ᠲᠤᠭᠠᠲᠦ | ᠠᠯᠪᠡᠨ ᠪᠢᠴᠢᠭ︶ ᠢᠶᠠᠷ ᠪᠤᠷᠤᠬᠤᠳᠠ ᠵᠢᠱᠢᠶ᠎ᠡ ᠦᠵᠡᠭᠦᠯᠬᠦ ᠤᠷᠤᠨ ᠬᠢᠭᠡᠳ ᠪᠤᠷᠤᠬᠤᠳᠠ ᠪᠠᠯᠭᠠᠰᠦ ᠶᠢ ᠨᠢᠭᠡ | ᠴᠤᠭᠴᠠ ᠪᠤᠯᠭᠠᠨ ᠬᠠᠮᠢᠶᠠᠷᠬᠤ ᠪᠠᠶᠢᠭᠤᠯᠤᠮᠵᠢ ᠶᠢ ᠪᠠᠶᠢᠭᠤᠯᠵᠤ᠂ ᠵᠢᠱᠢᠶ᠎ᠡ ᠦᠵᠡᠭᠦᠯᠬᠦ ᠤᠷᠤᠨ ᠪᠠ ᠪᠠᠯᠭᠠᠰᠦ ᠶᠢᠨ | ᠪᠠᠶᠢᠭᠤᠯᠤᠮᠵᠢ ᠶᠢᠨ ᠲᠠᠯ᠎ᠠ ᠪᠠᠷ ᠦᠨᠡᠨᠬᠦ ᠨᠢᠭᠡᠳᠬᠦ ᠶᠢ ᠪᠠᠲᠤᠯᠠᠵᠠᠢ᠃ ᠪᠤᠷᠤᠬᠤᠳᠠ ᠵᠢᠱᠢᠶ᠎ᠡ ᠦᠵᠡᠭᠦᠯᠬᠦ ᠤᠷᠤᠨ ᠤ | ᠨᠠᠮ ᠤᠨ ᠬᠤᠷᠢᠶ᠎ᠠ᠂ ᠬᠠᠮᠢᠶᠠᠷᠤᠯᠳᠠ ᠶᠢᠨ ᠵᠦᠪᠯᠡᠯ ᠪᠠ ᠪᠤᠷᠤᠬᠤᠳᠠ ᠪᠠᠶᠢᠭᠠᠯᠢᠯᠢᠭ ᠪᠦᠲᠦᠭᠡᠭᠳᠡᠭᠦᠨ ᠢ ᠨᠡᠭᠡᠭᠡᠨ | ᠬᠦᠭᠵᠢᠭᠦᠯᠬᠦ ᠲᠤᠭᠤᠷᠢᠭ ᠤᠨ ᠫᠠᠶᠢᠰᠠ ᠶᠢ ᠦᠯᠡᠳᠡᠭᠡᠪᠠ᠃ 2004 ᠤᠨ ᠤ ᠡᠴᠦᠰ ᠲᠤ ᠪᠦᠬᠦ ᠤᠯᠤᠰ | ᠤᠨᠨᠡᠭᠡᠭᠡᠨ ᠬᠦᠭᠵᠢᠭᠦᠯᠬᠦ ᠤᠷᠤᠨ ᠢ ᠴᠡᠭᠴᠡᠯᠡᠬᠦ ᠪᠠ ᠰᠢᠯᠢ ᠶᠢᠨ ᠭᠤᠤᠯ ᠠᠶᠢᠮᠠᠭ ᠤᠨ ᠰᠢᠶᠠᠩ ᠪᠠᠯᠭᠠᠰᠦ ᠶᠢ | ᠨᠡᠶᠢᠯᠡᠭᠦᠯᠬᠦ ᠦᠶ᠎ᠡ ᠳᠤ ᠪᠤᠷᠤᠬᠤᠳᠠ ᠪᠠᠶᠢᠭᠠᠯᠢᠯᠢᠭ ᠪᠦᠲᠦᠭᠡᠭᠳᠡᠭᠦᠨ ᠢ ᠨᠡᠭᠡᠭᠡᠨ ᠬᠦᠭᠵᠢᠭᠦᠯᠬᠦ ᠤᠷᠤᠨ ᠪᠠ | ᠪᠤᠷᠤᠬᠤᠳᠠ ᠪᠠᠯᠭᠠᠰᠦ ᠶᠢᠨ ᠪᠠᠶᠢᠭᠤᠯᠤᠮᠵᠢ ᠨᠢ ᠵᠠᠯᠭᠠᠭ᠎ᠠ ᠪᠠᠷ ᠬᠠᠰᠤᠭᠳᠠᠪᠠ᠃ ᠬᠠᠰᠤᠵᠤ ᠨᠡᠶᠢᠯᠡᠭᠦᠯᠬᠦ ᠠᠵᠢᠯ ᠤᠨ | ᠲᠤᠮᠳᠠ᠂ ᠵᠠᠯᠭᠠᠮᠵᠢ ᠶᠢᠨ ᠠᠵᠢᠯ ᠢ ᠰᠠᠶᠢᠲᠤᠷ ᠬᠢᠭᠰᠡᠨ ᠦᠭᠡᠢ ᠠᠴᠠ ᠪᠤᠯᠵᠤ᠂ ᠵᠦᠪᠰᠢᠶᠡᠷᠡᠭᠳᠡᠭᠰᠡᠨ 25 ᠵᠠᠰᠠᠭ | ᠵᠠᠬᠢᠷᠭᠠᠨ ᠤ ᠤᠷᠤᠨ ᠲᠤᠭ᠎ᠠ᠂ 63 ᠠᠵᠢᠯ ᠦᠢᠯᠡᠰ ᠤᠨ ᠤᠷᠤᠨ ᠲᠤᠭ᠎ᠠ ᠨᠠᠶᠢᠳᠠᠪᠤᠷᠢᠵᠢᠭᠳᠠᠵᠤ ᠴᠢᠳᠠᠭᠰᠠᠨ ᠦᠭᠡᠢ | ︵ᠬᠦᠭᠡ ᠨᠠᠮ ᠲᠠᠷᠬᠠᠭᠠᠬᠤ ︵2004︶ 41 ᠲᠤᠭᠠᠲᠤ᠂ ᠬᠦᠭᠡ ᠪᠠᠶᠢᠭᠤᠯᠤᠮᠵᠢ ᠤᠷᠤᠨ ︵2004︶ 29 | ᠲᠤᠭᠠᠲᠤ ᠠᠯᠪᠡᠨ ᠪᠢᠴᠢᠭ︶᠂ ᠬᠠᠮᠢᠭ᠎ᠠ ᠨᠠᠶᠢᠳᠠᠪᠤᠷᠢᠵᠢᠭᠳᠠᠭᠰᠠᠨ ᠢ ᠤᠯᠬᠤ ᠠᠷᠭ᠎ᠠ ᠦᠭᠡᠢ᠃ ᠤᠲᠤ ᠵᠦᠪᠭᠡᠨ | ᠪᠤᠷᠤᠬᠤᠳᠠ ᠵᠢᠱᠢᠶ᠎ᠡ ᠦᠵᠡᠭᠦᠯᠬᠦ ᠤᠷᠤᠨ ᠪᠠ ᠪᠤᠷᠤᠬᠤᠳᠠᠦᠷᠡ ᠶᠢᠨ ᠮᠠᠯ ᠤᠨ ᠲᠠᠯᠠᠪᠠᠢ ᠭᠡᠭᠴᠢ ᠬᠤᠶᠠᠷ ᠫᠠᠶᠢᠰᠠ | ᠯᠠ ᠦᠯᠡᠳᠡᠵᠦ᠂ ᠪᠠᠶᠢᠭᠤᠯᠤᠮᠵᠢ ᠶᠢᠨ ᠬᠠᠷᠢᠶᠠᠯᠠᠭᠳᠠᠬᠤ ᠬᠠᠷᠢᠴᠠᠭ᠎ᠠ ᠶᠡᠷᠦᠨᠢ ᠨᠠᠶᠢᠳᠠᠪᠤᠷᠢᠵᠢᠭᠳᠠᠭᠰᠠᠨ ᠦᠭᠡᠢ | ᠪᠢᠯᠡ᠃ ᠪᠠᠶᠢᠭᠤᠯᠤᠯ ᠤᠨ ᠠᠰᠠᠭᠤᠳᠠᠯ ᠠᠴᠠ ᠪᠤᠯᠵᠤ ᠤᠲᠤᠬᠠᠨ ᠳᠤ ᠪᠤᠷᠤᠬᠤᠳᠠ ᠵᠢᠱᠢᠶ᠎ᠡ ᠦᠵᠡᠭᠦᠯᠬᠦ ᠤᠷᠤᠨ ᠨᠢ | ᠬᠠᠮᠢᠶᠠᠷᠤᠯᠳᠠ ᠶᠢᠨ ᠲᠠᠯ᠎ᠠ ᠳᠤ ᠬᠦᠴᠢᠷᠳᠡᠯ ᠲᠠᠢ ᠪᠤᠯᠵᠤ᠂ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠮᠵᠢ ᠶᠢᠨ ᠺᠤᠳ᠋ | ᠲᠡᠮᠳᠡᠭ ᠪᠠᠶᠢᠬᠤ ᠦᠭᠡᠢ᠂ ᠴᠢᠨᠠᠭᠰᠢᠯᠠᠪᠠᠯ ᠭᠡᠪ ᠤᠨ ᠠᠯᠪᠠᠨ ᠠᠵᠢᠯ ᠤᠨ ᠪᠠᠷᠢᠮᠳᠠ ᠭᠠᠷᠭᠠᠬᠤ ᠳᠤ ᠴᠤ ᠬᠦᠴᠢᠷ | ᠲᠠᠢ ᠪᠠᠶᠢᠨ᠎ᠠ᠃ ᠤᠷᠤᠨ ᠲᠤᠭᠠᠨ ᠤ ᠠᠯᠪᠠᠨ ᠭᠡᠷ ᠢ ᠡᠷᠢᠵᠦ ᠪᠠᠶᠢᠭᠤᠯᠭ᠎ᠠ ᠪᠠᠨ ᠲᠠᠩᠰᠠᠯᠠᠭᠤᠯᠬᠤ ᠬᠡᠬᠦ ᠳᠤ ᠵᠢᠩᠬᠢᠨᠢ | ᠭᠡᠷᠡᠴᠢ ᠦᠭᠡᠢ ᠪᠤᠯᠬᠤᠷ ᠲᠠᠩᠰᠠᠯᠠᠵᠤ ᠦᠭᠬᠦ ᠦᠭᠡᠢ᠃ ᠵᠠᠬ᠎ᠠ ᠲᠡᠯᠭᠡᠭᠦᠷ ᠤᠨ ᠬᠠᠮᠢᠶᠠᠷᠤᠯᠳᠠ ᠶᠢᠨ ᠲᠤᠪᠴᠢᠶ᠎ᠠ ᠶᠢ | ᠡᠷᠢᠵᠦ᠂ ᠠᠵᠤ ᠠᠬᠤᠶᠢᠯᠠᠯ ᠤᠨ ᠪᠠᠶᠢᠭᠤᠯᠤᠮᠵᠢ ᠶᠢᠨ ᠺᠤᠳ᠋ ᠲᠡᠮᠳᠡᠭ ᠠᠪᠬᠤ ᠬᠡᠬᠦ ᠳᠤ ᠪᠤᠲᠠᠲᠤ ᠠᠵᠤ ᠠᠬᠤᠶᠢᠯᠠᠯ | ᠪᠠᠶᠢᠬᠤ ᠦᠭᠡᠢ᠂ ᠲᠠᠩᠰᠠᠯᠠᠭᠤᠯᠬᠤ ᠪᠡᠯᠡ ᠮᠦᠡᠭᠭᠦ ᠶᠢ ᠴᠤ ᠲᠠᠩᠰᠠᠯᠠᠵᠤ ᠪᠤᠯᠬᠤ ᠦᠭᠡᠢ᠃ | ᠪᠤᠷᠤᠬᠤᠳᠠ ᠵᠢᠱᠢᠶ᠎ᠡ ᠦᠵᠡᠭᠦᠯᠬᠦ ᠤᠷᠤᠨ ᠨᠢ ᠤᠯᠤᠰ ᠤᠨ ᠦᠮᠴᠢᠯᠡᠯᠲᠦ ᠲᠠᠷᠢᠶᠠᠯᠠᠩ ᠮᠠᠯᠵᠢᠬᠤ ᠲᠠᠯᠠᠪᠠᠢ | ᠪᠤᠯᠤᠭᠰᠠᠨ ᠤ ᠬᠤᠪᠢ ᠳᠤ ᠪᠠᠶᠢᠭᠤᠯᠤᠭᠳᠠᠨᠰᠠᠨ ᠠᠴᠠ ᠪᠠᠨ ᠨᠠᠰᠢ᠂ ᠤᠯᠤᠰ ᠤᠨ ᠲᠠᠷᠢᠶᠠᠯᠠᠩ ᠮᠠᠯ ᠠᠵᠤ ᠠᠬᠤᠢ | ᠶᠢᠨ ᠬᠦᠭᠵᠢᠯᠳᠠ ᠳᠤ ᠴᠢᠬᠤᠯᠠ ᠶᠡᠭᠡ ᠭᠠᠪᠢᠶ᠎ᠠ ᠵᠢᠳᠬᠦᠯ ᠭᠠᠷᠭᠠᠭᠰᠠᠨ ᠶᠤᠮ᠃ 1949 ᠤᠨ ᠠᠴᠠ 1956 | ᠤᠨ ᠤ ᠬᠤᠭᠤᠷᠤᠨᠲᠦ ᠭᠤᠤᠯᠳᠠᠭᠤ ᠲᠠᠸᠠᠷ ᠤᠨ ᠮᠠᠯ ᠡᠵᠡᠩᠨᠡᠵᠦ᠂ ᠪᠦᠬᠦ ᠤᠯᠤᠰ ᠤᠨ ᠲᠠᠪᠤᠨ ᠮᠤᠵᠢ 36 ᠨᠢᠭᠡᠴᠡ | ᠳᠤ ᠤᠷᠢᠳ ᠬᠤᠵᠢᠳ142 ᠲᠦᠮᠡᠨ ᠲᠤᠯᠤᠭᠠᠢ ᠮᠠᠯ ᠬᠠᠨᠭ᠍ᠭᠠᠭᠰᠠᠨ ᠪᠠᠶᠢᠨ᠎ᠠ᠃ ᠵᠢᠯ ᠪᠦᠷᠢ ᠲᠡᠭᠰᠢᠳᠭᠡᠭᠡᠳ 3 | —4 ᠲᠦᠮᠡᠨ ᠦᠭᠡᠷ᠂ 75 —80 ᠲᠦᠮᠡᠨ ᠬᠤᠨᠢ ᠭᠠᠷᠭᠠᠵᠤ ᠪᠠᠶᠢᠪᠠ᠃ ᠲᠠᠪᠢ ᠵᠢᠷᠠᠭᠠᠳ ᠤᠨ ᠳᠤ ︽ᠮᠠᠯ | ᠢᠶᠠᠷ ᠭᠤᠤᠯ ᠪᠤᠯᠭᠠᠨ᠂ ᠲᠠᠷᠢᠶᠠᠯᠠᠩ ᠮᠠᠯ ᠠᠵᠤ ᠠᠬᠤᠢ ᠶᠢ ᠤᠶᠠᠯᠲᠤᠭᠤᠯᠵᠤ᠂ ᠤᠯᠠᠨ ᠲᠦᠷᠦᠯ ᠢ ᠵᠡᠷᠭᠡᠪᠡᠷ | ᠡᠵᠡᠩᠨᠠᠨ ᠡᠭᠦᠯᠳᠡᠷ ᠢ ᠰᠠᠶᠢᠵᠢᠷᠠᠭᠤᠯᠬᠤ︾ ᠴᠢᠭᠯᠡᠯᠳᠠ ᠶᠢ ᠬᠡᠷᠡᠭᠵᠢᠭᠦᠯᠦᠭᠰᠡᠨ ᠠᠴᠠ ᠨᠠᠰᠢ ᠮᠠᠯᠵᠢᠬᠤ ᠤᠷᠤᠨ ᠤ | ᠦᠷ᠎ᠡ ᠶᠢᠨ ᠮᠠᠯ᠂ ᠲᠠᠷᠢᠶᠠᠯᠠᠬᠤ ᠤᠷᠤᠨ ᠤ ᠬᠦᠯᠦᠰᠢᠨ ᠤ ᠦᠭᠡᠷ᠂ ᠬᠤᠳᠠ ᠪᠠᠯᠭᠠᠰᠤᠨ ᠤ ᠢᠳᠡᠰᠢᠨ ᠮᠢᠬ᠎ᠠ ᠶᠢ | ᠬᠠᠨᠭ᠍ᠭᠠᠬᠤ ᠡᠭᠦᠷᠭᠡ ᠶᠢ ᠡᠭᠦᠷᠭᠡᠯᠡᠵᠦ ᠢᠷᠡᠪᠡ᠃ ᠳᠠᠯ᠎ᠠ ᠨᠠᠶᠠᠭᠠᠨ ᠤᠨ ᠤ ᠦᠷ᠎ᠡ ᠶᠢᠨ ᠮᠠᠯ ᠤᠨ ᠲᠠᠯᠠᠪᠠᠢ ᠶᠢᠨ | ᠦᠶ᠎ᠡ ᠳᠤ ᠪᠦᠬᠦ ᠠᠶᠢᠮᠠᠭ ᠤᠨ ᠭᠤᠤᠯᠳᠠᠯᠭ᠎ᠠ ᠲᠠᠢ ᠤᠯᠤᠰ ᠤᠨ ᠦᠮᠴᠢᠯᠡᠯᠲᠦ ᠦᠷ᠎ᠡ ᠶᠢᠨ ᠮᠠᠯ ᠤᠨ ᠲᠠᠯᠠᠪᠠᠢ | ᠪᠤᠯᠤᠭᠰᠠᠨ ᠤ ᠬᠤᠪᠢ ᠳᠤ ᠪᠦᠬᠦ ᠤᠯᠤᠰ ᠤᠨ ᠯᠢᠮᠦᠰᠢᠨ ᠦᠭᠡᠷ ᠢ ᠲᠦᠯᠵᠢᠭᠦᠯᠵᠦ ᠦᠷᠡᠵᠢᠭᠦᠯᠬᠦ ᠠᠵᠢᠯ ᠢ | ᠡᠭᠦᠷᠭᠡᠯᠡᠪᠡ᠃ ᠦᠷᠡᠵᠢᠭᠦᠯᠦᠭᠰᠡᠨ ᠦᠭᠡᠷ ᠨᠢ ᠵᠠᠬ᠎ᠠ ᠲᠡᠯᠭᠡᠭᠦᠷ ᠲᠡᠭᠡᠷ᠎ᠡ ᠤᠯᠠᠨ ᠤ ᠬᠦᠷᠢᠶᠡᠯᠡᠯ ᠢ ᠤᠯᠵᠤ᠂ | ᠳᠡᠯᠡᠬᠡᠢ ᠶᠢᠨ ᠵᠠᠬ᠎ᠠ ᠲᠡᠯᠭᠡᠭᠦᠷ ᠲᠤ ᠴᠤ ᠭᠠᠷᠭᠠᠭᠰᠠᠨ ᠪᠠᠶᠢᠨ᠎ᠠ᠃ ᠶᠡᠷᠡᠬᠡᠳ ᠤᠨ ᠤ ᠰᠡᠬᠦᠯᠴᠢ ᠪᠠᠷ ᠪᠤᠷᠤᠬᠤᠳᠠ | ᠵᠱᠢᠶᠡ ᠦᠵᠡᠭᠦᠯᠬᠦ ᠤᠷᠤᠨ ᠨᠢ ᠪᠦᠬᠦ ᠠᠶᠢᠮᠠᠭ ᠤᠨ ᠤᠳᠤᠬᠢᠴᠢᠯᠠᠭᠰᠠᠨ ᠡᠷᠴᠢᠮᠵᠢᠬᠦᠯᠦᠭᠰᠡᠨ ᠪᠡᠯᠴᠢᠬᠡᠷ ᠤᠨ ᠮᠠᠯ | ᠠᠵᠤ ᠠᠬᠤᠢ ᠶᠢᠨ ᠲᠠᠭᠤᠷᠢᠶᠠᠯ ᠤᠷᠤᠨ ᠪᠤᠯᠤᠭᠰᠠᠨ ᠤ ᠬᠤᠪᠢ ᠳᠤ ᠮᠠᠯ ᠠᠵᠤ ᠠᠬᠤᠢ ᠶᠢ ᠬᠡᠪᠴᠢᠶᠡᠵᠢᠭᠦᠯᠬᠦ᠂ | ᠬᠢᠷᠢ ᠲᠦᠪᠰᠢᠨ ᠢ ᠲᠡᠬᠡᠭᠰᠢᠯᠡᠬᠦᠯᠬᠦ᠂ ᠰᠢᠨᠵᠢᠯᠡᠬᠦ ᠤᠬᠠᠭᠠᠨᠴᠢᠯᠠᠬᠤ ᠲᠠᠯ᠎ᠠ ᠪᠠᠷ ᠲᠠᠬᠢᠨ ᠨᠢᠬᠡᠨ ᠲᠡᠭᠲᠡᠷ ᠲᠤ ᠲᠠᠪᠰᠢᠪᠠ | ᠃ | ᠬᠤᠶᠠᠷ᠂ ᠵᠤᠬᠢᠶᠠᠨ ᠪᠠᠶᠢᠭᠤᠯᠤᠯᠳᠠ ᠪᠠᠶᠢᠭᠤᠯᠤᠮᠵᠢ ᠬᠢᠬᠡᠳ ᠨᠡᠶᠢᠬᠡᠮ ᠤᠨ ᠭᠤᠤᠯ ᠪᠤᠯᠬᠤ ᠡᠬᠦᠷᠬᠡ | ᠬᠠᠷᠢᠭᠤᠴᠠᠯᠭ᠎ᠠ | ᠪᠠᠶᠢᠭᠤᠯᠭ᠎ᠠ᠂ ᠰᠠᠭᠤᠭᠠᠯᠢ ᠠᠷᠠᠳ ᠤᠨ ᠵᠦᠪᠯᠡᠯ ᠤᠨ ᠬᠠᠮᠢᠶᠠᠷᠤᠭᠴᠢᠳ ᠤᠨ ᠪᠠᠶᠢᠳᠠᠯ ᠬᠡᠪᠡᠯ᠂ ᠪᠤᠷᠤᠬᠤᠳᠠ | ᠵᠢᠱᠢᠶ᠎ᠡ ᠦᠵᠡᠭᠦᠯᠬᠦ ᠤᠷᠤᠨ ᠤ ᠨᠠᠮ ᠤᠨ ᠬᠤᠷᠢᠶ᠎ᠠ᠂ ᠬᠠᠮᠢᠶᠠᠷᠤᠯᠳᠠ ᠶᠢᠨ ᠵᠦᠪᠯᠡᠯ ᠪᠠᠶᠢᠵᠤ᠂ ᠲᠤᠳᠤᠷ᠎ᠠ ᠨᠢ | ᠭᠤᠷᠪᠠᠨ ᠰᠠᠯᠠᠭ᠎ᠠ᠂ ᠨᠢᠬᠡ ᠠᠯᠪᠠᠨ ᠬᠡᠷ᠂ ᠨᠢᠬᠡ ᠬᠡᠯᠲᠡᠰ ᠵᠡᠷᠬᠡ ᠲᠠᠪᠤᠨ ᠨᠢᠬᠡᠴᠡ ᠲᠠᠢ ︵ ᠡᠳ᠋ ᠤᠨ ᠶᠠᠪᠤᠳᠠᠯ ᠤᠨ | ᠬᠠᠮᠢᠶᠠᠷᠤᠯᠳᠠ ᠶᠢᠨ ᠠᠵᠢᠯᠯᠠᠭᠠᠨ ᠤ ᠰᠠᠯᠠᠭ᠎ᠠ᠂ ᠨᠡᠶᠢᠬᠡᠮ ᠤᠨ ᠦᠢᠯᠡᠰ ᠤᠨ ᠦᠢᠯᠡᠴᠢᠯᠡᠬᠡᠨ ᠤ ᠰᠠᠯᠠᠭ᠎ᠠ᠂ | ᠦᠢᠯᠡᠳᠪᠤᠷᠢᠯᠡᠯ ᠡᠵᠡᠩᠨᠡᠯᠳᠠ ᠶᠢᠨ ᠬᠠᠮᠢᠶᠠᠷᠤᠯᠳᠠ ᠶᠢᠨ ᠰᠠᠯᠠᠭ᠎ᠠ᠂ ᠨᠠᠮ ᠵᠠᠰᠠᠭ ᠤᠨ ᠪᠠᠶᠢᠭᠤᠯᠭ᠎ᠠ ᠶᠢᠨ ᠬᠡᠷᠡᠭ | ᠡᠷᠬᠢᠯᠡᠬᠦ ᠠᠯᠪᠠᠨ ᠬᠡᠷ᠂ ᠨᠠᠮ ᠪᠠ ᠤᠯᠠᠨ ᠲᠦᠮᠡᠨ ᠤ ᠠᠵᠢᠯ ᠤᠨ ᠬᠡᠯᠳᠡᠰ ᠵᠡᠷᠬᠡ︶ ᠃ ᠭᠤᠤᠯ ᠡᠬᠦᠷᠬᠡᠯᠡᠬᠦ ᠡᠬᠦᠷᠬᠡ | ᠬᠠᠷᠢᠭᠤᠴᠠᠯᠭ᠎ᠠ ᠬᠡᠪᠡᠯ᠄ ᠲᠠᠷᠢᠶᠠᠯᠠᠩ᠂ ᠮᠠᠯ ᠠᠵᠤ ᠠᠬᠤᠢ᠂ ᠤᠢ ᠰᠢᠭᠤᠢ᠂ ᠤᠰᠤᠨ ᠠᠰᠢᠭᠯᠠᠯᠳᠠ᠂ ᠤᠯᠤᠰ ᠤᠨ | ᠭᠠᠵᠠᠷ ᠰᠢᠷᠤᠢ᠂ ᠮᠠᠯ ᠡᠮᠨᠡᠯᠬᠡ ᠂ ᠮᠠᠯ ᠠᠵᠤ ᠠᠬᠤᠢ᠂ ᠨᠤᠳᠤᠭ ᠪᠡᠯᠴᠢᠬᠡᠷ ᠤᠨ ᠬᠢᠨᠠᠨ ᠪᠠᠶᠢᠴᠠᠭᠠᠯᠳᠠ᠂ ᠭᠠᠯ | ᠰᠡᠷᠬᠡᠶᠢᠯᠡᠬᠦ᠂ ᠵᠡᠪᠰᠡᠭᠲᠦ ᠬᠦᠴᠦᠨ᠂ ᠠᠷᠠᠳ ᠤᠨ ᠰᠡᠷᠬᠡᠶᠢᠯᠡᠯᠳᠠ᠂ ᠠᠷᠠᠳ ᠤᠨ ᠶᠠᠪᠤᠳᠠᠯ᠂ ᠵᠡᠮᠳᠡᠭ ᠤᠨ ᠬᠤᠯᠪᠤᠭ᠎ᠠ | ᠂ ᠨᠡᠶᠢᠬᠡᠮ ᠤᠨ ᠬᠤᠯᠪᠤᠭ᠎ᠠ᠂ ᠤᠯᠠᠭᠠᠨ ᠵᠠᠭᠠᠯᠮᠠᠶᠢᠳᠡᠨ ᠤ ᠨᠡᠶᠢᠭᠡᠮᠯᠢᠭ᠂ ᠠᠵᠢᠯᠴᠢᠨ ᠵᠠᠯᠠᠭᠤᠴᠤᠳ ᠡᠮᠡᠭᠳᠡᠶᠢᠴᠤᠳ | ᠤᠨ ᠬᠤᠯᠪᠤᠭ᠎ᠠ ᠵᠡᠷᠭᠡ ᠨᠡᠶᠢᠭᠡᠮ ᠤᠨ ᠡᠭᠦᠷᠭᠡ ᠬᠠᠷᠢᠭᠤᠴᠠᠯᠭ᠎ᠠ ᠲᠠᠢ᠃ ᠲᠠᠯᠠᠪᠠᠢ ᠶᠢᠨ ᠳᠤᠤᠷ᠎ᠠ ᠰᠠᠭᠤᠭᠠᠯᠢ ᠠᠷᠠᠳ | ᠤᠨ ᠵᠦᠪᠯᠡᠯ ᠲᠠᠪᠤ ᠪᠤᠢ᠃ ᠤᠲᠤ 41 ᠠᠵᠢᠯᠳᠠᠨ ᠲᠠᠢ ᠃ ᠤᠲᠤ ᠪᠠᠷ ᠠᠵᠢᠯᠯᠠᠵᠤ ᠪᠠᠶᠢᠭ᠎ᠠ ᠺᠠᠳ᠋ᠷᠴᠤᠳ ᠢ | ᠠᠶᠢᠮᠠᠭ᠂ ᠬᠤᠰᠢᠭᠤ᠂ ᠵᠢᠱᠢᠶ᠎ᠡ ᠦᠵᠡᠭᠦᠯᠬᠦ ᠤᠷᠤᠨ ᠵᠡᠷᠭᠡ ᠭᠤᠷᠪᠠᠨ ᠱᠠᠲᠤᠨ ᠤ ᠵᠤᠬᠢᠶᠠᠨ ᠪᠠᠶᠢᠭᠤᠯᠬᠤ ᠰᠠᠯᠠᠭ᠎ᠠ | ᠮᠦᠴᠢᠷ ᠠᠴᠠ ᠲᠤᠰᠢᠶᠠᠯ ᠳᠤ ᠲᠤᠮᠢᠯᠠᠬᠤ ᠪᠤᠯᠤᠨ᠎ᠠ᠃ ᠡᠭᠦᠨ ᠳᠤ᠂ ᠨᠠᠮ ᠤᠨ ᠬᠤᠷᠢᠶ᠎ᠠ᠂ ᠬᠠᠮᠢᠶᠠᠷᠤᠯᠳᠠ ᠶᠢᠨ | ᠵᠦᠪᠯᠡᠯ ᠤᠨ ᠤᠲᠤᠷᠢᠳᠬᠤ ᠪᠠᠭ 7 ᠬᠦᠮᠦᠨ ᠢᠶᠠᠷ ᠪᠦᠷᠢᠯᠲᠦᠪᠡ᠃ ︵ᠠᠶᠢᠮᠠᠭ ᠤᠨ ᠵᠤᠬᠢᠶᠠᠨ ᠪᠠᠶᠢᠭᠤᠯᠬᠤ ᠬᠡᠯᠳᠡᠰ | ᠠᠴᠠ 1 ᠨᠡᠷ᠎ᠡ ᠶᠢ ᠲᠤᠮᠢᠯᠠᠨ᠎ᠠ᠃ ᠬᠤᠰᠢᠭᠤ ᠵᠤᠬᠢᠶᠠᠨ ᠪᠠᠶᠢᠭᠤᠯᠬᠤ ᠭᠡᠯᠳᠡᠰ ᠠᠴᠠ 6 ᠨᠡᠷ᠎ᠡ ᠶᠢ ᠲᠤᠮᠢᠯᠠᠨ᠎ᠠ᠃ | ᠡᠭᠦᠨ ᠳᠤ ᠵᠠᠰᠠᠭ ᠵᠠᠬᠢᠷᠭᠠᠨ ᠤ ᠤᠷᠤᠨ ᠲᠤᠭ᠎ᠠ 1 ᠨᠠᠷᠠ᠂ ᠠᠵᠢᠯ ᠤᠶᠢᠯᠡᠰ ᠤᠨ ᠤᠷᠤᠨ ᠲᠤᠭ᠎ᠠ 1 ᠨᠠᠷᠠ᠂ | ᠪᠤᠰᠤᠳ 4 ᠨᠢ ᠤᠷᠤᠨ ᠲᠤᠭ᠎ᠠ ᠪᠠᠶᠢᠬᠤ ᠦᠬᠡᠢ︶ ᠃ ᠡᠷᠬᠢᠯᠡᠭᠴᠢ ᠬᠡᠰᠢᠬᠦᠨ 1 ᠨᠠᠷᠠ ︵ᠬᠤᠰᠢᠭᠤ ᠵᠤᠬᠢᠶᠠᠨ | ᠪᠠᠶᠢᠭᠤᠯᠬᠤ ᠬᠡᠯᠲᠡᠰ ᠲᠤᠮᠢᠯᠠᠨ᠎ᠠ︶ ᠡᠯ᠎ᠡ ᠰᠠᠯᠠᠭ᠎ᠠ ᠠᠯᠪᠠᠨ ᠭᠡᠷ ᠤᠨ ᠡᠷᠬᠢᠯᠡᠭᠴᠢ᠂ ᠰᠠᠭᠤᠭᠠᠯᠢ ᠠᠷᠠᠳ ᠤᠨ ᠵᠦᠪᠯᠡᠯ | ᠤᠨ ᠱᠦᠵᠢ᠂ ᠡᠷᠬᠢᠯᠡᠭᠴᠢ ᠵᠢᠴᠢ ᠬᠠᠷᠢᠶ᠎ᠠ ᠬᠤᠶᠠᠳᠠᠬᠢ ᠱᠠᠲᠤᠨ ᠤ ᠰᠠᠯᠪᠤᠷᠢ ᠶᠢᠨ ᠳᠠᠷᠤᠭ᠎ᠠ᠂ ᠬᠠᠮᠢᠶᠠᠷᠤᠬᠴᠢ 16 | ᠨᠠᠷᠠ᠂ ᠡᠩ ᠤᠨ ᠠᠵᠢᠯᠲᠠᠨ 17 ᠨᠠᠷᠠ᠂ ᠡᠭᠦᠨ ᠳᠤ ᠨᠠᠶᠢᠲᠠ ᠶᠢᠨ ᠠᠰᠠᠷᠠᠮᠵᠢ ᠶᠢᠨ ᠪᠠᠶᠢᠷᠢ ᠶᠢᠨ 1 ᠨᠠᠷᠠ᠂ ᠭᠡᠷ᠎ᠡ | ᠶᠢᠨ ᠠᠵᠢᠯᠲᠠᠨ 5 ᠨᠠᠷᠠ ᠶᠢ ᠪᠠᠭᠳᠠᠭᠠᠵᠤ ᠪᠤᠢ᠃ | | | |