| | ᠰᠠᠩ ᠤᠨ ᠳᠠᠯᠠᠢ ᠪᠠᠯᠭᠠᠰᠤ ᠨᠢ ᠰᠢᠯᠢ ᠶᠢᠨ ᠭᠤᠣᠯ ᠠᠶᠢᠮᠠᠭ ᠤᠨ ᠡᠮᠦᠨ᠎ᠡ ᠬᠡᠰᠡᠭ᠂ ᠰᠢᠯᠤᠭᠤᠨ ᠬᠥᠬᠡ | ᠬᠤᠰᠢᠭᠤᠨ ᠤ ᠳᠤᠮᠳᠠ ᠬᠡᠰᠡᠭ ᠢᠶᠠᠷ ᠪᠠᠶᠢᠷᠢᠯᠠᠵᠤ᠂ ᠬᠤᠯᠠᠨ ᠰᠢᠷᠭ᠎ᠠ ᠳᠠᠭ᠎ᠠ ᠶᠢᠨ ᠡᠯᠡᠰᠤᠨ ᠤ ᠥᠷᠥᠴᠡᠨ ᠳᠤ | ᠣᠷᠣᠰᠢᠨ᠂ ᠪᠠᠶᠢᠭᠠᠯᠢ ᠶᠢᠨ ᠥᠩᠭᠡ ᠦᠵᠡᠮᠵᠢ ᠥᠪᠡᠷᠮᠢᠴᠡ᠃ ᠪᠥᠬᠦ ᠪᠠᠯᠭᠠᠰᠤᠨ ᠤ ᠶᠡᠷᠦᠩᠬᠡᠢ ᠲᠠᠯᠠᠪᠠᠢ | ᠨᠡᠶᠢᠲᠠ1633 ᠲᠡᠭᠰᠢ ᠳᠥᠷᠪᠡᠯᠵᠢᠨ ᠺᠢᠯᠣᠮᠧᠲᠷ᠂ ᠡᠭᠦᠨ ᠳᠤ ᠪᠠᠯᠭᠠᠰᠤᠨ ᠤ ᠪᠠᠶᠢᠭ᠎ᠠ ᠭᠠᠵᠠᠷ ᠤᠨ ᠲᠠᠯᠠᠪᠠᠢ 2 | ᠲᠡᠭᠰᠢ ᠳᠥᠷᠪᠡᠯᠵᠢᠨ ᠺᠢᠯᠣᠮᠧᠲᠷ᠂ ᠪᠠᠯᠭᠠᠰᠤᠨ ᠤ ᠬᠠᠷᠢᠶ᠎ᠠ ᠭᠠᠵᠠᠷ ᠢᠶᠠᠷ 207 ᠤᠯᠤᠰ ᠤᠨ ᠵᠠᠮ᠂ S105 | ᠮᠤᠵᠢ ᠶᠢᠨ ᠵᠠᠮ᠂ S27 ᠬᠤᠷᠳᠤᠨ ᠤ ᠵᠠᠮ᠂ 239 ᠤᠯᠤᠰ ᠤᠨ ᠵᠠᠮ᠂ ᠵᠢᠨᠢᠩ ᠠᠴᠠ ᠲᠦᠩᠯᠢᠶᠣᠣ ᠬᠦᠷᠬᠦ ᠪᠠ | ᠰᠢᠯᠢ ᠶᠢᠨ ᠬᠤᠲᠠ ᠠᠴᠠ ᠳᠣᠯᠣᠨ ᠨᠠᠭᠤᠷ ᠬᠦᠷᠬᠦ ᠲᠡᠮᠤᠷ ᠵᠠᠮ ᠵᠡᠷᠭᠡ ᠤᠯᠤᠰ᠂ ᠮᠤᠵᠢ ᠶᠢᠨ ᠳᠡᠰ ᠤᠨ ᠵᠠᠮ | ᠱᠤᠭᠤᠮ ᠥᠩᠭᠡᠷᠡᠵᠦ᠂ ᠵᠠᠮ ᠬᠠᠷᠢᠯᠴᠠᠭᠠᠨ ᠤ ᠪᠡᠯᠴᠢᠷ ᠲᠤ ᠪᠠᠶᠢᠷᠢᠯᠠᠨ᠂ ᠨᠡᠭᠦᠳᠡᠯ ᠬᠥᠮᠥᠨ ᠠᠮᠠ ᠬᠠᠷᠢᠴᠠᠩᠭᠤᠢ | ᠣᠯᠠᠨ᠃ | ᠪᠥᠬᠦ ᠪᠠᠯᠭᠠᠰᠤᠨ ᠤ ᠶᠡᠷᠦᠩᠬᠡᠢ ᠬᠥᠮᠥᠨ ᠠᠮᠠ 4418 ᠡᠷᠦᠬᠡ 11417 ᠬᠥᠮᠥᠨ᠂ ᠡᠭᠦᠨ ᠳᠤ ᠮᠠᠯᠵᠢᠬᠤ | ᠣᠷᠣᠨ ᠤ ᠪᠠᠶᠢᠩᠭᠤ ᠰᠠᠭᠤᠭ᠎ᠠ ᠬᠥᠮᠥᠨ ᠠᠮᠠ 2364 ᠡᠷᠦᠬᠡ 6151 ᠬᠥᠮᠥᠨ ᠪᠠᠶᠢᠵᠤ᠂ 22 ᠭᠠᠴᠠᠭ᠎ᠠ᠂1 | ᠨᠡᠶᠢᠭᠡᠮ ᠲᠣᠭᠤᠷᠢᠭ ᠢᠶᠠᠷ ᠪᠦᠷᠢᠯᠳᠦᠵᠡᠢ᠃ ᠰᠠᠩ ᠤᠨ ᠳᠠᠯᠠᠢ ᠪᠠᠯᠭᠠᠰᠤ ᠨᠢ ᠮᠠᠯ ᠠᠵᠤ ᠠᠬᠤᠢ ᠪᠠᠷ ᠭᠤᠣᠯᠯᠠᠭᠴᠢ | ᠲᠤᠯᠭᠠᠭᠤᠷᠢ ᠠᠵᠤ ᠦᠢᠯᠡᠰ ᠪᠣᠯᠭᠠᠭᠰᠠᠨ ᠮᠠᠯᠵᠢᠬᠤ ᠪᠠᠯᠭᠠᠰᠤ ᠪᠣᠯᠣᠨ᠎ᠠ᠂2019 ᠣᠨ ᠤ ᠮᠠᠯ ᠤᠨ ᠲᠤᠭ᠎ᠠ ᠨᠡᠶᠢᠲᠡ | 5.9 ᠲᠥᠮᠡ ᠳᠤ ᠬᠦᠷᠴᠦ᠂ ᠡᠭᠦᠨ ᠳᠤ ᠪᠣᠳᠠ ᠮᠠᠯ 3.9 ᠲᠥᠮᠡ᠂ ᠪᠣᠭ ᠮᠠᠯ 2 ᠲᠥᠮᠡ ᠪᠣᠢ᠃ ᠪᠥᠬᠦ | ᠪᠠᠯᠭᠠᠰᠤᠨ ᠤ ᠳᠠᠩᠰᠠ ᠡᠪᠬᠡᠮᠡᠯ ᠪᠠᠶᠢᠭᠤᠯᠤᠭᠰᠠᠨ ᠶᠠᠳᠠᠭᠤ ᠬᠦᠴᠢᠷᠳᠡᠯᠲᠠᠢ ᠡᠷᠦᠬᠡ ᠨᠡᠶᠢᠲᠠ 348 ᠡᠷᠦᠬᠡ 851 | ᠬᠥᠮᠥᠨ ᠪᠠᠶᠢᠵᠤ᠂ ᠨᠢᠭᠡᠨᠲᠡ ᠪᠥᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠠᠢ᠃ ᠡᠭᠦᠨ ᠳᠤ ᠡᠩ ᠤᠨ | ᠪᠠᠶᠢᠳᠠᠯ ᠢᠶᠠᠷ ᠶᠠᠳᠠᠭᠤ ᠠᠴᠠ ᠠᠩᠭᠢᠵᠢᠷᠠᠭᠰᠠᠨ ᠡᠷᠦᠬᠡ 321 ᠡᠷᠦᠬᠡ 785 ᠬᠥᠮᠥᠨ᠂ ᠲᠣᠭᠲᠠᠭᠤᠨ ᠢᠶᠠᠷ | ᠶᠠᠳᠠᠭᠤ ᠠᠴᠠ ᠠᠩᠭᠢᠵᠢᠷᠠᠭᠰᠠᠨᠡᠷᠦᠬᠡ 27 ᠡᠷᠦᠬᠡ 66 ᠬᠥᠮᠥᠨ᠃ ᠳᠣᠣᠷ᠎ᠠ ᠪᠠᠲᠤᠯᠠᠭᠠᠲᠤ ᠡᠷᠦᠬᠡ 728 | ᠡᠷᠦᠬᠡ 1303 ᠬᠥᠮᠥᠨ᠂ ᠲᠠᠪᠤᠨ ᠪᠠᠲᠤᠯᠠᠭᠠᠲᠤ ᠡᠷᠦᠬᠡ 25 ᠡᠷᠦᠬᠡ 25 ᠬᠥᠮᠥᠨ ᠪᠣᠢ᠃ 2020 ᠣᠨ ᠤ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ | ᠬᠥᠮᠥᠨ ᠤ ᠲᠤᠭ᠎ᠠ 8000 ᠪᠣᠢ᠃ | | | | ᠰᠠᠩ ᠤᠨ ᠳᠠᠯᠠᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | | |