ᠰᠢᠯᠤᠭᠤᠨ ᠬᠦᠬᠡ ᠬᠤᠰᠢᠭᠤᠨ ᠤ ᠠᠷᠠᠳ ᠤᠨ ᠶᠠᠪᠤᠳᠠᠯ ᠤᠨ ᠳᠣᠪᠴᠢᠶ᠎ᠠ
ᠨᠡᠶᠢᠲᠡᠯᠡᠭᠰᠡᠨ ᠴᠠᠭ᠄
2024/2/27
        ︵ᠨᠢᠭᠡ︶ ᠤᠯᠤᠰ᠂ ᠦᠪᠡᠷᠳᠡᠭᠡᠨ ᠵᠠᠰᠠᠬᠤ ᠤᠷᠤᠨ ᠪᠠ ᠠᠶᠢᠮᠠᠭ ᠤᠨ ᠵᠠᠬᠢᠷᠭ᠎ᠠ ᠶᠢᠨ ᠠᠷᠠᠳ ᠤᠨ ᠶᠠᠪᠤᠳᠠᠯ  ᠤᠨ ᠬᠠᠮᠢᠶ᠎ᠠ ᠪᠦᠬᠦᠢ ᠬᠠᠤᠯᠢ ᠳᠦᠷᠢᠮ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃      ︵ᠬᠤᠶᠠᠷ︶ ᠪᠦᠬᠦ ᠬᠤᠰᠢᠭᠤᠨ ᠤ ᠬᠤᠲᠠ ᠬᠦᠳᠡᠭᠡ ᠶᠢᠨ ᠨᠡᠶᠢᠭᠡᠮ ᠤᠨ ᠳᠤᠰᠠᠯᠠᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠬᠠᠷᠢᠭᠤᠴᠠᠵᠤ᠂ ᠨᠡᠶᠢᠭᠡᠮ ᠤᠨ ᠳᠤᠰᠠᠯᠠᠮᠵᠢ ᠶᠢᠨ ᠲᠦᠯᠦᠪᠵᠢᠬᠦᠯᠭᠡ᠂ ᠲᠦᠷᠦ ᠶᠢᠨ ᠪᠤᠳᠤᠯᠭ᠎ᠠ ᠪᠠ ᠪᠠᠷᠢᠮᠵᠢᠶ᠎ᠠ ᠶᠢ ᠳᠤᠭᠳᠠᠭᠠᠨ᠎ᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠠᠮᠤᠭ ᠳᠤᠤᠷ᠎ᠠ ᠠᠮᠢᠳᠤᠷᠠᠯ  ᠤᠨ ᠪᠠᠲᠤᠯᠠᠭ᠎ᠠ᠂ ᠤᠨᠴᠠ ᠬᠦᠴᠢᠷᠳᠡᠯᠲᠡᠢ ᠠᠷᠠᠳ ᠢ ᠠᠰᠠᠷᠠᠨ ᠬᠠᠷᠠᠭᠠᠯᠵᠠᠬᠤ᠂ ᠲᠦᠷ ᠴᠠᠭ ᠤᠨ ᠠᠪᠤᠷᠠᠨ ᠳᠤᠰᠠᠯᠠᠮᠵᠢ᠂ ᠠᠮᠢᠳᠤᠷᠠᠯ ᠨᠢ ᠪᠠᠲᠤᠯᠠᠭ᠎ᠠ ᠦᠬᠡᠢ ᠪᠤᠯᠤᠭᠰᠠᠨ ᠲᠡᠨᠦᠬᠦᠯ ᠬᠦᠮᠦᠰ ᠢ ᠠᠪᠤᠷᠠᠨ ᠳᠤᠰᠠᠯᠠᠬᠤ ᠠᠵᠢᠯ ᠢ ᠬᠠᠷᠢᠭᠤᠴᠠᠨ᠎ᠠ᠃      ︵ᠭᠤᠷᠪᠠ︶ ᠬᠤᠲᠠ ᠬᠦᠳᠡᠭᠡ ᠶᠢᠨ ᠦᠨᠳᠦᠰᠦᠨ ᠱᠠᠲᠤᠨ ᠤ ᠤᠯᠠᠨ ᠲᠦᠮᠡᠨ ᠤ ᠦᠪᠡᠷᠳᠡᠭᠡᠨ ᠵᠠᠰᠠᠬᠤ ᠪᠠᠶᠢᠭᠤᠯᠤᠯᠲᠠ ᠪᠠ ᠨᠡᠶᠢᠬᠡᠮ ᠤᠨ ᠵᠠᠰᠠᠯᠲᠠ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠦ᠂ ᠬᠤᠲᠠ ᠬᠦᠳᠡᠭᠡ  ᠶᠢᠨ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠵᠢᠯᠤᠭᠤᠳᠴᠤ᠂ ᠬᠤᠲᠠ ᠬᠦᠳᠡᠭᠡ ᠶᠢᠨ ᠦᠨᠳᠦᠰᠦᠨ ᠱᠠᠲᠤᠨ ᠤ ᠵᠠᠰᠠᠭ ᠤᠨ ᠡᠷᠭᠡ ᠶᠢᠨ ᠪᠦᠲᠦᠭᠡᠨ ᠪᠠᠶᠢᠭᠤᠯᠤᠯᠲᠠ  ᠶᠢ ᠴᠢᠩᠭᠠᠳᠬᠠᠬᠤ ᠪᠠ ᠰᠠᠶᠢᠵᠢᠷᠠᠭᠤᠯᠬᠤ ᠰᠠᠨᠠᠭᠤᠯᠭ᠎ᠠ ᠳᠤᠷᠠᠳᠤᠨ᠂ ᠦᠨᠳᠦᠰᠦᠨ ᠱᠠᠲᠤᠨ ᠤ ᠠᠷᠠᠳᠴᠢᠯᠠᠯ ᠤᠨ ᠤᠯᠤᠰ ᠲᠦᠷᠦ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠭᠠᠴᠠᠭ᠎ᠠ ᠳᠤᠰᠬᠤᠨ ᠤ ᠠᠷᠠᠳ  ᠤᠨ ᠵᠦᠪᠯᠡᠯ ᠢ ᠵᠢᠯᠤᠭᠤᠳᠴᠤ ᠠᠷᠠᠳᠴᠢᠯᠠᠯ ᠢᠶᠠᠷ ᠰᠤᠩᠭᠤᠬᠤ᠂ ᠠᠷᠠᠳᠴᠢᠯᠠᠯ ᠢᠶᠠᠷ ᠪᠤᠳᠤᠯᠭ᠎ᠠ ᠳᠤᠭᠳᠠᠭᠠᠬᠤ᠂ ᠠᠷᠠᠳᠴᠢᠯᠠᠯ ᠢᠶᠠᠷ ᠬᠠᠮᠢᠶᠠᠷᠤᠯᠲᠠ ᠬᠢᠬᠦ ᠪᠠ ᠠᠷᠠᠳᠴᠢᠯᠠᠯ ᠢᠶᠠᠷ ᠬᠢᠨᠠᠯᠲᠠ ᠲᠠᠯᠪᠢᠵᠤ᠂ ᠭᠠᠴᠠᠭᠠᠨ ᠤ ᠶᠠᠪᠤᠳᠠᠯ ᠢ ᠢᠯᠡ ᠪᠤᠯᠭᠠᠬᠤ ᠪᠠ ᠦᠨᠳᠦᠰᠦᠨ ᠱᠠᠲᠤᠨ ᠤ ᠠᠷᠠᠳᠴᠢᠯᠠᠯ ᠤᠨ ᠤᠯᠤᠰ ᠲᠦᠷᠦ ᠶᠢᠨ ᠪᠠᠶᠢᠭᠤᠯᠤᠯᠲᠠ ᠶᠢ ᠳᠦᠯᠬᠢᠨ ᠠᠬᠢᠭᠤᠯᠤᠨ᠎ᠠ᠃       ︵ᠳᠦᠷᠪᠡ︶ ᠪᠦᠬᠦ ᠬᠤᠰᠢᠭᠤᠨ ᠤ ᠵᠠᠰᠠᠭ ᠵᠠᠬᠢᠷᠭᠠᠨ ᠤ ᠵᠠᠭᠠᠭ ᠬᠤᠪᠢᠶᠠᠯᠲᠠ ᠶᠢᠨ ᠠᠵᠢᠯ ᠢ ᠳᠠᠭᠠᠭᠠᠴᠢᠯᠠᠨ ᠭᠦᠢᠴᠡᠳᠬᠡᠵᠦ᠂ ᠪᠦᠬᠦ ᠬᠤᠰᠢᠭᠤᠨ ᠤ ᠵᠠᠰᠠᠭ ᠵᠠᠬᠢᠷᠭᠠᠨ ᠤ ᠬᠤᠪᠢᠶᠠᠷᠢᠯᠠᠯ ᠤᠨ ᠲᠦᠯᠦᠪᠵᠢᠬᠦᠯᠬᠡ ᠶᠢ ᠰᠤᠳᠤᠯᠵᠤ ᠵᠠᠰᠠᠨ ᠨᠠᠶᠢᠷᠠᠭᠤᠯᠵᠤ᠂ ᠰᠤᠮᠤ ᠪᠠᠯᠭᠠᠰᠤ ᠪᠠ ᠭᠠᠴᠠᠭ᠎ᠠ ᠳᠤᠰᠬᠤᠨ ︵ᠨᠡᠶᠢᠭᠡᠮ ᠲᠤᠭᠤᠷᠢᠭ︶ ᠤ ᠵᠠᠰᠠᠭ ᠵᠠᠬᠢᠷᠭᠠᠨ ᠤ ᠬᠤᠪᠢᠶᠠᠷᠢᠯᠠᠯ ᠢ ᠪᠠᠶᠢᠭᠤᠯᠬᠤ᠂ ᠬᠦᠴᠦᠨ ᠦᠬᠡᠢ ᠪᠤᠯᠭᠠᠬᠤ᠂ ᠳᠤᠬᠢᠷᠠᠭᠤᠯᠬᠤ᠂ ᠨᠡᠷ᠎ᠡ ᠶᠢ ᠨᠢ ᠦᠬᠡᠷᠡᠴᠢᠯᠡᠬᠦ ᠪᠠ ᠵᠠᠭᠠᠭ ᠬᠢᠵᠠᠭᠠᠷ ᠤᠨ ᠱᠤᠭᠤᠮ ᠤᠨ ᠬᠤᠪᠢᠷᠠᠯᠲᠠ ᠵᠢᠴᠢ ᠵᠠᠰᠠᠭ ᠤᠨ ᠤᠷᠳᠤᠨ ᠤ ᠰᠠᠭᠤᠭ᠎ᠠ ᠭᠠᠵᠠᠷ ᠢ ᠨᠡᠭᠦᠯᠬᠡᠨ ᠰᠢᠯᠵᠢᠬᠦᠯᠬᠦ ᠶᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠨ᠎ᠠ᠃ ᠬᠦᠷᠰᠢ ᠵᠡᠷᠭᠡᠯᠡᠳᠡᠭᠡ ᠭᠠᠵᠠᠷ ᠤᠷᠤᠨ ︵ᠠᠶᠢᠮᠠᠭ᠂ ᠬᠤᠲᠠ᠂ ᠬᠤᠰᠢᠭᠤ᠂ ᠰᠢᠶᠠᠨ︶ ᠤ ᠬᠤᠭᠤᠷᠤᠨᠳᠤᠬᠢ ᠵᠠᠭᠠᠭ ᠱᠤᠭᠤᠮ ᠢ ᠲᠤᠳᠤᠯᠠᠬᠤ ᠠᠵᠢᠯ ᠢ ᠳᠠᠭᠠᠭᠠᠴᠢᠯᠠᠨ ᠭᠦᠢᠴᠡᠳᠬᠡᠵᠦ᠂ ᠬᠤᠰᠢᠭᠤᠨ ᠤ ᠵᠠᠰᠠᠭ ᠵᠠᠬᠢᠷᠭᠠᠨ ᠤ ᠬᠤᠪᠢᠶᠠᠷᠢᠯᠠᠯ ᠤᠨ ᠵᠠᠭᠠᠭ ᠱᠤᠭᠤᠮ ᠢ ᠲᠤᠳᠤᠯᠠᠬᠤ ᠪᠠ ᠬᠠᠮᠢᠶᠠᠷᠬᠤ ᠠᠵᠢᠯ ᠢ ᠬᠠᠷᠢᠭᠤᠴᠠᠵᠤ᠂ ᠬᠤᠰᠢᠭᠤᠨ ᠤ ᠳᠤᠳᠤᠷᠠᠬᠢ ᠰᠤᠮᠤ ᠪᠠᠯᠭᠠᠰᠤ ︵ᠲᠠᠯᠠᠪᠠᠢ᠂ ᠬᠠᠮᠢᠶᠠᠷᠤᠯᠲᠠ ᠶᠢᠨ ᠲᠤᠭᠤᠷᠢᠭ︶ ᠶᠢᠨ ᠵᠠᠭᠠᠭ ᠱᠤᠭᠤᠮ ᠤᠨ ᠵᠦᠷᠢᠴᠡᠯ ᠵᠢᠭᠤᠷᠠᠯᠳᠤᠭᠠᠨ ᠢ ᠵᠤᠬᠢᠴᠠᠭᠤᠯᠤᠨ ᠰᠢᠢᠳᠪᠤᠷᠢᠯᠡᠨ᠎ᠡ᠃ ᠭᠠᠵᠠᠷ ᠤᠨ ᠨᠡᠷ᠎ᠡ ᠶᠢᠨ ᠬᠠᠮᠢᠶᠠᠷᠤᠯᠲᠠ᠂ ᠭᠠᠵᠠᠷ ᠤᠨ ᠨᠡᠷ᠎ᠡ  ᠶᠢᠨ ᠵᠢᠭᠠᠯᠲᠠ ᠲᠡᠮᠳᠡᠭ ᠢ ᠪᠠᠶᠢᠷᠢᠯᠠᠭᠤᠯᠬᠤ᠂ ᠭᠠᠵᠠᠷ ᠤᠨ ᠨᠡᠷ᠎ᠡ ᠶᠢᠨ ᠰᠤᠷᠠᠭ ᠵᠠᠩᠭᠢᠴᠢᠯᠠᠭᠰᠠᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃       ︵ᠲᠠᠪᠤ︶ ᠤᠷᠤᠭ ᠤᠨ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠬᠦᠯᠵᠦ᠂ ᠤᠷᠤᠭ ᠤᠨ ᠬᠠᠮᠢᠶᠠᠷᠤᠯᠲᠠ ᠶᠢᠨ ᠠᠵᠢᠯ ᠢ ᠵᠢᠯᠤᠭᠤᠳᠴᠤ᠂ ᠤᠷᠤᠭ ᠤᠨ ᠵᠠᠩᠰᠢᠯ ᠤᠨ ᠦᠬᠡᠷᠡᠴᠢᠯᠡᠯᠲᠡ ᠶᠢ ᠳᠦᠯᠬᠢᠨ ᠠᠬᠢᠭᠤᠯᠤᠨ᠎ᠠ᠃       ︵ᠵᠢᠷᠭᠤᠭ᠎ᠠ︶ ᠤᠷᠤᠰᠢᠭᠤᠯᠭ᠎ᠠ ᠶᠢᠨ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ᠂ ᠦᠢᠯᠡᠴᠢᠯᠡᠭᠡᠨ ᠤ ᠳᠦᠷᠢᠮᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠷᠤᠰᠢᠭᠤᠯᠭ᠎ᠠ ᠶᠢᠨ ᠦᠬᠡᠷᠡᠴᠢᠯᠡᠯᠲᠡ ᠶᠢ ᠳᠦᠯᠬᠢᠨ ᠠᠬᠢᠭᠤᠯᠤᠨ᠎ᠠ᠃      ︵ᠳᠤᠯᠤᠭ᠎ᠠ︶  ᠵᠡᠮᠳᠡᠭᠴᠤᠳ ᠤᠨ ᠡᠷᠭᠡ ᠠᠰᠢᠭ ᠢ ᠬᠠᠮᠠᠭᠠᠯᠠᠬᠤ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠡᠮᠳᠡᠭᠴᠤᠳ ᠤᠨ ᠠᠰᠠᠷᠠᠮᠵᠢ ᠶᠢᠨ ᠪᠠᠶᠢᠭᠤᠯᠤᠯ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠠᠢ ᠳᠦᠯᠬᠢᠨ ᠠᠬᠢᠭᠤᠯᠤᠨ᠎ᠠ᠃      ︵ᠨᠠᠢᠮᠠ︶ ᠬᠡᠤᠬᠡᠳ ᠤᠨ ᠠᠰᠠᠷᠠᠮᠵᠢ᠂ ᠦᠨᠦᠴᠢᠨ ᠬᠠᠶᠠᠭᠳᠠᠭᠰᠠᠨ ᠬᠡᠤᠬᠡᠳ ᠤᠨ ᠪᠠᠲᠤᠯᠠᠭ᠎ᠠ᠂ ᠬᠡᠤᠬᠡᠳ ᠢ ᠡᠷᠭᠦᠨ ᠲᠡᠵᠢᠭᠡᠬᠦ᠂ ᠬᠡᠤᠬᠡᠳ ᠢ ᠠᠪᠤᠷᠠᠨ ᠳᠤᠰᠠᠯᠠᠬᠤ ᠬᠠᠮᠠᠭᠠᠯᠠᠯᠲᠠ ᠶᠢᠨ ᠲᠦᠷᠦ ᠶᠢᠨ ᠪᠤᠳᠤᠯᠭ᠎ᠠ᠂ ᠪᠠᠷᠢᠮᠵᠢᠶ᠎ᠠ ᠶᠢ ᠲᠤᠤᠱᠯᠠᠭᠤᠯᠤᠨ᠎ᠠ᠃ ᠬᠦᠳᠡᠭᠡ ᠳᠤᠰᠬᠤᠨ ᠮᠠᠯᠵᠢᠬᠤ ᠤᠷᠤᠨ ᠤ ᠬᠡᠷ ᠲᠤ ᠪᠠᠨ ᠬᠤᠴᠤᠷᠤᠭᠰᠠᠨ ᠬᠡᠤᠬᠡᠳ ᠢ ᠬᠠᠯᠠᠮᠵᠢᠯᠠᠬᠤ ᠦᠢᠯᠡᠴᠢᠯᠡᠭᠡ ᠶᠢᠨ ᠰᠢᠰᠲ᠋ᠧᠮ ᠪᠠ ᠬᠦᠴᠢᠷᠳᠡᠯ ᠳᠤ ᠤᠴᠠᠷᠠᠭᠰᠠᠨ ᠬᠡᠤᠬᠡᠳ ᠤᠨ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠬᠦᠯᠦᠨ ᠨᠠᠶᠢᠳᠠᠪᠤᠷᠢᠵᠢᠭᠤᠯᠤᠨ᠎ᠠ᠃       ︵ᠶᠢᠰᠦ︶ ᠤᠶᠤᠨ ᠡᠷᠡᠭᠦᠯ ᠬᠠᠮᠠᠭᠠᠯᠠᠯ ᠤᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠶᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢ ᠵᠢᠯᠤᠭᠤᠳᠤᠨ᠎ᠠ᠃      ︵ᠠᠷᠪᠠ︶ ᠪᠦᠬᠦ ᠬᠤᠰᠢᠭᠤᠨ ᠤ ᠨᠠᠰᠤᠲᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠨᠢᠬᠡᠳᠦᠯᠲᠠᠢ ᠠᠬᠢᠭᠤᠯᠵᠤ᠂ ᠱᠠᠯᠠᠪᠳᠠᠨ ᠵᠢᠯᠤᠭᠤᠳᠴᠤ ᠬᠢᠨᠠᠨ ᠬᠠᠮᠢᠶᠠᠷᠤᠨ᠎ᠠ᠃ ᠨᠠᠰᠤᠲᠠᠶᠢᠴᠤᠳ ᠤᠨ ᠦᠢᠯᠡᠴᠢᠯᠡᠭᠡᠨ  ᠤ ᠰᠢᠰᠲ᠋ᠧᠮ ᠤᠨ ᠪᠠᠶᠢᠭᠤᠯᠤᠯᠲᠠ ᠶᠢᠨ ᠲᠦᠯᠦᠪᠵᠢᠬᠦᠯᠬᠡ᠂ ᠲᠦᠷᠦ ᠶᠢᠨ ᠪᠤᠳᠤᠯᠭ᠎ᠠ᠂ ᠪᠠᠷᠢᠮᠵᠢᠶ᠎ᠡ ᠶᠢ ᠲᠦᠰᠦᠪᠯᠡᠨ ᠲᠤᠭᠳᠠᠭᠠᠵᠤ ᠵᠤᠬᠢᠶᠠᠨ ᠪᠠᠶᠢᠭᠤᠯᠤᠨ ᠬᠡᠷᠡᠭᠵᠢᠬᠦᠯᠵᠦ᠂ ᠨᠠᠰᠤᠲᠠᠶᠢᠴᠤᠳ ᠤᠨ ᠠᠰᠠᠷᠠᠮᠵᠢ ᠪᠠ ᠤᠨᠴᠠ ᠬᠦᠴᠢᠷᠳᠡᠯᠲᠠᠢ ᠨᠠᠰᠤᠲᠠᠶᠢᠴᠤᠳ ᠢ ᠠᠪᠤᠷᠠᠨ ᠳᠤᠰᠠᠯᠠᠬᠤ ᠠᠵᠢᠯ ᠢ ᠬᠠᠷᠢᠭᠤᠴᠠᠨ᠎ᠠ᠃       ︵ᠠᠷᠪᠠᠨ ᠨᠢᠬᠡ︶ ᠨᠡᠶᠢᠭᠡᠮ ᠤᠨ ᠪᠦᠯᠬᠦᠮ᠂ ᠰᠠᠭᠤᠷᠢ ᠮᠦᠩᠭᠦᠨ ᠤ ᠨᠡᠶᠢᠭᠡᠮᠯᠢᠭ᠂ ᠨᠡᠶᠢᠬᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠬᠡᠮ ᠤᠨ ᠵᠤᠬᠢᠶᠠᠨ ᠪᠠᠶᠢᠭᠤᠯᠤᠯᠲᠠ ᠶᠢ ᠳᠠᠩᠰᠠᠯᠠᠨ ᠬᠠᠮᠢᠶᠠᠷᠬᠤ ᠠᠷᠭ᠎ᠠ  ᠶᠢ ᠳᠤᠭᠳᠠᠭᠠᠨ ᠬᠡᠷᠡᠭᠵᠢᠬᠦᠯᠵᠦ᠂ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢ ᠬᠠᠤᠯᠢ ᠶᠤᠰᠤᠭᠠᠷ ᠳᠠᠩᠰᠠᠯᠠᠨ ᠬᠠᠮᠢᠶᠠᠷᠬᠤ ᠪᠠ ᠬᠢᠨᠠᠯᠲᠠ ᠲᠠᠯᠪᠢᠨ ᠪᠠᠶᠢᠴᠠᠭᠠᠯᠲᠠ ᠬᠢᠨ᠎ᠠ᠃ ᠪᠦᠬᠦ ᠬᠤᠰᠢᠭᠤᠨ ᠤ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠵᠢᠯᠤᠭᠤᠳᠴᠤ᠂ ᠬᠤᠰᠢᠭᠤ ᠱᠠᠲᠤᠨ ᠤ ᠰᠢᠭᠤᠳ ᠳᠠᠩᠰᠠᠯᠠᠨ ᠬᠠᠮᠢᠶᠠᠷᠴᠤ ᠪᠠᠶᠢᠭ᠎ᠠ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ  ᠶᠢᠨ ᠠᠵᠢᠯ ᠢ ᠬᠠᠷᠢᠭᠤᠴᠠᠨ᠎ᠠ᠃       ︵ᠠᠷᠪᠠᠨ ᠬᠤᠶᠠᠷ︶ ᠨᠡᠶᠢᠭᠡᠮ ᠤᠨ ᠠᠵᠢᠯ᠂ ᠰᠠᠶᠢᠨ ᠳᠤᠷᠠᠴᠤᠳ ᠤᠨ ᠦᠢᠯᠡᠴᠢᠯᠡᠭᠡᠨ ᠤ ᠲᠦᠷᠦ ᠶᠢᠨ ᠪᠤᠳᠤᠯᠭ᠎ᠠ ᠪᠠ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡᠨ ᠤ ᠪᠦᠲᠦᠭᠡᠨ ᠪᠠᠶᠢᠭᠤᠯᠤᠯᠲᠠ ᠪᠠ ᠰᠠᠶᠢᠨ ᠳᠤᠷᠠᠴᠤᠳ ᠤᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠳᠦᠯᠬᠢᠨ ᠠᠬᠢᠭᠤᠯᠤᠨ᠎ᠠ᠃        ︵ᠠᠷᠪᠠᠨ ᠭᠤᠷᠪᠠ︶ ᠪᠤᠶᠠᠨ ᠤ ᠦᠢᠯᠡᠰ ᠤᠨ ᠬᠦᠭᠵᠢᠯᠲᠡ ᠶᠢᠨ ᠲᠦᠷᠦ ᠶᠢᠨ ᠪᠤᠳᠤᠯᠭ᠎ᠠ ᠶᠢ ᠵᠤᠬᠢᠶᠠᠨ ᠪᠠᠶᠢᠭᠤᠯᠤᠨ ᠳᠤᠭᠳᠠᠭᠠᠵᠤ᠂ ᠨᠡᠶᠢᠭᠡᠮ ᠤᠨ ᠬᠠᠨᠳᠢᠪᠯᠠᠵᠤ ᠬᠠᠪᠰᠤᠷᠬᠤ ᠠᠵᠢᠯ ᠢ ᠵᠢᠯᠤᠭᠤᠳᠤᠨ᠎ᠠ᠃       ︵ᠠᠷᠪᠠᠨ ᠳᠦᠷᠪᠡ︶ ᠰᠠᠯᠠᠭ᠎ᠠ ᠮᠦᠴᠢᠷ ᠢ ᠬᠠᠮᠢᠶᠠᠷᠬᠤ ᠳᠤ ᠠᠮᠤᠷ ᠳᠦᠪᠰᠢᠨ ᠢ ