| ᠵᠢᠭᠠᠰᠤᠲᠠᠢ ᠰᠤᠮᠤ ᠪᠣᠯ ᠣᠷᠴᠢᠨ ᠦᠶ᠎ᠡ ᠶᠢᠨ ᠮᠣᠩᠭᠤᠯ ᠤᠳᠬ᠎ᠠ ᠵᠣᠬᠢᠶᠠᠯ ᠤᠨ ᠰᠠᠭᠤᠷᠢᠯᠠᠭᠴᠢ᠂ ᠠᠯᠳᠠᠷᠲᠤ | ᠰᠢᠯᠦᠭᠴᠢ ᠨᠠ᠊ · ᠰᠠᠶᠢᠨᠴᠣᠭᠲᠤ ᠶᠢᠨ ᠡᠬᠡ ᠨᠤᠲᠤᠭ᠂ ᠳᠤᠮᠳᠠᠳᠤ ᠤᠯᠤᠰ ᠤᠨ ᠮᠣᠩᠭᠤᠯ ᠬᠡᠯᠡᠨ ᠤ ᠪᠠᠷᠢᠮᠵᠢᠶ᠎ᠠ | ᠠᠪᠢᠶᠠᠨ ᠤ ᠰᠠᠭᠤᠷᠢᠨ ᠭᠠᠵᠠᠷ ᠪᠣᠯᠤᠨ᠎ᠠ᠃ ᠵᠢᠭᠠᠰᠤᠲᠠᠶ ᠰᠤᠮᠤ ᠨᠢ ᠬᠤᠯᠠᠨ ᠰᠢᠷᠭ᠎ᠠ ᠳᠠᠭ᠎ᠠ ᠶᠢᠨ ᠡᠯᠡᠰᠦᠨ ᠤ | ᠥᠷᠦᠴᠡᠨ ᠳᠤ ᠪᠠᠶᠢᠷᠢᠯᠠᠵᠤ᠂ ᠰᠢᠯᠤᠭᠤᠨ ᠬᠥᠬᠡ ᠬᠤᠰᠢᠭᠤᠨ ᠲᠥᠪ ᠠᠴᠠ ᠪᠠᠷᠠᠭᠤᠨ ᠬᠤᠶᠢᠰᠢ 143 ᠺᠢᠯᠣᠮᠧᠲᠷ | ᠵᠠᠶᠢᠲᠠᠶ ᠣᠷᠤᠰᠢᠨ᠎ᠠ᠃ ᠪᠠᠷᠠᠭᠤᠨ ᠲᠠᠯ᠎ᠠ ᠪᠠᠷ ᠢᠶᠠᠨ ᠰᠢᠯᠤᠭᠤᠨ ᠬᠥᠪᠡᠭᠡᠲᠦ ᠴᠠᠭᠠᠨ ᠬᠤᠰᠢᠭᠤ᠂ ᠰᠥᠨᠢᠳ ᠵᠡᠭᠦᠨ | ᠬᠤᠰᠢᠭᠤ ᠲᠠᠢ ᠵᠠᠬᠠᠯᠠᠵᠤ᠂ ᠬᠤᠶᠢᠲᠤ ᠲᠠᠯ᠎ᠠ ᠪᠠᠷ ᠢᠶᠠᠨ ᠠᠪᠠᠭ᠎ᠠ ᠬᠤᠰᠢᠭᠤ ᠲᠠᠢ ᠬᠥᠷᠰᠢᠯᠡᠵᠦ᠂ ᠵᠡᠭᠦᠨ | ᠲᠠᠯ᠎ᠠ ᠪᠠᠷ ᠢᠶᠠᠨ ᠨᠠᠷᠠᠲᠤ ᠰᠤᠮᠤ ᠲᠠᠢ ᠬᠢᠯᠢᠯᠡᠵᠦ᠂ ᠡᠮᠦᠨ᠎ᠡ ᠲᠠᠯ᠎ᠠ ᠪᠠᠷ ᠢᠶᠠᠨ ᠪᠤᠱᠤᠤᠳᠠᠢ ᠰᠤᠮᠤ ᠲᠠᠢ ᠵᠠᠯᠭᠠᠯᠳᠤᠨ᠎ᠠ᠃ | ᠶᠡᠷᠦᠩᠬᠡᠶ ᠲᠠᠯᠠᠪᠠᠢ ᠨᠢ 1300 ᠲᠡᠭᠰᠢ ᠳᠥᠷᠪᠡᠯᠵᠢᠨ ᠺᠢᠯᠣᠮᠧᠲᠷ᠂ ᠡᠭᠦᠨ ᠳᠤ ᠠᠰᠢᠭᠯᠠᠵᠤ ᠪᠣᠯᠬᠤ ᠨᠤᠲᠤᠭ | ᠪᠡᠯᠴᠢᠭᠡᠷ ᠤᠨ ᠲᠠᠯᠠᠪᠠᠢ 190 ᠲᠦᠮᠡᠨ ᠮᠦ᠂ 7 ᠭᠠᠴᠠᠭ᠎ᠠ᠂ 110 ᠬᠤᠲᠠ᠂ ᠶᠡᠷᠦᠩᠬᠡᠶ ᠡᠷᠦᠬᠡ ᠶᠢᠨ ᠲᠤᠭ᠎ᠠ | 1306᠂ ᠪᠥᠬᠦ ᠬᠥᠮᠦᠨ ᠠᠮᠠ 3515 ᠪᠠᠶᠢᠵᠤ᠂ ᠡᠭᠦᠨ ᠤ ᠳᠣᠲᠣᠷ᠎ᠠ ᠪᠠᠶᠢᠩᠭᠤ ᠰᠠᠭᠤᠭ᠎ᠠ ᠡᠷᠦᠬᠡ ᠶᠢᠨ ᠲᠤᠭ᠎ᠠ | 1063᠂ ᠬᠦᠮᠦᠨ ᠠᠮᠠ 2977 ᠪᠠᠶᠢᠨ᠎ᠠ᠃ ᠰᠤᠮᠤᠨ ᠤ ᠬᠠᠷᠢᠶᠠᠨ ᠳᠤ 