ᠰᠢᠯᠤᠭᠤᠨ ᠬᠥᠬᠡ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/2/27
     ᠰᠢᠯᠤᠭᠤᠨ ᠬᠦᠬᠡ ᠬᠤᠰᠢᠭᠤᠨ ᠤ ᠬᠤᠪᠢᠰᠬᠠᠯ ᠤᠨ ᠵᠥᠪᠯᠡᠯ ᠤᠨ ᠵᠠᠬᠢᠳᠠᠯ ᠰᠤᠷᠪᠤᠯᠵᠢᠯᠠᠭ᠎ᠠ ᠶᠢᠨ ᠠᠯᠪᠠᠨ ᠭᠡᠷ 1979 ᠣᠨ ᠤ 3 ᠰᠠᠷ᠎ᠠ ᠶᠢᠨ 8 ᠤ ᠡᠳᠦᠷ ᠪᠠᠶᠢᠭᠤᠯᠤᠭᠳᠠᠵᠤ᠂ 1986 ᠣᠨ ᠤ 6 ᠰᠠᠷ᠎ᠠ ᠳᠤ ᠰᠢᠯᠤᠭᠤᠨ ᠬᠦᠬᠡ ᠬᠤᠰᠢᠭᠤᠨ ᠤ ᠵᠠᠰᠠᠭ ᠤᠨ ᠣᠷᠳᠣᠨ ᠤ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠭᠡᠵᠦ ᠥᠭᠡᠷᠡᠴᠢᠯᠡᠪᠡ︔ 2007 ᠤᠨ 4 ᠰᠠᠷ᠎ᠠ ᠳᠤ 《 ᠰᠢᠯᠤᠭᠤᠨ ᠬᠥᠬᠡ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ 》 ᠭᠡᠵᠦ ᠬᠠᠯᠠᠭᠠᠳ᠂  ᠬᠤᠰᠢᠭᠤ ᠠᠷᠠᠳ ᠤᠨ ᠵᠠᠰᠠᠭ ᠠᠷᠠᠳ‌‍ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ  ᠪᠥᠬᠡᠳ ᠵᠢᠩᠬᠢᠨᠢ ᠰᠠᠯᠠᠭᠠᠨ ᠤ ᠲᠠᠰ  ᠤᠨ ᠪᠠᠶᠢᠭᠤᠯᠤᠮᠵᠢ  ᠪᠣᠯᠪᠠ᠃ ᠣᠳᠣᠬᠠᠨ ᠳᠤ ᠰᠢᠯᠤᠭᠤᠨ ᠬᠥᠬᠡ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠣᠷᠣᠨ ᠲᠤᠭ᠎ᠠ ᠳᠤ ᠪᠠᠶᠢᠭ᠎ᠠ ᠠᠵᠢᠯᠲᠠᠨ ᠨᠡᠶᠢᠲᠡ 3 ᠬᠥᠮᠦᠨ ᠪᠠᠶᠢᠨ᠎ᠠ᠃ ᠡᠭᠦᠨ ᠳᠤ ᠬᠤᠶᠠᠳᠤᠭᠠᠷ ᠳᠡᠰ ᠤᠨ ᠭᠡᠰᠢᠭᠦᠴᠢ 1᠂ ᠳᠥᠷᠪᠡᠳᠦᠭᠡᠷ ᠳᠡᠰ ᠤᠨ ᠭᠡᠰᠢᠭᠦᠴᠢ 1᠂ ᠳᠥᠷᠪᠡᠳᠦᠭᠡᠷ ᠳᠡᠰ ᠤᠨ  ᠡᠷᠬᠢᠯᠡᠭᠴᠢ ᠭᠡᠰᠢᠭᠦᠴᠢ 1 ᠨᠡᠷ᠎ᠡ ᠪᠤᠢ᠃ ᠰᠢᠯᠤᠭᠤᠨ ᠬᠥᠬᠡ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠰᠢᠨ᠎ᠡ  ᠠᠯᠪᠠᠨ ᠠᠰᠠᠷ 2016 ᠤᠨ 3 ᠰᠠᠷ᠎ᠠ ᠶᠢᠨ ᠰᠡᠭᠦᠯᠴᠢ ᠠᠴᠠ ᠡᠬᠢᠯᠡᠨ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠰᠢᠯᠤᠭᠤᠨ ᠬᠥᠬᠡ ᠬᠤᠰᠢᠭᠤᠨ ᠤ ᠱᠠᠩᠳᠤ ᠪᠠᠯᠭᠠᠰᠤᠨ ᠤ ᠴᠠᠬᠠᠷ ᠶᠡᠭᠡ ᠵᠡᠭᠡᠯᠢ ᠶᠢᠨ ᠪᠠᠷᠠᠭᠤᠨ ᠡᠮᠦᠨ᠎ᠡ ᠬᠡᠰᠡᠭ ᠤᠨ ᠬᠠᠤᠯᠢ ᠴᠠᠭᠠᠵᠠ ᠶᠢᠨ ᠲᠣᠪᠴᠢᠶᠠᠨ ᠤ ᠵᠡᠭᠦᠨ ᠲᠠᠯ᠎ᠠ ᠳᠤ ᠪᠠᠶᠢᠷᠢᠯᠠᠵᠤ᠂ ᠨᠠᠮ ᠵᠠᠰᠠᠭ  ᠤᠨ ᠬᠠᠮᠲᠤᠷᠠᠭᠰᠠᠨ ᠰᠤᠷᠪᠤᠯᠵᠢᠯᠠᠭ᠎ᠠ ᠬᠦᠯᠢᠶᠡᠬᠦ ᠲᠥᠪ᠂ ᠣᠯᠠᠨ ᠵᠠᠭᠤᠴᠢᠯᠠᠭᠤᠷ  ᠤᠨ ᠬᠤᠷᠠᠯ  ᠤᠨ ᠭᠡᠷ᠂ ᠬᠠᠷᠠᠭᠠᠨ ᠳᠠᠪᠲᠠᠮᠵᠢ ᠶᠢᠨ ᠰᠤᠷᠪᠤᠯᠵᠢᠯᠠᠭ᠎ᠠ ᠬᠦᠯᠢᠶᠡᠬᠦ ᠭᠡᠷ᠂ ᠭᠠᠵᠠᠷ  ᠤᠨ ᠲᠠᠰ  ᠤᠨ ᠤᠳᠤᠷᠢᠳᠤᠯᠭ᠎ᠠ  ᠶᠢᠨ ᠰᠤᠷᠪᠤᠯᠵᠢᠯᠠᠭ᠎ᠠ ᠬᠦᠯᠢᠶᠡᠬᠦ ᠭᠡᠷ᠂ ᠰᠠᠯᠠᠭ᠎ᠠ ᠮᠥᠴᠢᠷ  ᠤᠨ ᠵᠣᠬᠢᠴᠠᠭᠤᠯᠬᠤ ᠭᠡᠷ᠂ ᠳᠣᠲᠣᠭᠠᠳᠤ  ᠶᠢ ᠬᠠᠮᠠᠭᠠᠯᠠᠬᠤ ᠵᠢᠵᠢᠭᠦᠷᠯᠡᠬᠦ ᠭᠡᠷ᠂ ᠳᠠᠩᠰᠠ ᠡᠪᠬᠡᠮᠡᠯ  ᠤᠨ ᠭᠡᠷ᠂ ᠠᠯᠪᠠᠨ ᠭᠡᠷ ᠵᠡᠷᠭᠡ ᠣᠯᠠᠨ ᠴᠢᠳᠠᠮᠵᠢ  ᠶᠢ ᠨᠢᠭᠡ ᠴᠣᠭᠴᠠ ᠪᠣᠯᠭᠠᠭᠰᠠᠨ  ᠬᠦᠯᠢᠶᠡᠨ ᠵᠣᠴᠢᠯᠠᠬᠤ ᠭᠠᠵᠠᠷ ᠪᠣᠯᠤᠨ᠎ᠠ᠃ ᠳᠣᠣᠷ᠎ᠠ ᠨᠢ ᠵᠢᠩᠬᠢᠨᠢ ᠲᠠᠰᠤᠭ ᠤᠨ ᠲᠡᠰ ᠤᠨ ᠰᠢᠯᠤᠭᠤᠨ ᠬᠥᠬᠡ ᠬᠤᠰᠢᠭᠤᠨ ᠤ ᠬᠠᠮᠲᠤᠷᠠᠭᠰᠠᠨ ᠰᠤᠷᠪᠤᠯᠵᠢᠯᠠᠭ᠎ᠠ  ᠬᠦᠯᠢᠶᠠᠡ ᠠᠪᠬᠤ ᠲᠥᠪ ᠭᠠᠷᠭᠠᠵᠤ᠂ ᠠᠵᠢᠯ ᠦᠢᠯᠡᠰ ᠤᠨ ᠣᠷᠣᠨ ᠲᠤᠭ᠎ᠠ ᠶᠢ 3 ᠨᠡᠷᠡᠰ ᠬᠢᠨᠠᠨ ᠲᠣᠭᠲᠠᠭᠠᠵᠤ᠂ ᠪᠣᠳᠠᠲᠠᠶ  ᠪᠠᠶᠢᠭ᠎ᠠ ᠣᠷᠣᠨ ᠲᠤᠭ᠎ᠠ ᠳᠤ  1 ᠨᠡᠷᠡᠰ  ᠪᠣᠢ᠃    ᠬᠤᠶᠠᠷ᠂ ᠰᠢᠯᠤᠭᠤᠨ ᠬᠥᠬᠡ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠭᠤᠣᠯ ᠡᠭᠦᠷᠭᠡ  ᠬᠠᠷᠢᠴᠠᠭᠤᠯᠭ᠎ᠠ    ( ᠨᠢᠭᠡ ) ᠵᠠᠬᠢᠳᠠᠯ ᠰᠤᠷᠪᠤᠯᠵᠢᠯᠠᠯ  ᠤᠨ ᠠᠵᠢᠯ  ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ᠂ ᠰᠢᠯᠢ  ᠶᠢᠨ  ᠭᠤᠣᠯ ᠠᠶᠢᠮᠠᠭ  ᠤᠨ  ᠬᠠᠣᠯᠢ ᠴᠠᠭᠠᠵᠠ ᠬᠠᠣᠯᠢ ᠲᠣᠭᠲᠠᠭᠠᠯ ᠪᠣᠯᠤᠨ   ᠰᠢᠳᠪᠣᠷᠢᠲᠣ ᠪᠣᠳᠣᠯᠭ᠎ᠠ  ᠶᠢᠨ  ᠪᠠᠶᠢᠷᠢᠭᠤᠯᠣᠯᠲᠠ  ᠶᠢ  ᠲᠣᠣᠱᠠᠯᠠᠭᠤᠯᠣᠨ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠰᠤᠮᠤ ᠪᠠᠯᠭᠠᠰᠤ ᠲᠠᠯᠠᠪᠠᠢ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠵᠠᠬᠢᠳᠠᠯ  ᠰᠤᠷᠪᠣᠯᠵᠢᠯᠠᠯ ᠶᠢᠨ ᠠᠵᠢᠯ ᠢ ᠵᠣᠬᠢᠴᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃    ( ᠬᠤᠶᠠᠷ ) ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤᠨ ᠤ ᠨᠠᠮ  ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ  ᠵᠣᠶᠢᠯᠠᠰ ᠢ ᠳᠠᠭᠠᠭᠠᠨ  ᠡᠷᠬᠢᠯᠠᠨ᠎ᠠ᠃ ᠠᠷᠠᠳ ᠢᠷᠭᠡᠨ᠂ ᠬᠠᠤᠯᠢ ᠶᠢᠨ ᠡᠷᠬᠡᠲᠠᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠪᠠ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠠᠷᠠᠳ ᠣᠯᠠᠨ ᠤ ᠰᠠᠨᠠᠭᠤᠯᠭ᠎ᠠ ᠶᠢ ᠴᠤᠭᠯᠠᠭᠤᠯᠵᠤ᠂ ᠣᠯᠠᠨ ᠲᠦᠮᠡᠨ ᠤ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢ  ᠬᠦᠯᠢᠶᠠᠨ ᠠᠪᠴᠤ  ᠰᠢᠢᠳᠪᠥᠷᠢᠯᠡᠬᠦ ᠵᠢᠴᠢ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ ᠶᠢ ᠬᠠᠷᠢᠭᠤᠴᠠᠵᠤ᠂  ᠵᠠᠬᠢᠲᠠᠯ ᠰᠤᠷᠪᠤᠯᠵᠢᠯᠠᠭ᠎ᠠ ᠶᠢᠨ ᠠᠷᠭ᠎ᠠ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ᠃    ( ᠭᠤᠷᠪᠠ ) ᠬᠤᠯᠪᠣᠭᠳᠠᠯ ᠪᠦᠬᠦᠢ ᠬᠠᠷᠢᠭᠤᠴᠠᠯᠭᠠᠲᠤ ᠨᠢᠭᠡᠴᠡ ᠳᠤ ᠵᠠᠬᠢᠳᠠᠯ ᠰᠤᠷᠪᠤᠯᠵᠢᠯᠠᠯ ᠤᠨ  ᠵᠣᠶᠢᠯᠡᠰ ᠢ  ᠰᠢᠯᠵᠢᠬᠦᠯᠣᠨ ᠬᠥᠢᠴᠡᠳᠬᠡᠵᠤ᠂ ᠲᠤᠰᠢᠶᠠᠨ  ᠰᠢᠢᠳᠪᠦᠷᠢᠯᠡᠬᠦᠯᠬᠦ ᠶᠢ ᠬᠠᠷᠢᠭᠤᠴᠠᠵᠤ᠂ ᠵᠠᠬᠢᠳᠠᠯ ᠰᠤᠷᠪᠤᠯᠵᠢᠯᠠᠯ ᠤᠨ  ᠵᠣᠶᠢᠯ ᠢ    ᠰᠢᠢᠳᠪᠦᠷᠢᠯᠡᠬᠦ ᠪᠠ ᠵᠠᠬᠢᠳᠠᠯ ᠰᠤᠷᠪᠤᠯᠵᠢᠯᠠᠯ ᠤᠨ ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢᠨ ᠬᠠᠮᠲᠤ ᠵᠠᠬᠢᠳᠠᠯ  ᠰᠣᠷᠪᠣᠯᠵᠢᠯᠠᠭ᠎ᠠ ᠶᠢᠨ  ᠵᠣᠶᠢᠯ ᠢ  ᠰᠢᠢᠳᠪᠦᠷᠢᠯᠡᠬᠦ ᠪᠠ ᠵᠠᠬᠢᠳᠠᠯ ᠰᠤᠷᠪᠤᠯᠵᠢᠯᠠᠯ ᠤᠨ ᠬᠠᠷᠢᠭᠤᠴᠠᠯᠭ᠎ᠠ ᠶᠢᠨ ᠳᠦᠷᠢᠮ  ᠢ ᠨᠠᠶᠢᠳᠠᠪᠤᠷᠢᠵᠢᠭᠤᠯᠤᠭᠰᠠᠨ ᠪᠠᠶᠢᠲᠠᠯ ᠳᠤ ᠰᠢᠮᠳᠠᠭᠤᠯᠤᠨ ᠪᠠᠶᠢᠴᠠᠭᠠᠯᠲᠠ ᠬᠢᠬᠦ ᠬᠡᠷᠡᠭᠲᠡᠶ᠃ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠵᠠᠬᠢᠳᠠᠯ ᠰᠣᠷᠪᠣᠯᠵᠢᠯᠠᠭ᠎ᠠ ᠶᠢᠨ  ᠵᠣᠶᠢᠯᠡᠰ ᠢ ᠵᠣᠬᠢᠴᠠᠭᠤᠯᠤᠨ ᠰᠢᠮᠳᠠᠭᠤᠯᠤᠨ  ᠰᠢᠢᠳᠪᠥᠷᠢᠯᠡᠬᠦ ᠶᠢ ᠬᠠᠷᠢᠭᠤᠴᠠᠨ᠎ᠠ᠃    ( ᠳᠥᠷᠪᠡ) ᠬᠤᠯᠪᠣᠭᠳᠠᠯ ᠪᠦᠬᠦᠢ ᠬᠠᠷᠢᠭᠤᠴᠠᠯᠭᠠᠲᠤ ᠨᠢᠭᠡᠴᠡ ᠳᠤ ᠵᠠᠬᠢᠳᠠᠯ ᠰᠤᠷᠪᠤᠯᠵᠢᠯᠠᠯ ᠤᠨ ᠵᠣᠶᠢᠯᠡᠰ ᠢ ᠰᠢᠯᠵᠢᠭᠦᠯᠣᠨ  ᠭᠦᠢᠴᠡᠳᠬᠡᠵᠣ᠂ ᠲᠤᠰᠢᠶᠠᠨ  ᠰᠢᠢᠳᠪᠥᠷᠢᠯᠡᠬᠦᠯᠬᠦ ᠶᠢ ᠬᠠᠷᠢᠭᠤᠴᠠᠵᠤ᠂ ᠡᠭᠦᠨ ᠤ ᠬᠠᠮᠲᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠪᠠ ᠵᠠᠬᠢᠳᠠᠯ ᠰᠤᠷᠪᠤᠯᠵᠢᠯᠠᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠪᠠᠳᠠᠨ ᠪᠠᠶᠢᠴᠠᠭᠠᠨ᠎ᠠ᠃    ( ᠲᠠᠪᠤ ) ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠭᠡᠷ ᠤᠨ  ᠡᠲᠦᠷ ᠲᠤᠲᠤᠮ ᠤᠨ ᠠᠵᠢᠯ ᠢ ᠬᠠᠷᠢᠭᠤᠴᠠᠬᠤ ᠶᠢᠨ ᠬᠠᠮᠲᠤ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ  ᠬᠠᠮᠲᠣᠷᠡᠡᠰᠨᠨ ᠬᠤᠷᠠᠯ ᠤᠨ ᠠᠯᠪᠠᠨ ᠭᠡᠷ ᠤᠨ ᠲᠣᠭᠲᠠᠭᠠᠭᠰᠠᠨ  ᠵᠣᠶᠢᠯᠡᠰ ᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ  ᠪᠠᠶᠢᠴᠠᠭᠠᠨ᠎ᠠ᠃ ᠵᠠᠬᠢᠳᠠᠯ ᠰᠤᠷᠪᠤᠯᠵᠢᠯᠠᠯ ᠢ  ᠬᠠᠣᠯᠢᠵᠢᠭᠤᠯᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ᠎ᠠ᠃ ᠪᠦᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠪᠠ  ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ᠃     ︵ᠵᠢᠷᠭᠤᠭ᠎ᠠ︶ ᠪᠦᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠡᠩᠨᠡᠭᠡᠨ ᠤ ᠪᠠᠶᠢᠭᠤᠯᠤᠯᠲᠠ ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠪᠣᠯᠪᠠᠰᠤᠷᠠᠯ ᠤᠨ ᠠᠵᠢᠯ ᠢ ᠰᠠᠶᠢᠲᠤᠷ ᠠᠳᠬᠤᠨ᠎ᠠ᠃     ( ᠳᠣᠯᠤᠭ᠎ᠠ ) ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠤᠬᠠᠭᠤᠯᠭ᠎ᠠ᠂ ᠮᠡᠳᠡᠭᠡ ᠵᠠᠩᠭᠢ ᠨᠡᠶᠢᠲᠡᠯᠡᠬᠦ ᠪᠠ  ᠭᠠᠲᠠᠭᠠᠲᠤ ᠲᠠᠢ ᠰᠣᠯᠢᠯᠴᠠᠭ᠎ᠠ ᠬᠢᠬᠦ ᠶᠢ ᠵᠣᠬᠢᠴᠠᠭᠤᠯᠤᠨ᠎ᠠ᠃     ︵ᠨᠠᠢᠮᠠ︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ  ᠪᠡᠶᠠᠯᠡᠬᠦᠯᠤᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号