| ᠪᠤᠱᠤᠤᠳᠠᠢ ᠰᠤᠮᠤ ᠶᠢᠨ ᠭᠠᠵᠠᠷ ᠵᠦᠢ ᠶᠢᠨ ᠪᠠᠶᠢᠷᠢᠯᠠᠯ ᠨᠢ ᠪᠤᠱᠤᠤᠳᠠᠢ ᠨᠠᠭᠤᠷ ᠤᠨ ᠣᠶᠢᠷᠠᠯᠴᠠᠭ᠎ᠠ ᠪᠠᠶᠢᠳᠠᠭ ᠠᠴᠠ | ᠪᠣᠯᠵᠣ ᠳᠣᠰ ᠨᠡᠷᠡᠶᠢᠳᠣᠯ ᠢ ᠣᠯᠣᠭᠰᠠᠨ ᠶᠣᠮ᠂ ᠲᠡᠷᠡᠪᠡᠷ ᠰᠢᠯᠤᠭᠤᠨ ᠬᠥᠬᠡ ᠬᠤᠰᠢᠭᠤᠨ ᠤ ᠪᠠᠷᠠᠭᠤᠨ ᠬᠤᠶᠢᠲᠤ | ᠬᠡᠰᠡᠭ ᠲᠤ ᠣᠷᠣᠰᠢᠵᠤ᠂ ᠮᠤᠨᠢ ᠠᠭᠤᠯᠠ ᠶᠢᠨ ᠠᠷᠤ ᠬᠤᠷᠮᠣᠶ ᠶᠢᠨ ᠵᠡᠭᠦᠨ ᠬᠡᠰᠡᠭ ᠪᠣᠯᠤᠨ ᠬᠤᠯᠠᠨ ᠰᠢᠷᠭ᠎ᠠ ᠳᠠᠭ᠎ᠠ | ᠶᠢᠨ ᠡᠯᠡᠰᠦᠨ ᠤ ᠳᠤᠮᠳᠠ ᠬᠡᠰᠡᠭ ᠤᠨ ᠠᠭᠤᠯᠵᠠᠷ ᠲᠤ ᠣᠷᠣᠰᠢᠵᠤ᠂ ᠵᠡᠭᠦᠨ ᠲᠠᠯ᠎ᠠ ᠨᠢ ᠰᠠᠩ ᠤᠨ ᠳᠠᠯᠠᠶ ᠪᠠᠯᠭᠠᠰᠣ | ᠲᠠᠢ ᠵᠠᠯᠭᠠᠯᠳᠤᠵᠤ ᠪᠠᠶᠢᠨ᠎ᠠ᠃ ᠡᠮᠦᠨᠡᠰᠢ ᠬᠠᠪᠢᠷᠭ᠎ᠠ ᠪᠠᠯᠭᠠᠰᠤ ᠲᠠᠢ ᠬᠥᠷᠰᠢᠯᠡᠵᠦ ᠪᠠᠷᠠᠭᠤᠨ ᠲᠠᠯ᠎ᠠ ᠨᠢ ᠰᠢᠯᠤᠭᠤᠨ | ᠬᠥᠪᠡᠭᠡᠲᠦ ᠴᠠᠭᠠᠨ ᠬᠤᠰᠢᠭᠤᠨ ᠤ ᠮᠢᠩᠭᠠᠨᠲᠤ ᠪᠠᠯᠭᠠᠰᠤ᠂ ᠶᠡᠭᠡ ᠨᠠᠭᠤᠷ ᠰᠤᠮᠤ ᠲᠠᠢ ᠵᠠᠬ᠎ᠠ ᠨᠡᠶᠢᠯᠡᠵᠦ᠂ ᠬᠤᠶᠢᠲᠤ | ᠲᠠᠯ᠎ᠠ ᠨᠢ ᠵᠢᠭᠠᠰᠤᠲᠠᠶ ᠰᠤᠮᠤ᠂ ᠨᠠᠷᠠᠲᠤ ᠰᠤᠮᠤ ᠲᠠᠢ ᠬᠥᠷᠰᠢᠯᠡᠳᠡᠭ᠃ ᠶᠡᠷᠦᠩᠬᠡᠶ ᠲᠠᠯᠠᠪᠠᠶ ᠨᠢ 187 ᠲᠦᠮᠡᠨ ᠮᠥ | ᠪᠠᠶᠢᠵᠤ᠂ ᠡᠭᠦᠨ ᠳᠤ ᠠᠰᠢᠭᠯᠠᠵᠤ ᠪᠣᠯᠬᠤ ᠪᠡᠯᠴᠢᠭᠡᠷ ᠤᠨ ᠲᠠᠯᠠᠪᠠᠶ ᠨᠢ 169 ᠲᠦᠮᠡᠨ ᠮᠥ ᠪᠣᠯᠤᠨ᠎ᠠ᠃ | | ᠪᠣᠱᠣᠣᠳᠠᠢ ᠰᠤᠮᠤᠨ ᠤ ᠬᠠᠷᠢᠶᠠᠨ ᠳᠤ 16 ᠭᠠᠴᠠᠭ᠎ᠠ᠂ 146 ᠬᠤᠲᠠ ᠪᠠᠶᠢᠵᠣ᠂ ᠶᠡᠷᠦᠩᠬᠡᠶ ᠬᠥᠮᠦᠨ ᠠᠮᠠ ᠨᠢ | 2098 ᠡᠷᠦᠬᠡ᠂ 6159 ᠬᠥᠮᠦᠨ᠂ ᠪᠠᠶᠢᠩᠭᠤ ᠰᠠᠭᠤᠭ᠎ᠠ ᠬᠥᠮᠦᠨ ᠠᠮᠠ ᠨᠢ 1326 ᠡᠷᠦᠬᠡ᠂ 3786 | ᠬᠥᠮᠦᠨ᠂ ᠣᠲᠣ 17 ᠨᠠᠮ ᠤᠨ ᠡᠭᠦᠷ᠂ 295 ᠨᠠᠮ ᠤᠨ ᠭᠡᠰᠢᠭᠦᠨ ᠪᠣᠶ᠃ ᠪᠦᠬᠦ ᠰᠣᠮᠣᠨ ᠤ ᠬᠤᠲᠠ ᠪᠠᠯᠭᠠᠰᠤᠨ | ᠤ ᠳᠣᠣᠷ᠎ᠠ ᠪᠠᠲᠤᠯᠠᠭ᠎ᠠ ᠬᠦᠷᠲᠡᠵᠦ ᠪᠠᠶᠭ᠎ᠠ 9 ᠡᠷᠦᠬᠡ 12 ᠬᠥᠮᠦᠨ᠂ ᠮᠠᠯᠵᠢᠬᠤ ᠣᠷᠣᠨ ᠤ ᠲᠣᠣᠷ᠎ᠠ ᠪᠠᠲᠤᠯᠠᠭ᠎ᠠ | ᠬᠦᠷᠲᠡᠵᠦ ᠪᠠᠶᠭ᠎ᠠ 366 ᠡᠷᠦᠬᠡ 706 ᠬᠥᠮᠦᠨ᠂ ᠲᠠᠪᠤᠨ ᠪᠠᠲᠤᠯᠠᠭᠠᠲᠤ ᠡᠷᠦᠬᠡ 28 ᠬᠥᠮᠦᠨ᠂ ᠳᠠᠩᠰᠠ ᠡᠪᠬᠡᠮᠡᠯ | ᠪᠠᠶᠢᠭᠤᠯᠤᠨ ᠺᠠᠷᠲ ᠵᠣᠬᠢᠶᠠᠭᠰᠠᠨ ᠶᠠᠳᠠᠭᠤ ᠬᠦᠴᠢᠷᠳᠡᠯᠲᠡᠶ ᠡᠷᠦᠬᠡ 252 ᠡᠷᠦᠬᠡ 605 ᠬᠥᠮᠦᠨ ᠪᠠᠶᠢᠵᠤ᠂ ᠣᠲᠣ | ᠨᠢᠭᠡᠨᠲᠡ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠡᠭᠦᠨ ᠳᠤ ᠳᠣᠭᠳᠠᠪᠦᠷᠢᠳᠡᠢ ᠶᠠᠳᠠᠭᠤ ᠠᠴᠠ | ᠠᠩᠭᠢᠵᠢᠷᠠᠭᠰᠠᠨ ᠨᠢ 53 ᠡᠷᠦᠬᠡ139 ᠬᠦᠮᠦᠨ᠂ ᠬᠡᠪ ᠤᠨ ᠪᠠᠶᠢᠳᠠᠯ ᠢᠶᠠᠷ ᠶᠠᠳᠠᠭᠤ ᠠᠴᠠ ᠠᠩᠭᠢᠵᠢᠷᠠᠭᠰᠠᠨ ᠨᠢ | 199 ᠡᠷᠦᠬᠡ 465 ᠬᠦᠮᠦᠨ᠃ ᠮᠠᠯᠵᠢᠬᠤ ᠣᠷᠣᠨ ᠤ ᠰᠢᠨ᠎ᠡ ᠬᠡᠯᠪᠡᠷᠢ ᠶᠢᠨ ᠦᠨᠳᠦᠰᠦᠨ ᠨᠠᠰᠤᠵᠢᠯ ᠤᠨ | ᠳᠠᠭᠠᠳᠬᠠᠯ ᠳᠤ ᠣᠷᠣᠯᠴᠠᠭᠰᠠᠨ ᠨᠣᠷᠮ᠎ᠠ ᠶᠢᠨ 80% ᠳᠤ ᠬᠦᠷᠴᠦ᠂ ᠬᠤᠷᠰᠢᠭᠰᠠᠨ ᠡᠮᠨᠡᠯᠭᠡ ᠶᠢᠨ ᠲᠠᠭᠠᠳᠬᠠᠯ ᠳᠤ | ᠣᠷᠣᠯᠴᠠᠭᠰᠠᠨ ᠨᠣᠷᠮ᠎ᠠ 100% ᠳᠤ ᠬᠦᠷᠴᠡᠢ᠃ ᠮᠠᠯ ᠠᠵᠤ ᠠᠬᠤᠶ ᠪᠠᠷ ᠠᠵᠤ ᠦᠶᠯᠡᠰ ᠤᠨ ᠭᠤᠣᠯᠳᠠᠯᠭ᠎ᠠ | ᠪᠣᠯᠭᠠᠵᠤ᠂ ᠲᠡᠵᠢᠭᠡᠨ ᠦᠷᠡᠵᠢᠭᠦᠯᠬᠦ ᠲᠥᠷᠥᠯ ᠵᠦᠶᠯ ᠨᠢ ᠭᠤᠤᠯᠳᠠᠭᠤ ᠦᠬᠡᠷ᠂ ᠬᠤᠨᠢ ᠪᠠᠷ ᠭᠤᠤᠯ ᠪᠣᠯᠭᠠᠵᠤ᠂ | 16 ᠭᠠᠴᠠᠭ᠎ᠠ ᠪᠦᠬᠦᠨ ᠢᠶᠠᠷ ᠢᠶᠠᠨ ᠮᠠᠯ ᠪᠡᠯᠴᠢᠭᠡᠷ ᠤᠨ ᠲᠡᠩᠴᠡᠭᠦᠷᠢᠰᠢᠯ ᠤᠨ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠵᠦ ᠪᠣᠢ᠃ | |