ᠰᠢᠯᠣᠭᠤᠨ ᠬᠦᠬᠡ ᠬᠤᠰᠢᠭᠤᠨ ᠤ ᠲᠠᠷᠢᠶᠠᠯᠠᠩ ᠮᠠᠯ ᠠᠵᠣ ᠠᠬᠤᠢ ᠪᠠ ᠰᠢᠨᠵᠢᠯᠡᠬᠦ ᠣᠬᠠᠭᠠᠨ ᠲᠧᠭᠨᠢᠭ ᠮᠡᠷᠭᠡᠵᠯ ᠤᠨ ᠳᠣᠪᠴᠢᠶ᠎ᠠ
ᠨᠡᠶᠢᠲᠡᠯᠡᠭᠰᠡᠨ ᠴᠠᠭ᠄
2024/2/27
       ᠨᠢᠭᠡ᠄ ᠪᠠᠶᠢᠭᠤᠯᠣᠮᠵᠢ ᠶᠢᠨ ᠦᠨᠳᠦᠰᠦᠨ ᠪᠠᠶᠢᠳᠠᠯ᠄       ᠰᠢᠯᠣᠭᠤᠨ ᠬᠦᠬᠡ ᠬᠤᠰᠢᠭᠤᠨ ᠤ ᠲᠠᠷᠢᠶᠠᠯᠠᠩ ᠮᠠᠯ ᠠᠵᠣ ᠠᠬᠤᠢ ᠪᠠ ᠰᠢᠨᠵᠢᠯᠡᠬᠦ ᠣᠬᠠᠭᠠᠨ ᠲᠧᠭᠨᠢᠭ ᠮᠡᠷᠭᠡᠵᠯ ᠤᠨ ᠳᠣᠪᠴᠢᠶᠠᠨ ᠤ  ᠵᠠᠰᠠᠭ ᠵᠠᠬᠢᠷᠭᠠᠨ ᠤ ᠣᠷᠣᠨ ᠲᠤᠭ᠎ᠠ14 ᠨᠡᠷ᠎ᠡ᠂ ᠣᠳᠣᠬᠠᠨ ᠳᠤ  ᠠᠯᠪᠠᠲᠠᠨ14 ᠨᠡᠷ᠎ᠡ᠂ ᠠᠵᠢᠯᠴᠢᠨ4ᠨᠡᠷ᠎ᠡ ᠪᠠᠶᠢᠨ᠎ᠠ᠂ ᠳᠣᠲᠣᠷ᠎ᠠ ᠪᠠᠨ ᠶᠡᠷᠦᠩᠬᠡᠶᠢᠯᠡᠭᠰᠡᠨ ᠠᠯᠪᠠᠨ ᠭᠡᠷ᠂ ᠡᠳ᠋ ᠤᠨ ᠶᠠᠪᠣᠳᠠᠯ ᠤᠨ ᠳᠠᠰᠤᠭ᠂ ᠮᠠᠯ ᠠᠵᠣ ᠠᠬᠤᠢ ᠶᠢᠨ ᠳᠠᠰᠤᠭ᠂ ᠲᠠᠷᠢᠶᠠᠯᠠᠩ ᠮᠠᠯ ᠠᠵᠣ ᠠᠬᠤᠢ ᠶᠢᠨ ᠮᠠᠰᠢᠨ ᠮᠧᠬᠠᠨᠢᠭ ᠤᠨ ᠳᠠᠰᠤᠭ᠂ ᠬᠦᠳᠡᠭᠡ ᠳᠣᠰᠬᠤᠨ ᠤ ᠨᠡᠶᠢᠭᠡᠮ ᠤᠨ ᠠᠵᠢᠯ ᠦᠢᠯᠡᠰ ᠢ ᠠᠬᠢᠭᠤᠯᠬᠤ ᠳᠠᠰᠤᠭ᠂ ᠮᠠᠯ ᠡᠮᠨᠡᠯᠭᠡ ᠶᠢᠨ ᠳᠠᠰᠤᠭ᠂ ᠠᠵᠣ ᠦᠢᠯᠡᠰᠵᠢᠭᠦᠯᠦᠯᠲᠡ ᠶᠢᠨ ᠳᠠᠰᠤᠭ᠂  ᠲᠠᠷᠢᠶᠠᠯᠠᠩ ᠮᠠᠯ ᠠᠵᠣ ᠠᠬᠤᠢ ᠶᠢᠨ ᠨᠡᠭᠡᠭᠡᠨ ᠬᠦᠭᠵᠢᠭᠦᠯᠦᠯᠲᠡ ᠶᠢᠨ ᠳᠠᠰᠤᠭ ᠂  ᠲᠠᠷᠢᠶᠠᠯᠠᠬᠤ ᠦᠢᠯᠡᠰ ᠤᠨ ᠳᠠᠰᠤᠭ ᠂ ᠰᠢᠨᠵᠢᠯᠡᠭᠡ ᠮᠡᠷᠭᠡᠵᠢᠯ ᠤᠨ ᠳᠠᠰᠤᠭ ᠵᠡᠷᠭᠡ ᠠᠷᠪᠠᠨ ᠰᠠᠯᠠᠭ᠎ᠠ ᠳᠠᠰᠤᠭ ᠲᠠᠢ ᠃ ᠬᠤᠰᠢᠭᠤ ᠨᠠᠮ ᠤᠨ ᠬᠤᠷᠢᠶᠠᠨ ᠤ ᠬᠦᠳᠡᠭᠡ ᠳᠣᠰᠬᠤᠨ ᠮᠠᠯᠵᠢᠬᠤ ᠲᠠᠷᠢᠶᠠᠯᠠᠬᠤ ᠣᠷᠣᠨ ᠤ ᠠᠵᠢᠯ ᠶᠢ ᠣᠳᠣᠷᠢᠳᠬᠤ ᠳᠣᠭᠤᠶᠢᠯᠠᠩ ᠤᠨ ᠠᠯᠪᠠᠨ ᠭᠡᠷ  ᠢ ᠲᠠᠷᠢᠶᠠᠯᠠᠩ ᠮᠠᠯ ᠠᠵᠣ ᠠᠬᠤᠢ ᠪᠠ ᠰᠢᠨᠵᠢᠯᠡᠬᠦ ᠣᠬᠠᠭᠠᠨ ᠲᠧᠭᠨᠢᠭ ᠮᠡᠷᠭᠡᠵᠯ ᠤᠨ ᠳᠣᠪᠴᠢᠶᠠᠨ  ᠳᠤ ᠪᠠᠶᠢᠭᠤᠯᠵᠣ᠂ ᠳᠣᠪᠴᠢᠶᠠᠨ ᠠᠴᠠ ᠡᠳᠦᠷ ᠳᠣᠲᠣᠮ ᠤᠨ ᠠᠵᠢᠯ ᠢ ᠬᠠᠷᠢᠭᠤᠴᠠᠵᠤ ᠪᠠᠶᠢᠨ᠎ᠠ᠃  ᠳᠣᠪᠴᠢᠶᠠᠨ ᠳᠤ ᠬᠠᠷᠢᠶᠠᠯᠠᠭᠳᠠᠬᠤ ᠠᠵᠢᠯ ᠦᠢᠯᠡᠰ ᠤᠨ ᠨᠢᠭᠡᠴᠡ11 ᠪᠠᠶᠢᠨ᠎ᠠ᠂ ᠳᠠᠷᠣᠢ᠄ ᠮᠠᠯ ᠡᠮᠨᠡᠯᠭᠡ ᠶᠢᠨ ᠲᠣᠪᠴᠢᠶ᠎ᠠ᠂ ᠠᠮᠢᠲᠠᠨ  ᠤ ᠬᠢᠵᠢᠭ ᠢ ᠣᠷᠢᠳᠴᠢᠯᠠᠨ ᠰᠡᠷᠭᠡᠶᠢᠯᠡᠬᠦ ᠲᠦᠪ᠂ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠭᠠᠵᠠᠷ᠂ ᠮᠠᠯ ᠠᠵᠣ ᠠᠬᠤᠢ ᠶᠢᠨ ᠠᠵᠢᠯᠯᠠᠬᠤ ᠦᠷᠲᠡᠭᠡ᠂ ᠲᠠᠷᠢᠶᠠᠯᠠᠩ ᠮᠠᠯ ᠠᠵᠣ ᠠᠬᠤᠢ ᠶᠢᠨ ᠡᠵᠡᠩᠨᠡᠨ ᠬᠠᠮᠢᠶᠠᠷᠣᠯᠲᠠ ᠶᠢᠨ ᠦᠷᠲᠡᠭᠡ ᠂ ᠲᠠᠷᠢᠶᠠᠯᠠᠩ ᠤᠨ ᠡᠨᠧᠷᠬᠢ ᠤᠨ ᠰᠢᠨᠵᠢᠯᠡᠭᠡ  ᠮᠡᠷᠭᠡᠵᠢᠯ ᠢ ᠳᠡᠯᠭᠡᠷᠡᠭᠦᠯᠬᠦ ᠦᠷᠲᠡᠭᠡ᠂ ᠣᠷᠭᠤᠮᠠᠯ ᠢ ᠬᠢᠨᠠᠨ ᠬᠠᠮᠢᠶᠠᠷᠬᠤ ᠦᠷᠲᠡᠭᠡ᠂ ᠲᠠᠷᠢᠶᠠᠯᠠᠩ ᠤᠨ ᠲᠧᠯᠸᠢᠰ ᠨᠡᠪᠲᠡᠷᠡᠭᠦᠯᠭᠡ ᠶᠢᠨ ᠰᠣᠷᠭᠠᠭᠤᠯᠢ᠂ ᠲᠠᠷᠢᠶᠠᠯᠠᠩ ᠮᠠᠯ ᠠᠵᠣ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠶᠡᠭᠡ ᠠᠩᠭᠢ᠂ ᠮᠠᠯ ᠠᠵᠣ ᠠᠬᠤᠢ   ᠮᠠᠰᠢᠨ ᠮᠧᠬᠠᠨᠢᠭ  ᠤᠨ  ᠠᠶᠣᠯᠭᠦᠢ  ᠶᠢ ᠬᠢᠨᠠᠨ ᠬᠠᠮᠢᠶᠠᠷᠬᠤ ᠦᠷᠳᠡᠭᠡ᠂ ᠲᠠᠷᠢᠶᠠᠯᠠᠩ ᠮᠠᠯ ᠠᠵᠣ ᠠᠬᠤᠢ ᠶᠢᠨ ᠮᠧᠬᠠᠨᠢᠭ ᠮᠡᠷᠭᠡᠵᠢᠯ ᠢ ᠳᠡᠯᠭᠡᠷᠡᠭᠦᠯᠬᠦ ᠦᠷᠲᠡᠭᠡ  ᠵᠡᠷᠭᠡ ᠪᠣᠯᠣᠨ᠎ᠠ᠂11 ᠠᠵᠢᠯ ᠦᠢᠯᠡᠰ ᠤᠨ ᠨᠢᠭᠡᠴᠡ ᠶᠢᠨ ᠺᠠᠲᠠᠷ ᠠᠵᠢᠯᠴᠢᠨ  ᠨᠡᠶᠢᠲᠡ58 ᠨᠡᠷ᠎ᠡ ᠪᠠᠶᠢᠨ᠎ᠠ᠃        ᠬᠤᠶᠠᠷ᠄ ᠪᠠᠶᠢᠭᠤᠯᠣᠮᠵᠢ ᠶᠢᠨ ᠭᠤᠣᠯ ᠡᠭᠦᠷᠭᠡ  ᠬᠠᠷᠢᠭᠤᠴᠠᠯᠭ᠎ᠠ      ᠬᠤᠰᠢᠭᠤᠨ ᠤ ᠲᠠᠷᠢᠶᠠᠯᠠᠩ ᠮᠠᠯ ᠠᠵᠣ ᠠᠬᠤᠢ ᠪᠠ ᠰᠢᠨᠵᠢᠯᠡᠬᠦ ᠣᠬᠠᠭᠠᠨ ᠲᠧᠭᠨᠢᠭ ᠮᠡᠷᠭᠡᠵᠯ ᠤᠨ   ᠳᠣᠪᠴᠢᠶ᠎ᠠ ᠨᠢ ᠳᠦᠪ ᠤᠨ《 ᠲᠠᠷᠢᠶᠠᠯᠠᠩ ᠮᠠᠯ  ᠠᠵᠣ ᠠᠬᠤᠢ ᠂ ᠲᠠᠷᠢᠶᠠᠯᠠᠬᠤ ᠮᠠᠯᠵᠢᠬᠤ ᠣᠷᠣᠨ᠂  ᠲᠠᠷᠢᠶᠠᠴᠢᠨ ᠮᠠᠯᠴᠢᠳ》 ᠤᠨ ᠠᠵᠢᠯ ᠤᠨ ᠰᠣᠭᠤᠮ ᠴᠢᠭᠯᠡᠯᠲᠡ ᠲᠦᠷᠦ ᠶᠢᠨ ᠪᠣᠳᠣᠯᠭ᠎ᠠ ᠶᠢ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠦᠪᠡᠷᠲᠡᠭᠡᠨ ᠵᠠᠰᠠᠬᠤ ᠣᠷᠣᠨ ᠤ  ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤ ᠨᠠᠮ  ᠤᠨ ᠬᠤᠷᠢᠶᠠᠨ ᠤ ᠰᠡᠶᠢᠳᠪᠦᠷᠢᠲᠦ ᠪᠣᠳᠣᠯᠭ᠎ᠠ ᠪᠠ ᠪᠠᠶᠢᠷᠢᠯᠠᠭᠤᠯᠣᠯᠲᠠ ᠶᠢ ᠬᠡᠷᠡᠭᠵᠢᠭᠦᠯᠵᠣ᠂ ᠠᠵᠢᠯ  ᠪᠠᠨ ᠭᠦᠢᠴᠡᠳᠬᠡᠬᠦ ᠶᠠᠪᠣᠴᠠ ᠳᠣᠮᠳᠠ᠂ ᠨᠠᠮ ᠤᠨ《 ᠲᠠᠷᠢᠶᠠᠯᠠᠩ ᠮᠠᠯ  ᠠᠵᠣ ᠠᠬᠤᠢ ᠂ ᠲᠠᠷᠢᠶᠠᠯᠠᠬᠤ ᠮᠠᠯᠵᠢᠬᠤ ᠣᠷᠣᠨ᠂  ᠲᠠᠷᠢᠶᠠᠴᠢᠨ ᠮᠠᠯᠴᠢᠳ》 ᠤᠨ ᠠᠵᠢᠯ ᠤᠨ ᠨᠢᠭᠡᠳᠦᠯᠲᠠᠢ ᠣᠳᠣᠷᠢᠳᠣᠯᠭ᠎ᠠ ᠶᠢ ᠪᠠᠷᠢᠮᠲᠠᠯᠠᠨ᠎ᠠ᠃        ︵  ᠨᠢᠭᠡ︶ ᠣᠯᠣᠰ ᠪᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠣ ᠠᠬᠤᠢ ᠶᠢᠨ ᠬᠠᠮᠢᠶᠠᠲᠠᠢ ᠬᠠᠣᠯᠢ ᠴᠠᠭᠠᠵᠠ ᠬᠠᠣᠯᠢ ᠳᠣᠭᠲᠠᠭᠠᠯ ᠲᠦᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠵᠣ᠂  ᠪᠥᠬᠦ ᠬᠤᠰᠢᠭᠤᠨ ᠤ《 ᠲᠠᠷᠢᠶᠠᠯᠠᠩ ᠮᠠᠯ  ᠠᠵᠣ ᠠᠬᠤᠢ ᠂ ᠲᠠᠷᠢᠶᠠᠯᠠᠬᠤ ᠮᠠᠯᠵᠢᠬᠤ ᠣᠷᠣᠨ᠂  ᠲᠠᠷᠢᠶᠠᠴᠢᠨ ᠮᠠᠯᠴᠢᠳ》  ᠤᠨ ᠠᠵᠣ ᠠᠬᠤᠢ ᠨᠡᠶᠢᠭᠡᠮ ᠤᠨ ᠬᠦᠭᠵᠢᠯᠲᠡ ᠶᠢᠨ ᠪᠣᠳᠣᠯᠭ᠎ᠠ ᠶᠢ ᠲᠦᠪᠯᠡᠷᠡᠭᠦᠯᠦᠨ ᠰᠣᠳᠣᠯᠬᠤ ᠪᠠ ᠵᠣᠬᠢᠶᠠᠨ ᠪᠠᠥᠭᠤᠯᠵᠣ ᠭᠡᠷᠡᠭᠵᠢᠭᠦᠯᠦᠨ᠎ᠡ᠃ ᠲᠠᠷᠢᠶᠠᠯᠠᠩ ᠮᠠᠯ ᠠᠵᠣ ᠠᠬᠤᠢ ᠶᠢᠨ ᠶᠡᠷᠦᠩᠬᠡᠶᠢᠯᠡᠭᠰᠡᠨ ᠬᠠᠣᠯᠢ ᠬᠡᠷᠡᠭᠵᠢᠭᠦᠯᠬᠦ ᠰᠢᠰᠲ᠋ᠧᠮ  ᠢ ᠪᠠᠶᠢᠭᠤᠯᠣᠨ ᠳᠡᠭᠦᠯᠳᠡᠷᠵᠢᠭᠦᠯᠦᠨ᠎ᠡ᠃        ︵ᠬᠤᠶᠠᠷ ︶ ᠬᠦᠳᠡᠭᠡ ᠳᠣᠰᠬᠤᠨ ᠮᠠᠯᠵᠢᠬᠤ ᠣᠷᠣᠨ  ᠢ ᠬᠦᠭᠵᠢᠭᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢ ᠨᠢᠭᠡᠳᠦᠯᠲᠠᠢ  ᠲᠦᠯᠦᠪᠯᠡᠨ  ᠬᠡᠷᠡᠭᠵᠢᠭᠦᠯᠵᠤ᠂ ᠬᠥᠳᠡᠭᠡ ᠳᠣᠰᠬᠤᠨ ᠮᠠᠯᠵᠢᠬᠤ ᠣᠷᠣᠨ ᠤ ᠨᠡᠶᠢᠭᠡᠮ   ᠤᠨ ᠦᠢᠯᠡᠰ ᠤᠨ ᠬᠦᠭᠵᠢᠯᠲᠡ ᠶᠢᠨ ᠲᠦᠯᠦᠪᠯᠡᠭᠡ ᠶᠢ ᠳᠣᠭᠲᠠᠭᠠᠨ᠎ᠠ᠃ ᠬᠥᠳᠡᠭᠡ ᠳᠣᠰᠬᠤᠨ ᠮᠠᠯᠵᠢᠬᠤ ᠣᠷᠣᠨ ᠤ ᠨᠡᠶᠢᠭᠡᠮ  ᠤᠨ ᠦᠢᠯᠡᠰ ᠤᠨ ᠬᠦᠭᠵᠢᠯᠲᠡ ᠶᠢᠨ ᠲᠠᠯ᠎ᠠ ᠪᠠᠷ ᠪᠠᠶᠢᠴᠭᠠᠨ ᠰᠣᠳᠣᠯᠣᠯᠲᠠ  ᠬᠢᠨ᠎ᠡ᠂ ᠬᠠᠮᠢᠶᠠᠲᠠᠢ ᠲᠦᠷᠦ  ᠶᠢᠨ ᠪᠣᠳᠣᠯᠭ᠎ᠠ ᠶᠢ ᠭᠡᠷᠡᠭᠵᠢᠭᠦᠯᠵᠤ᠂ᠬᠥᠳᠡᠭᠡ ᠳᠣᠰᠬᠤᠨ ᠮᠠᠯᠵᠢᠬᠤ ᠣᠷᠣᠨ ᠤ ᠨᠡᠶᠢᠭᠡᠮ  ᠤᠨ ᠦᠢᠯᠡᠰ ᠤᠨ ᠬᠦᠭᠵᠢᠯᠲᠡ ᠂ ᠣᠯᠠᠨ ᠨᠡᠶᠢᠲᠡ ᠶᠢᠨ ᠦᠢᠯᠡᠴᠢᠯᠡᠭᠡ᠂ ᠰᠠᠭᠤᠷᠢ  ᠪᠥᠳᠦᠭᠡᠨ ᠪᠠᠶᠢᠭᠤᠯᠣᠯᠲᠠ  ᠵᠢᠴᠢ ᠬᠦᠳᠡᠭᠡ ᠳᠣᠰᠬᠤᠨ ᠮᠠᠯᠵᠢᠬᠤ ᠣᠷᠣᠨ  ᠢ ᠵᠠᠰᠠᠬᠤ ᠠᠵᠢᠯ ᠢ ᠨᠢᠭᠡᠳᠦᠯᠲᠠᠢ  ᠲᠦᠯᠦᠪᠯᠡᠨ  ᠠᠬᠢᠭᠤᠯᠣᠨ᠎ᠠ᠃  ᠬᠦᠳᠡᠭᠡ ᠳᠣᠰᠬᠤᠨ ᠮᠠᠯᠵᠢᠬᠤ ᠲᠠᠷᠢᠶᠠᠯᠠᠬᠤ ᠣᠷᠣᠨ ᠤ  ᠠᠮᠢᠳᠣᠷᠠᠯ ᠤᠨ ᠣᠷᠴᠢᠨ ᠪᠠ ᠦᠢᠯᠡᠳᠪᠦᠷᠢᠯᠡᠯ ᠤᠨ ᠣᠷᠴᠢᠨ ᠰᠠᠶᠢᠵᠢᠷᠠᠭᠤᠯᠬᠤ ᠠᠵᠢᠯ  ᠢ ᠲᠦᠷᠦᠭᠦᠯᠦᠨ ᠵᠣᠬᠢᠴᠠᠭᠤᠯᠣᠯᠨ᠎ᠠ᠃        ︵  ᠭᠤᠷᠪᠠ︶ ᠬᠦᠳᠡᠭᠡ ᠳᠣᠰᠬᠤᠨ ᠮᠠᠯᠵᠢᠬᠤ ᠲᠠᠷᠢᠶᠠᠯᠠᠬᠤ ᠣᠷᠣᠨ ᠤ ᠠᠵᠣ ᠠᠬᠤᠢ ᠶᠢᠨ ᠪᠠᠶᠢᠭᠤᠯᠣᠯ  ᠤᠨ ᠥᠭᠡᠷᠡᠴᠢᠯᠡᠯᠲᠡ ᠶᠢ  ᠨᠢᠭᠡᠳᠦᠯᠲᠠᠢ ᠲᠥᠯᠦᠪᠯᠡᠨ ᠠᠬᠢᠭᠤᠯᠣᠨ᠎ᠠ᠃  ᠪᠥᠬᠦ ᠬᠤᠰᠢᠭᠤᠨ ᠤ ᠬᠦᠳᠡᠭᠡ ᠳᠣᠰᠬᠤᠨ ᠮᠠᠯᠵᠢᠬᠤ ᠲᠠᠷᠢᠶᠠᠯᠠᠬᠤ ᠣᠷᠣᠨ ᠤ ᠠᠵᠣ ᠠᠬᠤᠢ ᠶᠢᠨ ᠪᠠᠶᠢᠭᠤᠯᠣᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠦᠨᠳᠦᠰᠦᠨ ᠠᠵᠣ ᠠᠬᠤᠢ ᠶᠢᠨ ᠳᠦᠷᠢᠮ ᠤᠨ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠣᠳᠣᠯᠣᠨ ᠳᠣᠷᠠᠳᠣᠨ᠎ᠠ᠃ ᠮᠠᠯᠴᠢᠨ ᠲᠠᠷᠢᠶᠠᠴᠢᠳ ᠤᠨ ᠳᠠᠭᠠᠴᠢᠯᠠᠭᠰᠠᠨ ᠭᠠᠵᠠᠷ ᠤᠨ ᠬᠠᠮᠢᠶᠠᠷᠣᠯᠲᠠ ᠶᠢᠨ  ᠠᠵᠢᠯ ᠢ ᠵᠣᠬᠢᠶᠠᠨ  ᠪᠠᠶᠢᠭᠤᠯᠵᠣ ᠬᠡᠷᠡᠭᠵᠢᠭᠦᠯᠦᠨ᠎ᠡ᠃ ᠲᠠᠷᠢᠶᠠᠨ ᠭᠠᠵᠠᠷ ᠤᠨ ᠬᠡᠷᠡᠭᠯᠡᠬᠦ ᠡᠷᠬᠡ ᠶᠢᠨ ᠰᠢᠯᠵᠢᠯᠲᠡ ᠳᠤ ᠬᠢᠨᠠᠯᠲᠠ  ᠲᠠᠯᠪᠢᠨ᠎ᠠ ᠃ ᠳᠠᠭᠠᠴᠢᠯᠠᠯᠲᠠ ᠶᠢᠨ ᠵᠢᠭᠤᠷᠠᠯᠳᠣᠭᠠᠨ ᠢ ᠬᠦᠨᠳᠡᠯᠡᠨ ᠠᠴᠠ ᠳᠠᠰᠣᠯᠬᠤ ᠠᠵᠢᠯ  ᠢ ᠵᠢᠯᠣᠭᠤᠳᠣᠨ᠎ᠠ᠃ ᠬᠦᠳᠡᠭᠡ ᠳᠣᠰᠬᠤᠨ ᠮᠠᠯᠵᠢᠬᠤ ᠲᠠᠷᠢᠶᠠᠯᠠᠬᠤ ᠣᠷᠣᠨ ᠤ  ᠨᠡᠶᠢᠲᠡ ᠶᠢᠨ ᠠᠵᠣ ᠠᠬᠤᠢ ᠶᠢᠨ ᠵᠣᠬᠢᠶᠠᠨ ᠪᠠᠶᠢᠭᠤᠯᠣᠯᠲᠠ ᠶᠢᠨ ᠬᠦᠭᠵᠢᠯᠲᠡ ᠶᠢ ᠵᠢᠯᠣᠭᠤᠳᠣᠨ᠎ᠠ ᠨᠡᠶᠢᠲᠡ ᠶᠢᠨ ᠦᠮᠴᠢᠯᠡᠯ ᠤᠨ ᠡᠷᠬᠡ ᠶᠢᠨ ᠥᠭᠡᠷᠡᠴᠢᠯᠡᠯᠲᠡ ᠪᠠ ᠨᠡᠶᠢᠲᠡ ᠶᠢᠨ ᠡᠳ᠋ ᠬᠦᠷᠦᠩᠭᠡ ᠶᠢᠨ ᠬᠠᠮᠢᠶᠠᠷᠣᠯᠲᠠ ᠶᠢᠨ ᠠᠵᠢᠯ ᠢ  ᠵᠣᠬᠢᠶᠠᠨ ᠪᠠᠶᠢᠭᠤᠯᠵᠣ ᠬᠡᠷᠭᠵᠢᠭᠦᠯᠦᠨ᠎ᠡ᠃ ᠮᠠᠯᠴᠢᠨ ᠲᠠᠷᠢᠶᠠᠴᠢᠳ  ᠤᠨ ᠬᠠᠮᠲᠦ ᠶᠢᠨ ᠠᠵᠣ ᠠᠬᠤᠢ ᠶᠢᠨ ᠵᠣᠬᠢᠶᠠᠨ  ᠪᠠᠶᠢᠭᠤᠯᠣᠯᠲᠠ ᠂  ᠲᠠᠷᠢᠶᠠᠯᠠᠩ ᠮᠠᠯ ᠠᠵᠣ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ  ᠶᠢ ᠵᠢᠯᠣᠭᠤᠳᠣᠨ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠣ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ   ᠶᠢᠨ  ᠪᠠᠶᠢᠭᠤᠯᠣᠯᠲᠠ ᠪᠠ ᠬᠦᠭᠵᠢᠯᠲᠡ ᠶᠢ ᠬᠠᠷᠢᠭᠤᠴᠠᠨ᠎ᠠ᠃ ᠲᠠᠷᠢᠶᠠᠴᠢᠨ ᠮᠠᠯᠴᠢᠳ ᠤᠨ ᠳᠠᠷᠣᠭᠠᠰᠦ ᠶᠢ ᠬᠦᠩᠭᠡᠷᠡᠭᠦᠯᠬᠦ ᠠᠵᠢᠯ ᠢ ᠬᠢᠨᠠᠯᠲᠠ ᠲᠠᠯᠪᠢᠬᠤ ᠪᠠ  ᠬᠠᠮᠢᠶᠠᠷᠴᠣ᠂ ᠲᠠᠷᠢᠶᠠᠴᠢᠨ ᠮᠠᠯᠴᠢᠳ ᠤᠨ  ᠪᠡᠯᠡ ᠴᠣᠯᠠᠭᠤᠯᠵᠣ ᠬᠦᠳᠡᠯᠮᠥᠷᠢ ᠬᠦᠴᠦ ᠴᠣᠭᠯᠠᠭᠤᠯᠬᠤ ᠠᠵᠢᠯ ᠢ ᠵᠢᠯᠣᠭᠤᠳᠣᠨ᠎ᠠ᠃         ︵ᠳᠦᠷᠪᠡ︶  ᠲᠠᠷᠢᠶᠠᠯᠠᠩ ᠮᠠᠯ ᠠᠵᠣ ᠠᠬᠤᠢ ᠶᠢᠨ ᠠᠵᠣ ᠦᠢᠯᠡᠰᠵᠢᠭᠦᠯᠦᠨ ᠡᠵᠡᠩᠨᠡᠬᠦ ᠲᠦᠷᠦ ᠶᠢᠨ ᠪᠣᠳᠣᠯᠭ᠎ᠠ  ᠶᠢᠨ ᠲᠦᠯᠦᠪᠵᠢᠭᠦᠯᠭᠡ ᠶᠢ ᠬᠠᠷᠢᠭᠤᠴᠠᠨ ᠳᠣᠭᠲᠠᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠨᠴᠠᠯᠢᠭᠲᠦ ᠠᠵᠣ ᠦᠢᠯᠡᠰ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ  ᠢ ᠡᠳ᠋ᠰᠢᠭᠦᠯᠬᠦ᠂  ᠰᠡᠯᠡᠭᠦᠴᠡᠯ ᠤᠨ ᠲᠠᠷᠢᠶᠠᠯᠠᠩ ᠮᠠᠯ ᠠᠵᠣ ᠠᠬᠤᠢ ᠶᠢᠨ ᠶᠢᠨ ᠬᠦᠭᠵᠢᠯᠲᠡ ᠵᠢᠴᠢ ᠠᠵᠣ ᠦᠢᠯᠡᠰᠵᠢᠭᠦᠯᠦᠯᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠣᠯᠲᠠ ᠶᠢ ᠵᠣᠬᠢᠶᠠᠨ ᠪᠠᠶᠢᠭᠤᠯᠵᠣ ᠬᠡᠷᠡᠭᠵᠢᠭᠦᠯᠦᠨ᠎ᠡ᠃ᠬᠦᠳᠡᠭᠡ ᠳᠣᠰᠬᠤᠨ ᠮᠠᠯᠵᠢᠬᠤ ᠲᠠᠷᠢᠶᠠᠯᠠᠬᠤ ᠣᠷᠣᠨ ᠤ  ᠠᠵᠣ ᠦᠢᠯᠡᠰ ᠪᠠᠷ ᠶᠠᠳᠠᠭᠤ ᠶᠢ ᠳᠡᠳᠬᠦᠬᠦ ᠠᠵᠢᠯ ᠢ ᠵᠣᠬᠢᠶᠠᠨ ᠪᠠᠶᠢᠭᠤᠯᠵᠣ ᠬᠡᠷᠡᠭᠵᠢᠭᠦᠯᠦᠨ᠎ᠡ᠃         ︵  ᠲᠠᠪᠤ︶  ᠪᠦᠬᠦ ᠬᠤᠰᠢᠭᠤᠨ ᠤ ᠰᠢᠨᠵᠢᠯᠡᠭᠡ ᠮᠡᠷᠭᠡᠵᠢᠯ ᠤᠨ  ᠲᠥᠯᠦᠪᠯᠡᠭᠡ ᠶᠢ ᠳᠣᠭᠲᠠᠭᠠᠵᠣ ᠵᠣᠬᠢᠶᠠᠨ ᠪᠠᠶᠢᠭᠤᠯᠵᠣ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠰᠢᠨᠵᠢᠯᠡᠭᠡ ᠮᠡᠷᠭᠡᠵᠢᠯ  ᠢᠶᠠᠷ ᠠᠵᠣ ᠠᠬᠤᠢ ᠨᠡᠶᠢᠭᠡᠮ ᠤᠨ ᠬᠦᠭᠵᠢᠯᠲᠡ ᠶᠢ ᠠᠬᠢᠭᠤᠯᠬᠤ ᠶᠢ ᠰᠣᠳᠣᠯᠵᠣ᠂ ᠰᠢᠨᠵᠢᠯᠡᠭᠡ ᠮᠡᠷᠭᠡᠵᠢᠯ ᠤᠨ ᠡᠬᠢ ᠪᠠᠶᠠᠯᠢᠭ  ᠤᠨ ᠳᠣᠬᠢᠷᠠᠭᠤᠯᠣᠯᠲᠠ  ᠶᠢ ᠰᠢᠯᠢᠳᠡᠭᠵᠢᠭᠦᠯᠦᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠣ ᠪᠦᠬᠦ ᠬᠤᠰᠢᠭᠤᠨ ᠤ ᠰᠢᠨᠵᠢᠯᠡᠭᠡ ᠮᠡᠷᠭᠡᠵᠢᠯ ᠤᠨ ᠬᠦᠭᠵᠢᠯᠲᠡ ᠶᠢ ᠰᠣᠳᠣᠯᠣᠨ ᠳᠣᠭᠲᠠᠭᠠᠨ᠎ᠠ᠃ ᠰᠢᠨᠵᠢᠯᠡᠭᠡ ᠮᠡᠷᠭᠡᠵᠢᠯ ᠢᠶᠠᠷ  ᠬᠦᠳᠡᠭᠡ ᠳᠣᠰᠬᠤᠨ ᠮᠠᠯᠵᠢᠬᠤ ᠲᠠᠷᠢᠶᠠᠯᠠᠬᠤ ᠣᠷᠣᠨ  ᠪᠠ  ᠨᠡᠶᠢᠭᠡᠮ ᠤᠨ ᠬᠦᠭᠵᠢᠯᠲᠡ  ᠶᠢ ᠠᠬᠢᠭᠤᠯᠬᠤ ᠱᠣᠭᠤᠮ ᠴᠢᠭᠯᠡᠯᠲᠡ ᠲᠦᠷᠦ  ᠶᠢᠨ ᠪᠣᠳᠣᠯᠭ᠎ᠠ ᠶᠢ ᠵᠣᠬᠢᠶᠠᠨ ᠪᠠᠶᠢᠭᠤᠯᠵᠣ  ᠳᠣᠭᠲᠠᠭᠠᠵᠤ᠂ ᠬᠠᠮᠢᠶᠠᠲᠠᠢ  ᠴᠢᠬᠤᠯᠠ ᠠᠷᠭ᠎ᠠ ᠬᠡᠮᠵᠢᠶ᠎ᠠ ᠪᠠ ᠠᠷᠭ᠎ᠠ ᠶᠢ ᠳᠣᠭᠲᠠᠭᠠᠵᠣ᠂ ᠠᠷᠠᠳ ᠤᠨ ᠠᠮᠢᠳᠣᠷᠠᠯ ᠢ ᠳᠡᠭᠡᠭᠰᠢᠯᠡᠭᠦᠯᠬᠦ ᠪᠠᠷ ᠭᠤᠣᠯ ᠪᠣᠯᠭᠠᠭᠰᠠᠨ ᠬᠦᠳᠡᠭᠡ ᠳᠣᠰᠬᠤᠨ ᠮᠠᠯᠵᠢᠬᠤ ᠲᠠᠷᠢᠶᠠᠯᠠᠬᠤ ᠣᠷᠣᠨ ᠤᠨ ᠪᠦᠲᠦᠭᠡᠨ ᠪᠠᠶᠢᠭᠤᠯᠣᠯᠲᠠ ᠶᠢ ᠲᠦᠯᠬᠢᠨ  ᠠᠬᠢᠭᠤᠯᠣᠨ᠎ᠠ᠃          ︵  ᠵᠢᠷᠭᠤᠭ᠎ᠠ︶ ᠲᠠᠷᠢᠶᠠᠯᠠᠩ ᠤᠨ ᠪᠥᠲᠦᠭᠡᠭᠳᠡᠭᠦᠨ ᠪᠠ ᠮᠠᠯ ᠤᠨ ᠠᠰᠢᠭ ᠰᠢᠮ᠎ᠠ ᠶᠢᠨ ᠵᠠᠬ᠎ᠠ ᠳᠡᠯᠭᠡᠭᠦᠷ  ᠤᠨ ᠰᠢᠰᠲ᠋ᠧᠮ ᠤᠨ ᠪᠠᠶᠢᠭᠤᠯᠣᠯᠲᠠ ᠪᠠ ᠬᠦᠭᠵᠢᠯᠲᠡ ᠶᠢᠨ ᠲᠦᠯᠦᠪᠯᠡᠭᠡ ᠶᠢ ᠬᠠᠷᠢᠭᠤᠴᠠᠨ  