9 ᠨᠠᠮ ᠤᠨ ᠡᠭᠦᠷ ᠲᠠᠢ᠂ ᠡᠭᠦᠨ ᠳᠤ | ᠭᠠᠴᠠᠭᠠᠨ ᠤ ᠨᠠᠮ ᠤᠨ ᠡᠭᠦᠷ 7 ᠪᠤᠢ᠃ 159 ᠨᠠᠮ ᠤᠨ ᠭᠡᠰᠢᠭᠦᠨ ᠲᠠᠢ᠂ ᠡᠭᠦᠨ ᠳᠤ 115 ᠮᠠᠯᠴᠢᠨ ᠨᠠᠮ ᠤᠨ | ᠭᠡᠰᠢᠭᠦᠨ ᠪᠤᠢ᠃ | ᠪᠥᠬᠦ ᠰᠤᠮᠤᠨ ᠳᠤ ᠳᠠᠩᠰᠠ ᠡᠪᠬᠡᠮᠡᠯ ᠲᠠᠢ ᠲᠠᠢ ᠶᠠᠳᠠᠭᠤ ᠬᠦᠴᠢᠷᠳᠡᠯᠲᠡᠶ 188 ᠡᠷᠦᠬᠡ᠂ 484 ᠬᠥᠮᠦᠨ ᠪᠣᠶ᠃ | ᠣᠳᠣᠬᠠᠨ ᠪᠣᠯᠲᠠᠯ᠎ᠠ᠂ ᠨᠢᠭᠡᠨᠲᠡ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠡᠭᠦᠨ ᠳᠤ 176 ᠡᠷᠦᠬᠡ ᠶᠢᠨ | 453 ᠬᠥᠮᠦᠨ ᠢ ᠬᠡᠪ ᠤᠨ ᠶᠣᠰᠣᠭᠠᠷ ᠶᠠᠳᠠᠭᠤ ᠠᠴᠠ ᠠᠩᠭᠢᠵᠢᠷᠠᠭᠤᠯᠵᠤ᠂ 12 ᠡᠷᠦᠬᠡ ᠶᠢᠨ 31 ᠬᠥᠮᠦᠨ ᠢ | ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠪᠠ᠃ 2019 ᠣᠨ ᠤ ᠪᠥᠬᠦ ᠰᠤᠮᠤ ᠶᠢᠨ ᠮᠠᠯ ᠠᠵᠤ ᠠᠬᠤᠶ ᠶᠢᠨ | ᠵᠢᠯ ᠤᠨ ᠮᠠᠯ ᠤᠨ ᠶᠡᠷᠦᠩᠬᠡᠶ ᠲᠤᠭ᠎ᠠ 27908 ᠲᠣᠯᠣᠭᠠᠶ ︵ᠡᠭᠦᠨ ᠳᠤ᠂ 23863 ᠦᠬᠡᠷ᠂ 779 ᠮᠣᠷᠢ᠂ | 30 ᠲᠡᠮᠡᠭᠡ᠂ 3179 ᠬᠤᠨᠢ᠂ 57 ᠢᠮᠠᠭ᠎ᠠ ᠪᠣᠶ︶᠂ 2019 ᠣᠨ ᠳᠤ ᠮᠠᠯᠴᠢᠳ ᠤᠨ ᠬᠥᠮᠦᠨ | ᠳᠤᠮᠳᠠᠴᠢ ᠶᠢᠨ ᠣᠷᠣᠯᠭ᠎ᠠ 19716.15 ᠲᠥᠭᠦᠷᠢᠭ ᠲᠤ ᠬᠦᠷᠴᠡᠢ᠃ | ᠵᠢᠭᠠᠰᠤᠲᠠᠶ ᠰᠤᠮᠤ ᠨᠢ ᠵᠢᠭᠠᠰᠤᠲᠠᠶ ᠨᠠᠭᠤᠷ ᠢᠶᠠᠷ ᠨᠡᠷᠡᠶᠢᠳᠦᠭᠳᠦᠵᠦ᠂ 2006 ᠣᠨ ᠳᠤ ᠨᠠᠷᠠᠲᠤ ᠰᠤᠮᠤ ᠲᠠᠢ | ᠨᠡᠶᠢᠯᠡᠭᠦᠯᠵᠡᠶ᠃ 2012 ᠣᠨ 11 ᠰᠠᠷ᠎ᠠ ᠶᠢᠨ 18 ᠤ ᠡᠳᠦᠷ᠂ ᠵᠢᠭᠠᠰᠤᠲᠠᠶ ᠰᠤᠮᠤ ᠪᠣᠯᠭᠠᠨ ᠰᠡᠷᠭᠦᠭᠡᠨ | ᠪᠠᠶᠢᠭᠤᠯᠪᠠ᠃ | 2017 ᠣᠨ ᠠᠴᠠ ᠨᠠᠰᠢ᠂ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ᠂ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠪᠠᠷ ᠰᠠᠭᠤᠷᠢ ᠪᠣᠯᠭᠠᠵᠤ᠂ ᠣᠳᠣ ᠦᠶ᠎ᠡ ᠶᠢᠨ ᠮᠠᠯ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠨ | ᠠᠬᠢᠭᠤᠯᠵᠤ᠂ ᠰᠢᠨ᠎ᠡ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠡᠷᠴᠢᠮᠵᠢᠭᠦᠯᠦᠭᠰᠡᠨ ᠢᠶᠠᠷ᠂ ᠮᠠᠯᠴᠢᠳ ᠤᠨ ᠠᠮᠢᠳᠤᠷᠠᠯ ᠤᠨ | ᠨᠦᠬᠦᠴᠡᠯ ᠳᠠᠰᠤᠷᠠᠯᠲᠠ ᠦᠭᠡᠢ ᠳᠡᠭᠡᠭᠰᠢᠯᠡᠪᠡ᠃ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠡᠶᠢᠲᠡ 145.6 ᠺᠢᠯᠣᠮᠧᠲᠷ ᠱᠦᠢᠨᠢ ᠵᠠᠮ ᠵᠠᠰᠠᠵᠤ᠂ 103.6 | ᠺᠢᠯᠣᠮᠧᠳ᠋ᠷ ᠬᠠᠶᠢᠷ ᠴᠢᠯᠠᠭᠤᠨ ᠵᠠᠮ ᠳᠡᠪᠢᠰᠴᠦ᠂ 688 ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ | ᠥᠭᠡᠷᠡᠴᠢᠯᠡᠨ ᠵᠠᠰᠠᠵᠤ᠂ 110 ᠬᠤᠲᠠ ᠳᠤ ᠴᠦᠮ ᠴᠠᠬᠢᠯᠭᠠᠨ ᠨᠡᠪᠲᠡᠷᠡᠭᠦᠯᠪᠡ᠃ ᠷᠠᠳᠢᠣ᠋ ᠲᠧᠯᠸᠢᠰ ᠢ ᠨᠡᠶᠢᠳᠡᠮ | ᠬᠠᠮᠤᠷᠬᠤ ᠶᠢ ᠪᠡᠶᠡᠯᠡᠭᠦᠯᠵᠦ᠂ ᠤᠤᠭᠤᠬᠤ ᠤᠰᠤᠨ ᠤ ᠠᠮᠤᠷ ᠲᠦᠪᠰᠢᠨ ᠢ ᠦᠨᠳᠦᠰᠦᠨ ᠳᠤ ᠪᠠᠨ ᠰᠢᠢᠳᠪᠦᠷᠢᠯᠡᠵᠦ᠂ | 7 ᠭᠠᠴᠠᠭᠠᠨ ᠳᠤ ᠴᠥᠮ ᠪᠠᠷᠢᠮᠵᠢᠶᠠᠵᠢᠭᠰᠠᠨ ᠰᠣᠶᠣᠯ ᠤᠨ ᠠᠵᠢᠯᠯᠠᠭᠠᠨ ᠤ ᠲᠠᠰᠤᠭ ᠪᠠ ᠡᠷᠡᠭᠦᠯ ᠬᠠᠮᠠᠭᠠᠯᠠᠯ ᠤᠨ | ᠲᠠᠰᠤᠭ ᠪᠠᠶᠢᠭᠤᠯᠪᠠ᠃ ᠮᠠᠯ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠶᠢ | ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠮᠠᠯ ᠤᠨ ᠡᠭᠦᠯᠳᠡᠷ ᠰᠠᠶᠢᠵᠢᠷᠠᠭᠤᠯᠤᠭᠰᠠᠨ ᠨᠣᠷᠮ᠎ᠠ 97% ᠳᠤ | ᠬᠦᠷᠭᠡᠵᠦ᠂ ᠮᠠᠯ ᠤᠨ ᠡᠭᠦᠯᠳᠡᠷ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠮᠠᠯᠴᠢᠳ ᠤᠨ ᠣᠷᠣᠯᠭ᠎ᠠ ᠶᠢ | ᠨᠡᠮᠡᠭᠳᠡᠭᠦᠯᠪᠡ᠃ ᠣᠶᠢᠷ᠎ᠠ ᠶᠢᠨ ᠵᠢᠯ ᠳᠤ ᠰᠤᠮᠤᠨ ᠤ ᠮᠠᠯ ᠤᠨ ᠲᠤᠭ᠎ᠠ ᠲᠣᠯᠣᠭᠠᠶ ᠬᠠᠮᠤᠭ ᠣᠯᠠᠨ ᠳᠤ ᠪᠠᠨ 5 | ᠲᠦᠮᠡ ᠳᠤ ᠬᠦᠷᠴᠦ᠂ ᠣᠳᠣ ᠦᠶ᠎ᠡ ᠶᠢᠨ ᠮᠠᠯ ᠠᠵᠤ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠨᠢᠭᠡᠨᠲᠡ | 23 ᠪᠣᠯᠵᠤ ᠬᠥᠭᠵᠢᠪᠡ᠃ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠨᠡᠶᠢᠭᠡᠮ ᠤᠨ ᠡᠯ᠎ᠡ | ᠲᠥᠷᠥᠯ ᠤᠨ ᠠᠵᠢᠯ ᠦᠢᠯᠡᠰ ᠤᠨ ᠬᠦᠭᠵᠢᠯᠲᠡ ᠶᠢ ᠲᠠᠰᠤᠷᠠᠯᠲᠠ ᠦᠭᠡᠢ ᠴᠢᠩᠭᠠᠳᠬᠠᠵᠤ᠂ ᠠᠷᠠᠳ ᠤᠨ ᠶᠠᠪᠤᠳᠠᠯ ᠤᠨ | ᠠᠪᠤᠷᠠᠨ ᠲᠤᠰᠠᠯᠠᠬᠤ᠂ ᠬᠤᠷᠰᠢᠭᠰᠠᠨ ᠡᠮᠨᠡᠯᠭᠡ᠂ ᠨᠠᠰᠤᠵᠢᠯ ᠤᠨ ᠳᠠᠭᠠᠳᠬᠠᠯ᠂ ᠨᠡᠶᠢᠭᠡᠮ ᠬᠥᠳᠡᠯᠮᠦᠷᠢ ᠶᠢᠨ ᠪᠠᠲᠤᠯᠠᠭ᠎ᠠ | ᠵᠡᠷᠭᠡ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠬᠠᠮᠲᠤ᠂ ᠰᠣᠶᠣᠯ ᠰᠤᠷᠭᠠᠨ ᠬᠥᠮᠦᠵᠢᠯ᠂ | ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠪᠣᠯᠤᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ | ᠵᠡᠷᠭᠡ ᠠᠵᠢᠯ ᠢ ᠲᠠᠰᠤᠷᠠᠯᠲᠠ ᠦᠭᠡᠢ ᠲᠦᠯᠬᠢᠨ ᠠᠬᠢᠭᠤᠯᠵᠤ ᠪᠠᠶᠢᠨ᠎ᠠ᠃ | | | | | |