ᠰᠢᠯᠤᠭᠤᠨ  ᠬᠥᠬᠡ ᠬᠤᠰᠢᠭᠤᠨ ᠤ ᠲᠤᠭ᠎ᠠ ᠪᠥᠷᠢᠳᠬᠡᠯ ᠤᠨ ᠳᠣᠪᠴᠢᠶ᠎ᠠ
ᠨᠡᠶᠢᠲᠡᠯᠡᠭᠰᠡᠨ ᠴᠠᠭ᠄
2024/2/27
ᠨᠢᠭᠡ ᠂ ᠦᠨᠳᠣᠰᠣᠨ ᠪᠠᠶᠢᠳᠠᠯ    ᠰᠢᠯᠤᠭᠤᠨ  ᠬᠥᠬᠡ ᠬᠤᠰᠢᠭᠤᠨ ᠤ ᠲᠤᠭ᠎ᠠ ᠪᠥᠷᠢᠳᠬᠡᠯ ᠤᠨ ᠲᠣᠪᠴᠢᠶ᠎ᠠ ᠪᠣᠯ ᠵᠢᠨᠬᠢᠨᠢ ᠰᠠᠯᠠᠭᠠᠨ ᠳᠡᠰ ᠤᠨ ᠵᠠᠰᠠᠭ ᠵᠠᠬᠢᠷᠭᠠᠨ ᠤ ᠪᠠᠶᠢᠭᠤᠯᠭ᠎ᠠ᠂ ᠪᠥᠬᠦ ᠬᠤᠰᠢᠭᠤᠨ ᠤ  ᠤᠯᠤᠰ ᠠᠷᠠᠳ ᠤᠨ ᠠᠵᠣ ᠠᠬᠤᠢ ᠶᠢᠨ ᠡᠯ᠎ᠡ ᠲᠦᠷᠣᠯ ᠤᠨ ᠵᠢᠭᠠᠯᠲᠠ ᠲᠤᠭ᠎ᠠ ᠪᠠᠷᠢᠮᠲᠠ ᠶᠢᠨ ᠴᠣᠭᠯᠠᠭᠤᠯᠬᠤ᠂ ᠡᠮᠬᠢᠯᠡᠬᠦ᠂ ᠵᠠᠳᠠᠯᠠᠬᠤ᠂ ᠳᠡᠭᠡᠭᠰᠢ ᠮᠡᠳᠡᠭᠦᠯᠬᠦ ᠡᠭᠦᠷᠭᠡ ᠶᠢ ᠬᠠᠷᠢᠭᠤᠴᠠᠵᠣ ᠂ ᠲᠣᠬᠲᠠᠭᠰᠠᠨ ᠬᠤᠭᠤᠴᠠᠭ᠎ᠠ ᠲᠠᠢ ᠲᠤᠭ᠎ᠠ ᠪᠦᠷᠢᠳᠭᠡᠯ ᠤᠨ ᠲᠤᠭ᠎ᠠ ᠪᠠᠷᠢᠮᠲᠠ᠂ ᠲᠤᠭ᠎ᠠ  ᠪᠦᠷᠢᠳᠭᠡᠯ ᠤᠨ ᠮᠡᠳᠡᠭᠡᠯᠡᠯ ᠪᠣᠯᠣᠨ ᠵᠠᠳᠠᠯᠣᠯᠲᠠ ᠶᠢ ᠨᠡᠶᠢᠲᠡᠯᠡᠵᠣ ᠂ ᠬᠦᠨᠳᠣ ᠴᠢᠬᠤᠯᠠ  ᠣᠯᠤᠰ ᠤᠨ ᠪᠠᠶᠢᠲᠠᠯ ᠵᠢᠴᠢ ᠣᠯᠣᠰ ᠤᠨ ᠬᠦᠴᠣᠨ ᠢ ᠲᠤᠰᠬᠠᠬᠤ ᠲᠣᠮᠣ ᠬᠡᠯᠪᠡᠷᠢ ᠶᠢᠨ ᠪᠠᠶᠢᠴᠠᠭᠠᠯᠲᠠ ᠶᠢᠨ  ᠡᠭᠦᠷᠭᠡ  ︵  ᠲᠠᠷᠢᠶᠠᠯᠠᠩ ᠤᠨ ᠪᠠᠶᠢᠴᠠᠭᠠᠯᠲᠠ᠂ ᠬᠦᠮᠣᠨ ᠠᠮᠠ ᠶᠢᠨ ᠪᠠᠶᠢᠴᠠᠭᠠᠯᠲᠠ᠂ ᠠᠵᠤ ᠠᠬᠤᠢ ᠶᠢᠨ ᠪᠠᠶᠢᠴᠠᠭᠠᠯᠲᠠ︶ ᠶᠢ ᠡᠭᠦᠷᠭᠡᠯᠡᠵᠣ ᠂ ᠠᠵᠤ ᠦᠢᠯᠡᠳᠪᠣᠷᠢ᠂ ᠲᠠᠷᠢᠶᠠᠯᠠᠩ᠂ ᠰᠠᠭᠤᠭᠠᠯᠢ ᠠᠷᠠᠳ ᠤᠨ ᠣᠷᠣᠯᠭ᠎ᠠ ᠵᠠᠷᠣᠯᠭ᠎ᠠ᠂ ᠮᠠᠯ ᠲᠡᠵᠢᠭᠡᠪᠦᠷᠢ ᠵᠡᠷᠭᠡ ᠲᠠᠯ᠎ᠠ ᠶᠢᠨ ᠬᠢᠨᠠᠨ  ᠬᠡᠮᠵᠢᠯᠲᠠ ᠶᠢ ᠬᠠᠷᠢᠭᠤᠴᠠᠵᠣ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠰᠢᠨᠵᠢᠯᠡᠬᠦ ᠤᠬᠠᠭᠠᠨᠴᠢ ᠪᠠᠷ  ᠰᠢᠢᠳᠪᠣᠷᠢ ᠭᠠᠷᠭᠠᠬᠤ ᠳᠤ ᠵᠣᠪ ᠣᠨᠣᠪᠴᠢᠲᠠᠢ ᠦᠨᠡᠨ ᠪᠣᠳᠡᠲᠠᠢ ᠰᠠᠭᠤᠷᠢ ᠲᠤᠭ᠎ᠠ ᠪᠠᠷᠢᠮᠲᠠ ᠶᠢ  ᠬᠠᠩᠭᠠᠭᠰᠠᠨ ᠪᠠᠶᠢᠨ᠎ᠠ᠃ ᠲᠤᠭ᠎ᠠ ᠪᠥᠷᠢᠳᠬᠡᠯ ᠤᠨ  ᠲᠣᠪᠴᠢᠶᠠᠨ ᠲᠣᠳᠣᠭᠠᠳᠣ ᠳᠤ ᠪᠠᠨ ᠠᠯᠪᠠᠨ ᠭᠡᠷ᠂ ᠲᠤᠭ᠎ᠠ ᠪᠥᠷᠢᠳᠬᠡᠯ ᠤᠨ  ᠨᠢᠭᠡᠳᠣᠭᠡᠷ  ᠲᠠᠰᠤᠭ᠂ ᠲᠤᠭ᠎ᠠ ᠪᠥᠷᠢᠳᠬᠡᠯ ᠤᠨ ᠬᠤᠶᠠᠷᠳᠣᠭᠠᠷ  ᠲᠠᠰᠤᠭ᠂ ᠲᠣᠰ ᠲᠣᠰ ᠨᠢᠭᠡ ᠪᠠᠶᠢᠵᠣ᠂ ᠵᠠᠰᠠᠭ ᠵᠠᠬᠢᠷᠭᠠᠨ ᠤ ᠣᠷᠣᠨ ᠲᠤᠭ᠎ᠠ 7  ᠨᠡᠷ᠎ᠡ ᠪᠠᠶᠢᠵᠣ᠂ ᠪᠣᠲᠠᠲᠠᠢ ᠪᠠᠶᠢᠬᠤ ᠠᠯᠪᠠᠲᠠᠨ 6  ᠨᠡᠷ᠎ᠡ ᠂ ᠬᠤᠭᠤᠰᠣᠨ ᠣᠷᠣ ᠨᠢᠭᠡ ᠪᠠᠶᠢᠨ᠎ᠠ᠃ᠬᠤᠶᠠᠷ᠂ ᠭᠤᠣᠯ ᠡᠭᠦᠷᠭᠡ ᠬᠠᠷᠢᠭᠤᠴᠠᠯᠭ᠎ᠠ    ᠰᠢᠯᠤᠭᠤᠨ  ᠬᠥᠬᠡ ᠬᠤᠰᠢᠭᠤᠨ ᠤ ᠲᠤᠭ᠎ᠠ ᠪᠥᠷᠢᠳᠬᠡᠯ ᠤᠨ ᠲᠣᠪᠴᠢᠶ᠎ᠠ ᠨᠢ ᠲᠥᠪ ᠬᠤᠷᠢᠶᠠᠨ ᠤ ᠲᠤᠭ᠎ᠠ  ᠪᠦᠷᠢᠳᠭᠡᠯ ᠤᠨ ᠠᠵᠢᠯ ᠤᠨ ᠬᠠᠮᠢᠭ᠎ᠠ ᠲᠠᠢ  ᠴᠢᠭᠯᠡᠯᠲᠠ ᠲᠦᠷᠣ ᠶᠢᠨ ᠪᠣᠳᠣᠯᠭ᠎ᠠ ᠶᠢ ᠴᠢᠩᠭ᠎ᠠ ᠲᠣᠣᠱᠯᠠᠭᠤᠯᠵᠣ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ  ᠤ ᠬᠠᠮᠢᠭ᠎ᠠ ᠪᠦᠬᠦᠢ ᠰᠢᠢᠳᠪᠣᠷᠢ ᠪᠠᠶᠢᠷᠢᠯᠠᠭᠤᠯᠣᠯᠲᠠ ᠶᠢ ᠨᠠᠶᠢᠳᠠᠪᠣᠷᠢᠭᠤᠯᠵᠣ᠂ ᠦᠪᠡᠷ ᠤᠨ  ᠡᠭᠦᠷᠭᠡ  ᠬᠠᠷᠢᠭᠤᠴᠠᠯᠭ᠎ᠠ ᠪᠠᠨ ᠪᠡᠶᠡᠯᠡᠭᠦᠯᠬᠦ ᠶᠠᠪᠣᠴᠠ ᠳᠤ ᠨᠠᠮ ᠠᠴᠠ ᠲᠤᠭ᠎ᠠ ᠪᠦᠷᠢᠳᠭᠡᠯ ᠤᠨ ᠠᠵᠢᠯ ᠳᠤ ᠨᠢᠭᠡᠳᠣᠯᠲᠠᠢ ᠣᠳᠣᠷᠢᠳᠬᠤ ᠶᠢ  ᠪᠠᠷᠢᠮᠳᠣᠯᠠᠬᠤ  ᠪᠠᠨ ᠴᠢᠩᠭᠠᠳᠬᠠᠨᠰᠠᠨ ᠪᠠᠶᠢᠨ᠎ᠠ᠃ ᠭᠤᠣᠯ ᠡᠭᠦᠷᠭᠡ  ᠬᠠᠷᠢᠭᠤᠴᠠᠯᠭ᠎ᠠ ᠪᠣᠯ᠄     ︵  ᠨᠢᠭᠡ︶ ᠣᠯᠣᠰ᠂ ᠦᠪᠡᠷᠲᠠᠭᠡᠨ ᠵᠠᠰᠠᠬᠤ ᠣᠷᠣᠨ ᠤ ᠬᠠᠮᠢᠭ᠎ᠠ ᠪᠦᠬᠦᠢ ᠵᠠᠬᠢᠷᠭᠠᠨ ᠤ ᠲᠤᠭ᠎ᠠ ᠪᠥᠷᠢᠳᠬᠡᠯ  ᠤᠨ ᠠᠵᠢᠯ ᠤᠨ  ᠴᠢᠭᠯᠡᠯᠲᠡ᠂ ᠲᠦᠷᠣ ᠶᠢᠨ  ᠪᠣᠳᠣᠯᠭ᠎ᠠ᠂ ᠬᠠᠥᠯᠢ ᠴᠠᠭᠠᠵᠠ  ᠳᠦᠷᠢᠮ ᠲᠣᠭᠲᠠᠭᠠᠯ ᠪᠣᠯᠣᠨ ᠲᠤᠭ᠎ᠠ ᠪᠥᠷᠢᠳᠬᠡᠯ ᠤᠨ ᠪᠠᠷᠢᠮᠵᠢᠶ᠎ᠠ ᠵᠡᠷᠭᠡ ᠶᠢ  ᠨᠠᠶᠢᠲᠠᠪᠣᠷᠢᠵᠢᠭᠤᠯᠣᠨ᠎ᠠ᠃ ᠲᠡᠭᠡᠲᠣ ᠱᠠᠳᠣᠨ ᠤ ᠱᠠᠭᠠᠷᠲᠠᠯᠭ᠎ᠠ ᠶᠢ ᠦᠨᠳᠣᠰᠣᠯᠡᠵᠣ ᠬᠤᠰᠢᠭᠤ ᠲᠤᠭ᠎ᠠ ᠪᠦᠷᠢᠳᠭᠡᠯ ᠤᠨ ᠦᠭᠡᠷᠡᠴᠢᠯᠡᠯᠲᠠ᠂ ᠪᠦᠲᠣᠭᠡᠨ ᠪᠠᠶᠢᠭᠤᠯᠬᠤ ᠲᠦᠰᠣᠪ ᠵᠢᠴᠢ ᠲᠤᠭ᠎ᠠ ᠪᠥᠷᠢᠳᠬᠡᠯ  ᠤᠨ ᠪᠠᠶᠢᠴᠠᠭᠠᠬᠤ ᠲᠦᠯᠣᠪᠯᠡᠭᠡ ᠲᠠᠢ ᠬᠠᠮᠢᠭ᠎ᠠ ᠪᠦᠬᠦᠢ ᠠᠵᠢᠯ ᠢ  ᠦᠷᠨᠢᠭᠦᠯᠣᠨ᠎ᠠ᠂ ᠲᠤᠭ᠎ᠠ ᠪᠦᠷᠢᠳᠭᠡᠯ ᠤᠨ ᠬᠠᠣᠯᠢ ᠴᠠᠭᠠᠵᠠ᠂  ᠳᠦᠷᠢᠮ ᠲᠣᠭᠲᠠᠭᠠᠯ ᠂ ᠲᠣᠭᠲᠠᠯᠴᠠᠭ᠎ᠠ᠂ ᠪᠠᠷᠢᠮᠵᠢᠶ᠎ᠠ ᠶᠢᠨ  ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠨ᠎ᠠ᠃ ᠪᠦᠬᠦ ᠬᠤᠰᠢᠭᠤᠨ ᠤ ᠲᠤᠭ᠎ᠠ ᠪᠦᠷᠢᠳᠬᠡᠯ ᠤᠨ ᠠᠵᠢᠯ ᠢ ᠵᠣᠬᠢᠶᠠᠨ ᠪᠠᠶᠢᠭᠤᠯᠵᠣ᠂ ᠵᠣᠬᠢᠴᠠᠭᠤᠯᠣᠨ᠎ᠠ᠃     ︵  ᠬᠤᠶᠠᠷ︶ ᠣᠯᠣᠰ ᠠᠷᠠᠳ ᠤᠨ ᠠᠵᠤ ᠠᠬᠤᠢ ᠶᠢᠨ ᠬᠢᠨᠠᠨ ᠪᠣᠳᠣᠬᠤ ᠲᠣᠭᠲᠠᠯᠴᠠᠭ᠎ᠠ ᠶᠢ ᠨᠠᠶᠢᠲᠠᠪᠣᠷᠢᠵᠢᠭᠤᠯᠵᠣ᠂ ᠪᠦᠬᠦ ᠬᠤᠰᠢᠭᠤᠨ ᠤ ᠣᠯᠣᠰ ᠠᠷᠠᠳ ᠤᠨ ᠠᠵᠤ ᠠᠬᠤᠢ ᠶᠢᠨ ᠬᠢᠨᠠᠨ ᠪᠣᠳᠣᠬᠤ  ᠲᠣᠭᠲᠠᠭᠠᠯ ᠪᠣᠯᠣᠨ  ᠪᠦᠬᠦ ᠬᠤᠰᠢᠭᠤᠨ ᠤ  ᠣᠷᠣᠭᠤᠯᠣᠯᠲᠠ ᠭᠠᠷᠭᠠᠯᠲᠠ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠣ᠂  ᠪᠦᠬᠦ ᠬᠤᠰᠢᠭᠤᠨ ᠤ  ᠭᠠᠵᠠᠷ ᠣᠷᠣᠨ ᠤ ᠦᠢᠯᠡᠳᠪᠣᠷᠢᠯᠡᠯ ᠤᠨ  ᠶᠡᠷᠣᠩᠬᠡᠢ ᠦᠷᠲᠡᠭ ᠢ ᠬᠢᠨᠠᠨ ᠪᠣᠳᠣᠵᠣ᠂ ᠣᠯᠣᠰ ᠠᠷᠠᠳ ᠤᠨ ᠠᠵᠤ ᠠᠬᠤᠢ ᠶᠢᠨ  ᠬᠢᠨᠠᠨ ᠪᠣᠳᠣᠬᠤ ᠮᠠᠲ᠋ᠧᠷᠢᠶᠠᠯ ᠢ  ᠬᠤᠷᠢᠶᠠᠩᠭᠤᠶᠢᠯᠠᠨ ᠡᠮᠬᠢᠳᠬᠡᠨ᠎ᠡ᠃     ︵  ᠭᠤᠷᠪᠠ︶ ᠪᠦᠬᠦ ᠬᠤᠰᠢᠭᠤᠨ ᠤ  ᠬᠦᠮᠣᠨ ᠠᠮᠠ᠂ ᠠᠵᠣ ᠠᠬᠤᠢ᠂ ᠲᠠᠷᠢᠶᠠᠯᠠᠩ ᠮᠠᠯ ᠠᠵᠣ ᠠᠬᠤᠢ  ᠵᠡᠷᠭᠡ ᠬᠦᠨᠳᠣ ᠴᠢᠬᠤᠯᠠ ᠣᠯᠣᠰ ᠤᠨ ᠪᠠᠶᠢᠲᠠᠯ᠂ ᠣᠯᠣᠰ ᠤᠨ ᠭᠦᠴᠣᠨ ᠤ ᠪᠠᠶᠢᠴᠠᠭᠠᠯᠲᠠ ᠶᠢ ᠵᠣᠬᠢᠶᠠᠨ ᠪᠠᠶᠢᠭᠤᠯᠵᠣ ᠶᠠᠪᠣᠭᠳᠠᠭᠤᠯᠣᠨ᠎ᠠ᠃ ᠬᠠᠮᠢᠭ᠎ᠠ ᠪᠦᠬᠦᠢ ᠰᠠᠯᠠᠭ᠎ᠠ ᠮᠦᠴᠢᠷ ᠲᠠᠢ ᠬᠠᠮᠳᠣᠷᠠᠵᠤ ᠱᠠᠭᠠᠷᠳᠠᠯᠭ᠎ᠠ ᠶᠣᠰᠣᠭᠠᠷ  ᠬᠦᠨᠳᠣ ᠴᠢᠬᠤᠯᠠ ᠬᠤᠰᠢᠭᠤᠨ ᠤ ᠪᠠᠶᠢᠳᠠᠯ᠂ ᠬᠤᠰᠢᠭᠤᠨ ᠤ  ᠬᠦᠴᠣᠨ ᠢ ᠪᠠᠶᠢᠴᠠᠭᠠᠬᠤ ᠪᠣᠯᠣᠨ ᠲᠣᠰᠬᠠᠢ ᠲᠦᠷᠣᠯ ᠤᠨ ᠪᠠᠶᠢᠴᠠᠭᠠᠯᠲᠠ ᠶᠢᠨ ᠳᠦᠰᠣᠪ ᠢ ᠵᠣᠬᠢᠶᠠᠨ ᠪᠠᠶᠢᠭᠤᠯᠵᠤ ᠶᠢᠨ ᠬᠠᠮᠲᠣ ᠶᠠᠪᠤᠭᠳᠠᠭᠤᠯᠣᠨ᠎ᠠ᠃  ᠬᠤᠰᠢᠭᠤᠨ ᠤ ᠪᠠᠶᠢᠳᠠᠯ᠂ ᠬᠤᠰᠢᠭᠤᠨ ᠤ  ᠬᠦᠴᠣᠨ  ᠤ ᠬᠠᠮᠢᠭ᠎ᠠ ᠲᠠᠢ ᠲᠤᠭ᠎ᠠ ᠪᠠᠷᠢᠮᠲᠠ ᠶᠢ ᠬᠤᠷᠢᠶᠠᠩᠭᠤᠶᠢᠯᠠᠨ  ᠡᠮᠬᠢᠳᠬᠡᠬᠦ ᠶᠢᠨ ᠬᠠᠮᠳᠣ  ᠬᠠᠩᠭᠠᠨ᠎ᠠ᠃     ︵  ᠲᠥᠷᠪᠡ︶  ᠲᠠᠷᠢᠶᠠᠯᠠᠩ ᠣᠢ ᠰᠢᠭᠤᠢ ᠮᠠᠯ  ᠵᠢᠭᠠᠰᠣᠨ ᠠᠵᠤ ᠠᠬᠤᠢ᠂ ᠠᠵᠤ ᠦᠢᠯᠡᠳᠪᠣᠷᠢ᠂ ᠪᠠᠷᠢᠯᠭ᠎ᠠ ᠶᠢᠨ ᠦᠢᠯᠡᠰ᠂ ᠦᠢᠯᠡᠴᠢᠯᠡᠭᠡᠨ ᠤ ᠦᠢᠯᠡᠰ  ᠵᠡᠷᠭᠡ ᠪᠦᠬᠦ ᠬᠤᠰᠢᠭᠤᠨ ᠤ ᠣᠯᠣᠰ ᠠᠷᠠᠳ ᠤᠨ ᠠᠵᠤ ᠠᠬᠤᠢ  ᠡᠯ᠎ᠡ ᠠᠵᠢᠯ ᠲᠦᠷᠣᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ  ᠪᠠᠶᠢᠭᠤᠯᠣᠨ ᠶᠠᠪᠣᠭᠳᠠᠭᠤᠯᠵᠣ᠂ ᠴᠣᠭᠯᠠᠭᠤᠯᠣᠨ᠂ ᠡᠮᠬᠢᠳᠬᠡᠨ  ᠬᠤᠷᠢᠶᠡᠭᠭᠤᠶᠢᠯᠠᠵᠣ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢ ᠬᠠᠩᠭᠠᠨ᠎ᠠ᠂  ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠤᠷᠢ᠂ ᠰᠢᠥᠳᠠᠨ᠂ ᠰᠣᠷᠭᠠᠨ ᠬᠦᠮᠣᠵᠢᠯ᠂ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠣᠯᠭ᠎ᠠ᠂ ᠣᠯᠠᠨ ᠨᠡᠶᠢᠳᠠ ᠶᠢᠨ ᠠᠵᠢᠯ ᠦᠢᠯᠡᠰ ᠵᠡᠷᠭᠡ ᠪᠥᠬᠦ ᠬᠤᠰᠢᠭᠤᠨ ᠤ ᠴᠢᠨᠠᠷ  ᠲᠠᠢ ᠦᠨᠳᠣᠰᠣᠨ ᠲᠤᠭ᠎ᠠ ᠪᠦᠷᠢᠳᠭᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ  ᠡᠮᠬᠢᠳᠭᠡᠵᠣ  ᠬᠠᠩᠭᠠᠨ᠎ᠠ᠃     ︵  ᠲᠠᠪᠤ︶ ᠪᠦᠬᠦ ᠬᠤᠰᠢᠭᠤᠨ ᠤ  ᠡᠨᠧᠷᠬᠢ᠂ ᠪᠡᠯᠡ ᠣᠷᠣᠭᠤᠯᠣᠯᠲᠠ᠂ ᠬᠡᠷᠡᠭᠯᠡᠭᠡ᠂ ᠰᠢᠨᠵᠢᠯᠡᠬᠦ ᠣᠬᠠᠭᠠᠨ ᠮᠡᠷᠭᠡᠵᠢᠯ᠂ ᠬᠦᠮᠣᠨ ᠠᠮᠠ᠂ ᠭᠦᠲᠡᠯᠮᠣᠷᠢ ᠬᠦᠴᠤ᠂ ᠨᠡᠶᠢᠭᠡᠮ ᠤᠨ  ᠬᠥᠭᠵᠢᠯᠲᠡ᠂ ᠣᠷᠴᠢᠨ ᠲᠣᠭᠤᠷᠢᠨ ᠵᠡᠷᠭᠡ ᠶᠢᠨ ᠦᠨᠳᠣᠰᠣᠨ ᠪᠠᠶᠢᠳᠠᠯ ᠤᠨ ᠲᠤᠭ᠎ᠠ ᠪᠦᠷᠢᠳᠭᠡᠯ  ᠤᠨ ᠪᠠᠶᠢᠴᠠᠭᠠᠯᠳᠠ ᠶᠢ ᠵᠣᠬᠢᠶᠠᠨ  ᠪᠠᠶᠢᠭᠤᠯᠵᠣ   ᠶᠠᠪᠣᠭᠳᠠᠭᠤᠯᠵᠣ  ᠬᠠᠮᠢᠭ᠎ᠠ  ᠪᠦᠬᠦᠢ ᠪᠠᠶᠢᠴᠠᠭᠠᠯᠳᠠ ᠶᠢᠨ ᠲᠤᠭ᠎ᠠ ᠪᠠᠷᠢᠮᠲᠠ  ᠶᠢ ᠬᠤᠷᠢᠶᠠᠨ ᠴᠣᠭᠯᠠᠭᠤᠯᠵᠣ  ᠡᠮᠬᠢᠳᠭᠡᠬᠦ ᠪᠠ  ᠬᠠᠩᠭᠠᠨ᠎ᠠ᠃     ︵  ᠵᠢᠷᠭᠤᠭ᠎ᠠ︶ ᠪᠦᠬᠦ ᠬᠤᠰᠢᠭᠤᠨ ᠤ  ᠠᠵᠤ ᠠᠬᠤᠢ ᠂ ᠨᠡᠶᠢᠭᠡᠮ᠂ ᠰᠢᠨᠵᠢᠯᠡᠭᠡ ᠮᠡᠷᠭᠡᠵᠢᠯ ᠪᠣᠯᠣᠨ ᠡᠬᠢ ᠪᠠᠶᠠᠯᠢᠭ ᠣᠷᠴᠢᠨ ᠲᠣᠭᠤᠷᠢᠨ ᠤ ᠲᠤᠭ᠎ᠠ ᠪᠦᠷᠢᠳᠬᠡᠯ ᠤᠨ ᠪᠠᠶᠢᠴᠠᠭᠠᠯᠳᠠ ᠶᠢ ᠵᠤᠬᠢᠶᠠᠨ ᠪᠠᠶᠢᠭᠤᠯᠵᠣ᠂ ᠪᠦᠬᠦ ᠬᠤᠰᠢᠭᠤᠨ ᠤ ᠴᠢᠨᠠᠷ ᠲᠠᠢ ᠲᠤᠭ᠎ᠠ ᠪᠦᠷᠢᠳᠭᠡᠯ ᠤᠨ ᠦᠨᠳᠣᠰᠣᠨ  ᠮᠠᠲ᠋ᠧᠷᠢᠶᠠᠯ ᠢ  ᠨᠢᠭᠡᠳᠣᠯᠲᠠᠢ ᠬᠢᠨᠠᠨ  ᠳᠣᠭᠲᠠᠭᠠᠵᠣ᠂ ᠬᠠᠮᠢᠶᠠᠷᠠᠵᠣ᠂ ᠨᠡᠶᠢᠲᠡᠯᠡᠨ᠎ᠡ᠂  ᠣᠯᠣᠰ ᠠᠷᠠᠳ ᠤᠨ ᠠᠵᠤ ᠠᠬᠤᠢ  ᠪᠣᠯᠣᠨ ᠨᠡᠶᠢᠭᠡᠮ ᠤᠨ ᠬᠦᠭᠵᠢᠯᠲᠡ ᠶᠢᠨ ᠪᠠᠶᠢᠳᠠᠯ ᠤᠨ ᠲᠤᠭ᠎ᠠ  ᠪᠦᠷᠢᠳᠭᠡᠯ ᠤᠨ ᠮᠡᠳᠡᠭᠡ ᠵᠠᠩᠭᠢ ᠶᠢ ᠲᠣᠭᠲᠠᠭᠰᠠᠨ ᠬᠤᠭᠤᠴᠠᠭ᠎ᠠ ᠲᠠᠢ ᠨᠡᠶᠢᠲᠡᠯᠡᠨ᠎ᠡ᠃     ︵  ᠳᠣᠯᠤᠭ᠎ᠠ︶ ᠪᠦᠬᠦ ᠬᠤᠰᠢᠭᠤᠨ ᠤ ᠣᠯᠣᠰ ᠠᠷᠠᠳ ᠤᠨ ᠠᠵᠤ ᠠᠬᠤᠢ ᠂ ᠨᠡᠶᠢᠭᠡᠮ  ᠤᠨ ᠬᠦᠭᠵᠢᠯᠲᠡ᠂ ᠰᠢᠨᠵᠢᠯᠡᠭᠡ ᠮᠡᠷᠭᠡᠵᠢᠯ  ᠤᠨ ᠳᠠᠪᠰᠢᠯᠲᠠ ᠪᠣᠯᠣᠨ ᠡᠬᠢ ᠪᠠᠶᠠᠯᠢᠭ  ᠣᠷᠴᠢᠨ ᠲᠣᠭᠤᠷᠢᠨ ᠵᠡᠷᠭᠡ ᠶᠢᠨ ᠪᠠᠶᠢᠳᠠᠯ ᠳᠤ ᠲᠤᠭ᠎ᠠ ᠪᠦᠷᠢᠳᠭᠡᠯ ᠤᠨ ᠵᠠᠳᠠᠯᠠᠬᠤ᠂ ᠰᠢᠯᠭᠠᠬᠤ᠂ ᠬᠢᠨᠠᠯᠲᠠ ᠲᠠᠯᠪᠢᠬᠤ ᠶᠢ ᠬᠠᠷᠢᠭᠤᠴᠠᠵᠣ᠂ ᠬᠠᠮᠢᠭ᠎ᠠ ᠪᠦᠬᠦᠢ ᠰᠠᠯᠠᠭ᠎ᠠ ᠮᠦᠴᠢᠷ ᠲᠠᠢ ᠬᠠᠮᠲᠠᠷᠠᠵᠤ ᠪᠦᠬᠦ ᠬᠤᠰᠢᠭᠤᠨ ᠤ ᠴᠢᠨᠠᠷᠲᠠᠢ ᠠᠮᠢ ᠠᠬᠤᠢ ᠶᠢᠨ ᠪᠦᠳᠤᠭᠡᠨ ᠪᠠᠶᠢᠭᠤᠯᠣᠯᠲᠠ ᠶᠢᠨ ᠵᠢᠯ ᠤᠨ ᠡᠴᠣᠰ ᠤᠨ ᠦᠨᠡᠯᠡᠬᠦ ᠠᠵᠢᠯ ᠢ ᠶᠠᠪᠣᠭᠲᠠᠭᠤᠯᠣᠨ᠎ᠠ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ  ᠵᠢᠴᠢ ᠬᠠᠮᠢᠭ᠎ᠠ ᠪᠦᠬᠦᠢ ᠰᠠᠯᠠᠭ᠎ᠠ ᠮᠦᠴᠢᠷ ᠲᠤ ᠲᠤᠭ᠎ᠠ ᠪᠦᠷᠢᠳᠭᠡᠯ ᠤᠨ ᠰᠤᠷᠠᠭ ᠵᠠᠩᠭᠢ ᠵᠢᠴᠢ ᠰᠠᠨᠠᠭᠤᠯᠭ᠎ᠠ ᠬᠠᠩᠭᠠᠨ᠎ᠠ᠃     ︵  ᠨᠠᠢᠮᠠ︶  ᠬᠠᠥᠯᠢ ᠶᠣᠰᠣᠭᠠᠷ ᠢᠶᠠᠷ ᠬᠤᠰᠢᠭᠤ  ᠰᠢᠭᠤᠳ ᠬᠠᠷᠢᠶᠠᠳᠣ ᠪᠠᠶᠢᠭᠤᠯᠭ᠎ᠠ᠂ ᠰᠣᠮᠣ᠂ ᠪᠠᠯᠭᠠᠰᠣ ︵  ᠲᠠᠯᠠᠪᠠᠢ︶  ᠶᠢᠨ ᠪᠦᠷᠢᠳᠭᠡᠯ ᠪᠠᠶᠢᠴᠠᠭᠠᠯᠳᠠ ᠶᠢᠨ ᠲᠦᠷᠣᠯ ᠵᠦᠢᠯ ᠢ  ᠬᠢᠨᠠᠨ ᠵᠦᠪᠰᠢᠶᠡᠷᠠᠬᠦ ᠪᠣᠶᠣ  ᠳᠠᠩᠰᠠᠯᠠᠨ ᠲᠡᠮᠲᠡᠭᠡᠯᠡᠨ᠎ᠡ᠂ ᠲᠣᠰᠬᠠᠢ ᠴᠢᠨᠠᠷᠲᠠᠢ ᠦᠨᠳᠣᠰᠣᠨ ᠪᠦᠷᠢᠳᠭᠡᠯ ᠤᠨ ᠠᠵᠢᠯ ᠪᠠ ᠦᠨᠳᠣᠰᠣᠨ ᠱᠠᠳᠣᠨ ᠤ ᠲᠤᠭ᠎ᠠ ᠪᠦᠷᠢᠳᠭᠡᠯ ᠤᠨ ᠰᠠᠭᠤᠷᠢ ᠠᠵᠢᠯ ᠮᠡᠷᠭᠡᠵᠢᠯ ᠤᠨ ᠪᠦᠳᠣᠭᠡᠨ  ᠪᠠᠶᠢᠭᠤᠯᠣᠯᠲᠠ  ᠳᠤ ᠵᠢᠯᠣᠭᠤᠳᠠᠯᠭ᠎ᠠ ᠬᠠᠩᠭᠠᠨ᠎ᠠ᠂ ᠪᠦᠷᠢᠳᠭᠡᠯ ᠤᠨ ᠲᠤᠭ᠎ᠠ  ᠪᠠᠷᠢᠮᠲᠠ ᠶᠢᠨ ᠴᠢᠨᠠᠷ ᠢ ᠰᠢᠯᠭᠠᠬᠤ᠂ ᠬᠢᠨᠠᠬᠤ᠂ ᠦᠨᠡᠯᠡᠬᠦ ᠶᠢ ᠪᠠᠳᠣᠯᠠᠵᠣ᠂ ᠬᠠᠥᠯᠢ ᠶᠣᠰᠣᠭᠠᠷ  ᠭᠠᠳᠠᠭᠠᠳᠣ ᠲᠠᠢ ᠬᠤᠯᠪᠤᠭᠳᠠᠬᠤ ᠪᠠᠶᠢᠴᠠᠭᠠᠯᠳᠠ ᠶᠢᠨ ᠬᠦᠳᠠᠯᠭᠡᠨ ᠳᠤ ᠬᠢᠨᠠᠯᠳᠠ ᠲᠠᠯᠪᠢᠨ᠎ᠠ᠃     ︵  ᠶᠢᠰᠣ︶  ᠪᠦᠬᠦ ᠬᠤᠰᠢᠭᠤᠨ ᠤ  ᠲᠤᠭ᠎ᠠ ᠪᠦᠷᠢᠳᠭᠡᠯ ᠤᠨ ᠰᠤᠷᠠᠭ   ᠵᠠᠩᠬᠢᠴᠢᠯᠠᠯᠳᠠ ᠶᠢᠨ ᠰᠢᠰᠲ᠋ᠧᠮ ᠢ ᠪᠦᠳᠣᠭᠡᠨ ᠪᠠᠶᠢᠭᠤᠯᠵᠣ᠂ ᠬᠠᠮᠢᠶᠠᠷᠠᠵᠣ᠂ ᠬᠠᠮᠠᠭᠠᠯᠠᠨ᠎ᠠ᠃     ︵  ᠠᠷᠪᠠ︶ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ  ᠤ ᠳᠣᠰᠢᠶᠠᠭᠰᠠᠨ ᠪᠣᠰᠣᠳ ᠡᠭᠦᠷᠭᠡ ᠶᠢ ᠪᠡᠶᠡᠯᠡᠭᠦᠯᠣᠨ᠎ᠡ᠃                       ᠤᠳᠣᠷᠢᠳᠣᠯᠭ᠎ᠠ ᠶᠢᠨ ᠭᠠᠷ ᠤᠨ  ᠦᠰᠣᠭ᠌᠄                       ᠰᠢᠯᠤᠭᠤᠨ ᠬᠥᠬᠡ ᠬᠤᠰᠢᠭᠤᠨ ᠤ ᠲᠤᠭ᠎ᠠ ᠪᠥᠷᠢᠳᠬᠡᠯ ᠤᠨ ᠲᠣᠪᠴᠢᠶ᠎ᠠ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号