ᠳᠣᠭᠲᠠᠭᠠᠵᠣ᠂ ᠲᠠᠷᠢᠶᠠᠯᠠᠩ ᠮᠠᠯᠯ ᠠᠵᠣ ᠠᠬᠤᠢ ᠶᠢᠨ ᠲᠦᠷᠦᠯ ᠲᠡᠮᠳᠡᠭ ᠶᠢ ᠪᠣᠢ ᠪᠣᠯᠭᠠᠵᠣ ᠬᠠᠮᠠᠭᠠᠯᠠᠨ᠎ᠠ᠃  ᠲᠠᠷᠢᠶᠠᠯᠠᠩ ᠮᠠᠯ ᠠᠵᠣ ᠠᠬᠤᠢ ᠪᠠ  ᠮᠠᠯᠵᠢᠬᠤ  ᠲᠠᠷᠢᠶᠠᠯᠠᠬᠤ ᠣᠷᠣᠨ ᠤ  ᠠᠵᠣ ᠠᠬᠤᠢ ᠶᠢᠨ ᠡᠷᠭᠢᠯᠲᠡ ᠶᠢ ᠬᠢᠨᠠᠨ ᠬᠡᠮᠵᠢᠵᠣ ᠵᠠᠳᠠᠯᠣᠯᠲᠠ ᠬᠢᠨ᠎ᠡ᠂ ᠲᠠᠷᠢᠶᠠᠯᠠᠩ ᠮᠠᠯ ᠠᠵᠣ ᠠᠬᠤᠢ ᠪᠠ  ᠮᠠᠯᠵᠢᠬᠤ ᠲᠠᠷᠢᠶᠠᠯᠠᠬᠤ ᠣᠷᠣᠨ ᠤ  ᠠᠵᠣ ᠠᠬᠤᠢ ᠶᠢᠨ ᠰᠣᠷᠠᠭ ᠵᠠᠩᠭᠢ ᠶᠢ ᠪᠦᠷᠢᠳᠬᠡᠬᠦ ᠪᠠ ᠨᠡᠶᠢᠲᠡᠯᠡᠬᠦ ᠠᠵᠢᠯ ᠶᠢ  ᠬᠠᠷᠢᠭᠤᠴᠠᠵᠣ᠂ᠲᠠᠷᠢᠶᠠᠯᠠᠩ ᠮᠠᠯ ᠠᠵᠣ ᠠᠬᠤᠢ ᠪᠠ  ᠮᠠᠯᠵᠢᠬᠤ  ᠲᠠᠷᠢᠶᠠᠯᠠᠬᠤ ᠣᠷᠣᠨ ᠤ  ᠰᠣᠷᠠᠭ ᠵᠠᠩᠭᠢᠵᠢᠯᠠᠯᠲᠠ ᠶᠢᠨ ᠠᠵᠢᠯ ᠶᠢ ᠵᠣᠬᠢᠶᠠᠨ ᠪᠠᠶᠢᠭᠤᠯᠵᠣ ᠬᠡᠷᠡᠭᠵᠢᠭᠦᠯᠦᠨ᠎ᠡ᠃          ︵  ᠳᠣᠯᠤᠭ᠎ᠠ︶ ᠮᠠᠯ ᠠᠵᠣ ᠠᠬᠤᠢ᠂ ᠲᠠᠷᠢᠮᠠᠯ ᠤᠨ ᠦᠢᠯᠡᠰ᠂  ᠵᠭᠠᠰᠣᠨ ᠠᠵᠣ ᠠᠠᠬᠤᠢ᠂᠂ ᠲᠠᠷᠢᠶᠠᠯᠠᠩ᠂ ᠲᠠᠷᠢᠶᠠᠯᠠᠩ ᠮᠠᠯ ᠠᠵᠣ ᠠᠬᠤᠢ ᠶᠢᠨ ᠮᠠᠰᠢᠨᠴᠢᠯᠠᠯᠠᠲᠠ  ᠵᠡᠷᠭᠡ ᠡᠯ᠎ᠡ ᠠᠵᠣ ᠦᠢᠯᠡᠰ ᠤᠨ ᠦᠢᠯᠡᠴᠢᠯᠡᠭᠡ ᠪᠠ ᠬᠢᠨᠠᠨ ᠬᠠᠮᠢᠶᠠᠷᠬᠤ ᠠᠵᠢᠯ ᠶᠢ ᠬᠠᠷᠢᠭᠤᠴᠠᠨ᠎ᠠ᠃ ᠮᠢᠬ᠎ᠠ᠂ ᠠᠮᠣ ᠪᠣᠳᠠᠭ᠎ᠠ᠂  ᠰᠦᠨ ᠤ ᠦᠢᠯᠡᠰ᠂ ᠳᠡᠵᠢᠭᠡᠯ ᠪᠣᠷᠳᠤᠭ᠎ᠠ᠂ ᠣᠰᠣᠨ  ᠭᠠᠷᠣᠯᠲᠠ ᠵᠡᠷᠭᠡ ᠭᠤᠣᠯ ᠲᠠᠷᠢᠶᠠᠯᠠᠩ ᠤᠨ ᠪᠥᠲᠦᠭᠡᠭᠳᠡᠭᠦᠨ ᠪᠠ ᠮᠠᠯ ᠤᠨ ᠠᠰᠢᠭ ᠰᠢᠮ᠎ᠡ ᠤᠨ ᠦᠢᠯᠡᠳᠪᠦᠷᠢᠯᠡᠯ ᠤᠨ ᠬᠦᠭᠵᠢᠯᠲᠡ ᠶᠢᠨ ᠬᠠᠮᠢᠶᠠᠲᠠᠢ ᠲᠦᠷᠦ  ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠵᠣ ᠭᠡᠷᠡᠭᠵᠢᠭᠦᠯᠦᠨ᠎ᠡ᠃ ᠣᠳᠣᠬᠢᠴᠢᠯᠠᠭᠰᠠᠨ ᠲᠠᠷᠢᠶᠠᠯᠠᠩ ᠮᠠᠯ ᠠᠵᠣ ᠠᠬᠤᠢ ᠶᠢᠨ ᠠᠵᠣ ᠦᠢᠯᠡᠰ ᠤᠨ  ᠰᠢᠰᠲ᠋ᠧᠮ᠂  ᠦᠢᠯᠡᠳᠪᠦᠷᠢᠯᠡᠯ ᠤᠨ ᠰᠢᠰᠲ᠋ᠧᠮ ᠪᠠ ᠡᠵᠡᠩᠨᠡᠯᠲᠡ ᠶᠢᠨ ᠰᠢᠰᠲ᠋ᠧᠮ  ᠤᠨ ᠵᠣᠬᠢᠶᠠᠨ ᠪᠠᠶᠢᠭᠤᠯᠵᠣ  ᠪᠥᠷᠢᠯᠳᠦᠭᠦᠯᠦᠨ᠎ᠡ᠃ ᠲᠠᠷᠢᠶᠠᠯᠠᠩ ᠮᠠᠯ ᠠᠵᠣ ᠠᠬᠤᠢ ᠶᠢᠨ ᠪᠥᠳᠦᠴᠡ ᠶᠢᠨ ᠳᠣᠬᠢᠷᠠᠭᠤᠯᠣᠯᠲᠠ ᠶᠢ ᠵᠢᠯᠣᠭᠤᠳᠴᠣ᠂ ᠪᠠᠶᠢᠷᠢᠰᠢᠭᠤᠯᠣᠯᠲᠠ ᠶᠢ ᠰᠢᠯᠢᠳᠡᠭᠵᠢᠭᠦᠯᠦᠨ᠎ᠡ᠃  ᠲᠠᠷᠢᠶᠠᠯᠠᠩ ᠮᠠᠯ  ᠠᠵᠣ ᠠᠬᠤᠢ ᠶᠢᠨ  ᠪᠠᠷᠢᠮᠵᠢᠶᠠᠵᠢᠭᠰᠠᠨ᠂ ᠡᠷᠴᠢᠮᠵᠢᠭᠰᠡᠨ ᠦᠢᠯᠡᠳᠪᠦᠷᠢᠯᠡᠯ ᠶᠢ ᠵᠣᠬᠢᠶᠠᠨ ᠪᠠᠶᠢᠭᠤᠯᠵᠣ ᠬᠡᠷᠡᠭᠵᠢᠭᠦᠯᠦᠨ᠎ᠡ  ᠃ ᠰᠢᠯᠢᠳᠡᠭ᠂ ᠦᠨᠳᠦᠷ ᠦᠷ᠎ᠡ ᠠᠰᠢᠭ ᠲᠠᠢ᠂ ᠪᠣᠬᠢᠷᠳᠠᠯ ᠦᠭᠡᠢ ᠂ ᠠᠶᠦᠯᠭᠦᠢ ᠲᠠᠷᠢᠶᠠᠯᠠᠩ ᠮᠠᠯ ᠠᠵᠣ ᠠᠬᠤᠢ ᠶᠢᠨ ᠬᠦᠭᠵᠢᠯᠲᠡ ᠶᠢ ᠲᠦᠯᠬᠢᠨ ᠠᠬᠢᠭᠤᠯᠣᠨ᠎ᠠ᠃           ︵  ᠨᠠᠢᠮᠠ︶ ᠲᠠᠷᠢᠶᠠᠯᠠᠩ ᠤᠨ ᠪᠥᠲᠦᠭᠡᠭᠳᠡᠭᠦᠨ ᠪᠠ ᠮᠠᠯ ᠤᠨ ᠠᠰᠢᠭ ᠰᠢᠮ᠎ᠠ ᠶᠢᠨ ᠶᠠᠰᠦ ᠴᠢᠨᠠᠷ ᠤᠨ ᠠᠶᠦᠯᠭᠦᠢ ᠶᠢ ᠬᠢᠨᠠᠨ ᠬᠠᠮᠢᠶᠠᠷᠣᠨ᠎ᠠ᠃ ᠲᠠᠷᠢᠶᠠᠯᠠᠩ ᠤᠨ ᠪᠥᠲᠦᠭᠡᠭᠳᠡᠭᠦᠨ ᠪᠠ ᠮᠠᠯ ᠤᠨ ᠠᠰᠢᠭ ᠰᠢᠮ᠎ᠠ ᠶᠢᠨ ᠶᠠᠰᠦ ᠴᠢᠨᠠᠷ ᠤᠨ ᠠᠶᠦᠯᠭᠦᠢ ᠶᠢ  ᠰᠢᠯᠭᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠣᠨ ᠬᠡᠷᠡᠭᠵᠢᠭᠦᠯᠬᠦ ᠶᠢᠨ ᠬᠠᠮᠲᠦ‌‍ᠲ᠋ᠠᠷᠢᠶᠠᠯᠠᠩ ᠤᠨ ᠪᠥᠲᠦᠭᠡᠭᠳᠡᠭᠦᠨ ᠪᠠ ᠮᠠᠯ ᠤᠨ ᠠᠰᠢᠭ ᠰᠢᠮ᠎ᠠ ᠶᠢᠨ ᠶᠠᠰᠦ ᠴᠢᠨᠠᠷ ᠤᠨ ᠠᠶᠦᠯᠭᠦᠢ  ᠶᠢᠨ ᠪᠠᠶᠢᠳᠠᠯ ᠤᠨ ᠰᠣᠷᠠᠭ  ᠵᠠᠩᠭᠢ ᠶᠢ ᠨᠡᠶᠢᠲᠡᠯᠡᠨ᠎ᠡ᠃ ᠲᠠᠷᠢᠶᠠᠯᠠᠩ ᠤᠨ ᠪᠥᠲᠦᠭᠡᠭᠳᠡᠭᠦᠨ ᠪᠠ ᠮᠠᠯ ᠤᠨ ᠠᠰᠢᠭ ᠰᠢᠮ᠎ᠠ  ᠶᠢᠨ ᠶᠠᠰᠦ ᠴᠢᠨᠠᠷ ᠤᠨ ᠠᠶᠦᠯᠭᠦᠢ ᠶᠢ ᠪᠠᠷᠢᠮᠵᠢᠶᠠᠵᠢᠭᠤᠯᠬᠤ ᠠᠵᠢᠯ  ᠢ ᠬᠠᠷᠢᠭᠤᠴᠠᠨ᠎ᠠ᠃ ᠪᠦᠬᠦ ᠬᠤᠰᠢᠭᠤᠨ ᠤ ᠲᠠᠷᠢᠶᠠᠯᠠᠩ ᠮᠠᠯ ᠠᠵᠣ ᠠᠬᠤᠢ ᠶᠢᠨ ᠰᠢᠯᠭᠠᠨ ᠪᠠᠶᠢᠴᠠᠭᠠᠬᠤ ᠬᠡᠮᠵᠢᠬᠦ ᠰᠢᠰᠲ᠋ᠧᠮ  ᠤᠨ ᠪᠠᠶᠢᠭᠤᠯᠣᠯᠲᠠ  ᠪᠠ ᠲᠠᠷᠢᠶᠠᠯᠠᠩ ᠤᠨ ᠪᠥᠲᠦᠭᠡᠭᠳᠡᠭᠦᠨ ᠪᠠ ᠮᠠᠯ ᠤᠨ ᠠᠰᠢᠭ ᠰᠢᠮ᠎ᠠ ᠶᠢᠨ ᠶᠠᠰᠦ ᠴᠢᠨᠠᠷ ᠤᠨ ᠠᠶᠦᠯᠭᠦᠢ ᠶᠢ ᠨᠡᠬᠡᠮᠵᠢᠯᠡᠬᠦ ᠰᠢᠰᠲ᠋ᠧᠮ ᠤᠨ ᠪᠠᠶᠢᠭᠤᠯᠣᠯᠲᠠ ᠶᠢ ᠪᠥᠷᠢᠯᠳᠦᠭᠦᠯᠵᠣ᠂ ᠪᠣᠬᠢᠷᠳᠠᠯ ᠦᠭᠡᠢ  ᠣᠷᠭᠠᠨᠢᠭ ᠲᠠᠷᠢᠶᠠᠯᠠᠩ ᠤᠨ ᠪᠥᠲᠦᠭᠡᠭᠳᠡᠭᠦᠨ ᠪᠠ ᠮᠠᠯ ᠤᠨ ᠠᠰᠢᠭ ᠰᠢᠮ᠎ᠠ  ᠪᠠ ᠣᠷᠭᠠᠨᠢᠭ ᠲᠠᠷᠢᠶᠠᠯᠠᠩ ᠮᠠᠯ ᠠᠵᠣ ᠠᠬᠤᠢ ᠶᠢᠨ  ᠬᠦᠭᠵᠢᠯᠲᠡ᠂  ᠭᠠᠵᠠᠷ ᠵᠦᠢ ᠶᠢᠨ  ᠳᠡᠮᠳᠡᠭᠲᠦ ᠲᠠᠷᠢᠶᠠᠯᠠᠩ ᠤᠨ ᠪᠥᠲᠦᠭᠡᠭᠳᠡᠭᠦᠨ  ᠢ ᠪᠠᠶᠢᠭᠤᠯᠬᠤ ᠬᠠᠮᠢᠶᠠᠲᠠᠢ ᠠᠵᠢᠯ ᠶᠢ  ᠵᠣᠬᠢᠶᠠᠨ ᠪᠠᠶᠢᠭᠤᠯᠵᠣ ᠭᠡᠷᠡᠭᠵᠢᠭᠦᠯᠦᠨ᠎ᠡ᠃        ︵  ᠶᠢᠰᠦ︶ ᠲᠠᠷᠢᠶᠠᠯᠠᠩ  ᠮᠠᠯ ᠠᠵᠣ ᠠᠬᠤᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠦᠷᠭᠦᠯᠵᠢᠯᠡᠨ ᠠᠰᠢᠭᠯᠠᠬᠤ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠣ ᠠᠬᠤᠢ ᠳᠤ ᠬᠡᠷᠡᠭᠯᠡᠬᠦ ᠭᠠᠵᠠᠷ᠂ ᠵᠢᠭᠠᠰᠦᠨ ᠠᠵᠣ ᠠᠬᠤᠢ ᠶᠢᠨ ᠣᠰᠣᠨ ᠣᠷᠣᠨ ᠂ ᠲᠠᠷᠢᠶᠠᠯᠠᠩ ᠮᠠᠯ ᠠᠵᠣ ᠠᠬᠤᠢ ᠶᠢᠨ ᠠᠮᠢᠳᠦ ᠪᠣᠳᠠᠰ ᠤᠨ ᠡᠬᠢ ᠪᠠᠶᠠᠯᠢᠭ᠂ ᠣᠰᠣᠨ ᠤ ᠠᠮᠢᠲᠠᠨ ᠣᠷᠭᠤᠮᠠᠯ  ᠢ ᠬᠠᠮᠠᠭᠠᠯᠠᠬᠤ ᠪᠠ ᠬᠠᠮᠢᠶᠠᠷᠬᠤ ᠶᠢ ᠬᠠᠷᠢᠭᠤᠴᠠᠨ᠎ᠠ᠃ ᠲᠠᠷᠢᠶᠠᠨ ᠭᠠᠵᠠᠷ ᠪᠠ ᠦᠨᠳᠦᠰᠡᠨ ᠲᠠᠷᠢᠶᠠᠨ ᠭᠠᠵᠠᠷ   ᠢ  ᠬᠠᠮᠠᠭᠠᠯᠠᠬᠤ  ᠶᠢᠨ ᠳᠠᠭᠠᠣ  ᠬᠠᠮᠠᠭᠠᠯᠠᠬᠤ ᠠᠷᠭ᠎ᠠ ᠶᠢ ᠳᠣᠭᠲᠠᠭᠠᠨ᠎ᠠ᠂ ᠬᠠᠣᠯᠢ ᠶᠣᠰᠣᠭᠠᠷ ᠲᠠᠷᠢᠶᠠᠨ ᠭᠠᠵᠠᠷ ᠤᠨ ᠶᠠᠰᠦ ᠴᠢᠨᠠᠷ᠂ ᠬᠠᠮᠠᠭᠠᠯᠠᠯᠲᠠ ᠪᠠ  ᠦᠢᠯᠡᠳᠪᠦᠷᠢᠯᠡᠯ ᠤᠨ ᠪᠣᠬᠢᠷᠳᠣᠯ ᠦᠭᠡᠢ  ᠪᠠᠶᠢᠬᠤ  ᠶᠢ  ᠬᠠᠮᠠᠶᠠᠷᠣᠨ᠎ᠠ᠃      ᠳᠦᠭᠦᠭᠡᠷᠡᠮᠵᠢᠲᠦ ᠲᠠᠷᠢᠶᠠᠯᠠᠩ ᠮᠠᠯ ᠠᠵᠣ ᠠᠬᠤᠢ᠂ ᠠᠮᠢ ᠠᠬᠤᠢ ᠶᠢᠨ ᠡᠷᠭᠢᠯᠲᠡ ᠪᠠ ᠣᠰᠣ ᠠᠷᠪᠢᠯᠠᠬᠤ ᠲᠠᠷᠢᠶᠠᠯᠠᠩ ᠮᠠᠯ ᠠᠵᠣ ᠠᠬᠤᠢ ᠂ ᠮᠠᠯᠵᠢᠬᠤ ᠲᠠᠷᠢᠶᠠᠯᠠᠬᠤ ᠣᠷᠣᠨ ᠤ ᠳᠠᠬᠢᠨ ᠡᠭᠦᠰᠴᠦ ᠪᠣᠯᠬᠤ ᠡᠨᠧᠷᠭᠢ ᠶᠢ ᠶᠡᠷᠦᠩᠬᠡᠶᠢᠯᠡᠨ ᠠᠰᠢᠭᠯᠠᠬᠤ᠂  ᠲᠠᠷᠢᠶᠠᠯᠠᠩ ᠮᠠᠯ ᠠᠵᠣ ᠠᠬᠤᠢ ᠶᠢᠨ ᠠᠮᠢᠳᠦ ᠪᠣᠳᠠᠰ ᠤᠨ ᠠᠵᠣ ᠦᠢᠯᠡᠰ  ᠢ  ᠬᠦᠭᠵᠢᠬᠦᠯᠬᠦ ᠵᠡᠷᠭᠡ  ᠶᠢ ᠵᠣᠬᠢᠶᠠᠨ ᠪᠠᠶᠢᠭᠤᠯᠵᠣ ᠭᠡᠷᠡᠭᠵᠢᠭᠦᠯᠦᠨ᠎ᠡ᠃       ︵  ᠠᠷᠪᠠ︶  ᠲᠠᠷᠢᠶᠠᠯᠠᠩ ᠮᠠᠯ ᠠᠵᠣ ᠠᠬᠤᠢ ᠶᠢᠨ ᠦᠢᠯᠡᠳᠪᠦᠷᠢᠯᠡᠯ ᠤᠨ ᠮᠠᠲ᠋ᠧᠷᠢᠶᠠᠯ  ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠬᠠᠣᠯᠢ ᠶᠣᠰᠣᠭᠠᠷ ᠲᠠᠷᠢᠮᠠᠯ᠂ ᠡᠪᠡᠰᠦᠨ ᠦᠷ᠎ᠡ᠂ ᠪᠣᠷᠳᠣᠭᠤᠷ᠂  ᠦᠷ᠎ᠡ ᠶᠢᠨ ᠮᠠᠯ ᠂ ᠲᠠᠷᠢᠶᠠᠨ ᠡᠮ᠂  ᠮᠠᠯ ᠤᠨ ᠡᠮ᠂ ᠪᠣᠷᠳᠤᠭ᠎ᠠ᠂ ᠪᠣᠷᠳᠣᠭᠠᠨ ᠤ ᠨᠠᠮᠡᠯᠲᠡ ᠡᠳ᠋  ᠶᠢᠨ ᠦᠢᠯᠡᠳᠪᠦᠷᠢᠯᠡᠵᠣ ᠪᠣᠷᠣᠯᠠᠭᠤᠯᠬᠤ ᠵᠦᠪᠰᠢᠶᠡᠷᠡᠯ ᠵᠢᠴᠢ ᠬᠢᠨᠠᠨ ᠬᠠᠮᠢᠶᠠᠷᠣᠯᠲᠠ ᠶᠢ ᠶᠠᠪᠣᠭᠳᠠᠭᠤᠯᠣᠯᠨ᠎ᠠ᠃ ᠡᠪᠡᠰᠦ ᠪᠣᠷᠳᠤᠭ᠎ᠠ᠂ ᠮᠠᠯ ᠤᠨ ᠡᠮ ᠤᠨ ᠶᠠᠰᠦ ᠴᠢᠨᠠᠷ ᠤᠨ ᠠᠶᠣᠯᠭᠦᠢ  ᠶᠢᠨ ᠬᠠᠮᠢᠶᠠᠷᠣᠯᠲᠠ ᠶᠢᠨ ᠠᠵᠢᠯ ᠶᠢ ᠬᠠᠷᠢᠭᠤᠴᠠᠨ᠎ᠠ᠃   ᠳᠡᠭᠡᠷ᠎ᠡ ᠱᠠᠲᠦᠨ   ᠤ  ᠬᠠᠮᠢᠶᠠᠲᠠᠢ ᠰᠠᠯᠠᠭ᠎ᠠ ᠮᠦᠴᠢᠷ ᠲᠠᠢ ᠬᠠᠮᠵᠢᠯᠴᠠᠨ  ᠲᠠᠷᠢᠶᠠᠨ ᠡᠮ᠂ ᠮᠠᠯ ᠤᠨ ᠡᠮ ᠤᠨ ᠦᠯᠡᠳᠡᠭᠳᠡᠯ  ᠢ ᠰᠢᠯᠭᠠᠨ ᠪᠠᠶᠢᠴᠠᠭᠠᠨ᠎ᠠ᠃ ᠲᠠᠷᠢᠶᠠᠯᠠᠩ ᠮᠠᠯ ᠠᠵᠣ ᠠᠬᠤᠢ ᠶᠢᠨ ᠮᠠᠰᠢᠨ ᠮᠧᠬᠠᠨᠢᠭ ᠤᠨ ᠶᠠᠰᠦ ᠴᠢᠨᠠᠷ ᠢ ᠬᠢᠨᠠᠨ ᠬᠠᠮᠢᠶᠠᠷᠣᠨ᠎ᠠ᠃       ︵ᠠᠷᠪᠠᠨ ᠨᠢᠭᠡ︶ ᠲᠠᠷᠢᠮᠠᠯ᠂ ᠮᠠᠯ  ᠵᠢᠭᠦᠷᠲᠡᠨ᠂ ᠣᠰᠣᠨ ᠤ ᠠᠮᠢᠳᠦ ᠪᠣᠳᠠᠰ ᠤᠨ ᠡᠪᠡᠳᠴᠢᠨ ᠬᠢᠵᠢᠭ ᠢ ᠰᠡᠷᠭᠡᠶᠢᠯᠡᠨ ᠵᠠᠰᠠᠨ᠎ᠠ᠃   ᠠᠮᠢᠲᠠᠨ ᠪᠠ ᠣᠷᠭᠤᠮᠠᠯ ‍ᠤᠨ‌‍ᠬᠢᠵᠢᠭ ᠢ  ᠰᠡᠷᠭᠡᠶᠢᠯᠡᠬᠦ  ᠪᠠ ᠬᠢᠵᠢᠭ ᠢ ᠪᠠᠶᠢᠴᠠᠭᠠᠬᠤ᠂ ᠪᠠᠴᠢᠮ ᠡᠭᠦᠰᠦᠭᠰᠡᠨ ᠬᠢᠵᠢᠭ ᠤᠨ ᠪᠠᠶᠢᠳᠠᠯ ᠢ ᠠᠷᠭᠠᠴᠠᠭᠠᠨ ᠰᠡᠶᠢᠳᠪᠦᠷᠢᠯᠡᠬᠦ ᠠᠵᠢᠯ ᠢ ᠬᠠᠷᠢᠭᠤᠴᠠᠨ᠎ᠠ᠃ ᠠᠮᠢᠲᠠᠨ ᠪᠠ ᠣᠷᠭᠤᠮᠠᠯ ᠤᠨ ᠬᠤᠣᠷᠲᠠᠢ ᠠᠮᠢᠳᠦ ᠪᠣᠳᠠᠰ ᠢ ᠪᠠᠶᠢᠴᠠᠭᠠᠬᠤ ᠪᠠ  ᠭᠠᠳᠠᠨ᠎ᠠ ᠠᠴᠠ ᠣᠷᠣᠵᠣ ᠢᠷᠡᠭᠰᠡᠨ ᠠᠮᠢᠳᠦ ᠪᠣᠳᠠᠰ ᠤᠨ ᠠᠶᠦᠯᠭᠦᠢ  ᠶᠢ  ᠬᠠᠮᠢᠶᠠᠷᠬᠤ ᠠᠵᠢᠯ ᠢ ᠬᠠᠷᠢᠭᠤᠴᠠᠨ᠎ᠠ᠃ ᠮᠠᠯ ᠤᠨ ᠡᠮᠴᠢ ᠶᠢᠨ ᠡᠩᠨᠡᠭᠡ᠂ ᠮᠠᠯ ᠤᠨ ᠡᠮ ᠪᠠ ᠠᠯᠠᠵᠣ ᠨᠢᠲᠣᠯᠬᠤ ᠠᠵᠢᠯ ᠢ ᠬᠠᠮᠢᠶᠠᠷᠣᠨ᠎ᠠ ᠂ ᠬᠠᠣᠯᠢ ᠶᠣᠰᠣᠭᠠᠷ ᠪᠦᠬᠦ ᠬᠤᠰᠢᠭᠤᠨ ᠤ ᠵᠢᠭᠠᠰᠣᠨ ᠤ ᠦᠢᠯᠡᠰ  ᠤᠨ ᠦᠢᠯᠡᠳᠪᠦᠷᠢᠯᠡᠯ ᠪᠠ  ᠵᠢᠭᠠᠰᠣᠨ ᠦᠢᠯᠡᠰ ᠤᠨ ᠵᠠᠰᠠᠭ ᠵᠠᠬᠢᠷᠭᠠᠨ ᠤ ᠵᠦᠪᠰᠢᠶᠡᠷᠡᠯ ᠢ  ᠣᠯᠭᠤᠵᠣ᠂  ᠵᠢᠭᠠᠰᠣᠨ  ᠤ ᠦᠢᠯᠡᠰ ᠤᠨ ᠦᠢᠯᠡᠳᠪᠦᠷᠢᠯᠡᠯ ᠤᠨ  ᠠᠶᠣᠯᠭᠦᠢ  ᠶᠢᠨ ᠬᠢᠨᠠᠨ  ᠬᠠᠮᠢᠶᠠᠷᠴᠣ᠂  ᠵᠢᠭᠠᠰᠣᠨ ᠤ ᠶᠠᠪᠣᠳᠠᠯ ᠤᠨ ᠬᠠᠣᠯᠢ ᠶᠢ ᠬᠡᠷᠡᠭᠵᠢᠭᠦᠯᠦᠨ᠎ᠡ᠃        ︵  ᠠᠷᠪᠠᠨ ᠬᠤᠶᠠᠷ︶  ᠠᠵᠢᠯ ᠲᠦᠷᠦᠯ᠂ ᠳᠣᠬᠠᠶᠢᠯᠠᠭᠰᠠᠨ ᠠᠵᠢᠯ᠂ ᠦᠢᠯᠡᠳᠪᠦᠷᠢᠯᠡᠯ ᠢ  ᠬᠠᠮᠢᠶᠠᠷᠬᠤ ᠳᠤ ᠠᠶᠣᠯᠭᠦᠢ ᠪᠠᠶᠢᠳᠠᠯ ᠢ ᠵᠠᠪᠠᠯ ᠬᠠᠮᠳᠦ ᠳᠤᠨᠢ ᠬᠠᠷᠢᠭᠤᠴᠠᠬᠤ ᠱᠠᠭᠠᠷᠳᠠᠯᠭ᠎ᠠ ᠶᠣᠰᠣᠭᠠᠷ᠂ ᠠᠶᠣᠯᠭᠦᠢ  ᠦᠢᠯᠡᠳᠪᠦᠷᠢᠯᠡᠯ  ᠤᠨ ᠬᠠᠷᠢᠭᠤᠴᠠᠯᠭ᠎ᠠ ᠶᠢ ᠳᠦᠷᠢᠮ ᠳᠤ ᠳᠣᠭᠳᠠᠭᠠᠭᠰᠠᠨ ᠬᠠᠷᠢᠭᠤᠴᠠᠯᠭ᠎ᠠ ᠶᠢ ᠡᠭᠦᠷᠭᠡᠯᠡᠨ᠎ᠡ᠃         ︵  ᠠᠷᠪᠠᠨ ᠭᠤᠷᠪᠠ︶ ᠲᠠᠷᠢᠶᠠᠯᠠᠩ ᠮᠠᠯ ᠠᠵᠣ ᠠᠬᠤᠢ ᠶᠢᠨ ᠭᠠᠮᠰᠢᠭ ᠠᠴᠠ ᠰᠡᠷᠭᠡᠶᠢᠯᠡᠵᠣ ᠭᠠᠮᠰᠢᠭ ᠢ ᠪᠠᠭᠠᠰᠬᠠᠬᠤ ᠠᠵᠢᠯ ᠢ ᠬᠠᠷᠢᠭᠤᠴᠠᠨ᠎ᠠ ᠃ ᠲᠠᠷᠢᠶᠠᠯᠠᠩ ᠮᠠᠯ ᠠᠵᠣ ᠠᠬᠤᠢ ᠶᠢᠨ ᠭᠠᠮᠰᠢᠭ  ᠤᠨ ᠪᠠᠶᠢᠳᠠᠯ  ᠢ ᠬᠢᠨᠠᠨ ᠬᠡᠮᠵᠢᠬᠦ᠂ ᠨᠡᠶᠢᠲᠡᠯᠡᠬᠦ ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠦᠷ᠎ᠡ᠂ ᠲᠠᠷᠢᠶᠠᠨ ᠡᠮ᠂ ᠪᠣᠷᠳᠣᠭᠤᠷ᠂ ᠮᠠᠯ ᠤᠨ ᠡᠮ᠂ ᠡᠪᠡᠰᠦ ᠪᠣᠷᠳᠤᠭ᠎ᠠ  ᠵᠡᠷᠭᠡ ᠭᠠᠮᠰᠢᠭ ᠠᠴᠠ ᠳᠣᠰᠠᠯᠠᠬᠤ ᠡᠳ᠋ ᠪᠣᠳᠠᠰ ᠢ  ᠨᠥᠭᠡᠴᠡᠯᠡᠬᠦ  ᠪᠠ  ᠲᠦᠭᠡᠭᠡᠵᠣ᠂ ᠭᠠᠮᠰᠢᠭ ᠠᠴᠠ ᠪᠠᠴᠢᠮ ᠠᠪᠣᠷᠠᠬᠤ ᠪᠠ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠢ  ᠰᠡᠷᠭᠦᠭᠡᠬᠦ ᠠᠵᠢᠯ ᠢ ᠬᠠᠷᠢᠭᠤᠴᠠᠨ᠎ᠠ᠃         ︵ᠠᠷᠪᠠᠨ ᠳᠦᠷᠪᠡ︶   ᠪᠦᠬᠦ ᠬᠤᠰᠢᠭᠤᠨ ᠤ ᠲᠠᠷᠢᠶᠠᠯᠠᠩ ᠮᠠᠯ ᠠᠵᠣ ᠠᠬᠤᠢ ᠶᠢᠨ ᠡᠷᠳᠡᠮ ᠰᠢᠨᠵᠢᠯᠡᠭᠡ᠂ ᠮᠡᠷᠭᠡᠵᠢᠯ ᠳᠡᠯᠭᠡᠷᠡᠭᠦᠯᠬᠦ ᠲᠦᠯᠦᠪᠯᠡᠭᠡ ᠶᠢ ᠳᠣᠭᠲᠠᠭᠠᠨ᠎ᠠ᠃ ᠲᠠᠷᠢᠶᠠᠯᠠᠩ ᠮᠠᠯ ᠠᠵᠣ ᠠᠬᠤᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠥᠲᠦᠭᠡᠯ ᠢ ᠬᠤᠪᠢᠷᠠᠭᠤᠯᠬᠤ ᠪᠠ ᠮᠡᠷᠭᠡᠵᠢᠯ ᠲᠡᠯᠭᠡᠷᠡᠭᠦᠯᠬᠦ ᠶᠢ ᠵᠣᠬᠢᠶᠠᠨ ᠪᠠᠶᠢᠭᠤᠯᠵᠣ ᠬᠡᠷᠡᠭᠵᠢᠭᠦᠯᠦᠨ᠎ᠡ᠃ᠲᠠᠷᠢᠶᠠᠯᠠᠩ ᠮᠠᠯ ᠠᠵᠣ ᠠᠬᠤᠢ ᠶᠢᠨ ᠰᠢᠨᠵᠢᠯᠡᠭᠡ ᠮᠡᠷᠭᠡᠵᠢᠯ ᠤᠨ ᠰᠢᠰᠲ᠋ᠧᠮ ᠤᠨ  ᠥᠭᠡᠷᠡᠴᠢᠯᠡᠯᠲᠡ ᠰᠢᠨᠡᠴᠢᠯᠡᠯᠲᠡ  ᠶᠢ ᠠᠬᠢᠭᠤᠯᠣᠨ᠎ᠠ᠃ ᠲᠠᠷᠢᠶᠠᠯᠠᠩ ᠮᠠᠯ ᠠᠵᠣ ᠠᠬᠤᠢ ᠶᠢᠨ ᠭᠧᠨ ᠤ  ᠥᠭᠡᠷᠡᠴᠢᠯᠡᠯᠲᠡ ᠲᠠᠢ ᠠᠮᠢᠳᠦ ᠪᠣᠳᠠᠰ ᠤᠨ ᠠᠶᠣᠯᠭᠦᠢ ᠶᠢ ᠬᠢᠨᠠᠨ  ᠬᠠᠮᠢᠶᠠᠷᠴᠣ᠂ ᠲᠠᠷᠢᠶᠠᠯᠠᠩ ᠮᠠᠯ ᠠᠵᠣ ᠠᠬᠤᠢ  ᠶᠢᠨ ᠰᠢᠨ᠎ᠡ ᠡᠭᠦᠯᠳᠡᠷ ᠢ ᠬᠠᠮᠠᠭᠠᠯᠠᠬᠤ ᠠᠵᠢᠯ ᠶᠢ ᠦᠷᠨᠢᠭᠦᠯᠦᠨ᠎ᠡ᠃       ︵ᠠᠷᠪᠠᠨ ᠲᠠᠪᠤ︶ ᠲᠠᠷᠢᠶᠠᠯᠠᠩ ᠮᠠᠯ ᠠᠵᠣ ᠠᠬᠤᠢ ᠪᠠ ᠮᠠᠯᠵᠢᠬᠤ ᠲᠠᠷᠢᠶᠠᠯᠠᠬᠤ  ᠣᠷᠣᠨ ᠤ ᠴᠢᠳᠠᠪᠣᠷᠢᠲᠠᠨ  ᠤ ᠠᠵᠢᠯ ᠶᠢ ᠵᠣᠬᠢᠶᠠᠨ ᠪᠠᠶᠢᠭᠤᠯᠵᠣ ᠬᠡᠷᠡᠭᠵᠢᠭᠦᠯᠦᠨ᠎ᠡ᠃ ᠮᠠᠯᠵᠢᠬᠤ ᠲᠠᠷᠢᠶᠠᠯᠠᠬᠤ  ᠣᠷᠣᠨ  ᠲᠣᠯᠣᠭᠠᠶᠢᠯᠠᠭᠴᠢ ᠠᠵᠣ ᠠᠬᠤᠶᠢᠯᠠᠯ ᠤᠨ ᠳᠣᠬᠠᠶᠢᠠᠯᠭᠰᠠᠨ ᠠᠵᠢᠯ ᠤᠨ ᠮᠡᠷᠭᠡᠵᠢᠯ ᠤᠨ ᠬᠦᠮᠦᠵᠢᠯ  ᠪᠣᠯᠪᠠᠰᠣᠷᠠᠯ ᠪᠡ  ᠨᠡᠭᠡᠭᠡᠨ ᠬᠦᠭᠵᠢᠭᠦᠯᠦᠯᠲᠡ ᠶᠢᠨ ᠠᠵᠢᠯ ᠢ ᠵᠣᠬᠢᠶᠠᠨ ᠪᠠᠶᠢᠭᠤᠯᠵᠣ ᠬᠡᠷᠡᠭᠵᠢᠭᠦᠯᠦᠨ᠎ᠡ᠃  ᠰᠢᠨ᠎ᠡ ᠮᠡᠳᠡᠯᠭᠡ ᠮᠡᠷᠭᠡᠵᠢᠯ ᠲᠠᠢ ᠮᠠᠯᠴᠢᠨ ᠲᠠᠷᠢᠶᠠᠴᠢᠨ ᠂ ᠲᠠᠷᠢᠶᠠᠯᠠᠩ  ᠮᠠᠯ ᠠᠵᠣ ᠠᠬᠤᠢ ᠶᠢᠨ ᠰᠢᠨᠵᠢᠯᠡᠭᠡ ᠮᠡᠷᠭᠡᠵᠢᠯ ᠤᠨ ᠴᠢᠳᠠᠪᠦᠷᠲᠠᠨ ᠪᠡ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠮᠡᠷᠭᠡᠵᠢᠯ  ᠤᠨ  ᠴᠢᠳᠠᠪᠣᠷᠢᠲᠠᠨ ᠢ ᠬᠦᠮᠦᠵᠢᠭᠦᠯᠬᠦ ᠠᠵᠢᠯ ᠢ ᠬᠠᠷᠢᠭᠤᠴᠠᠨ᠎ᠠ᠃         
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号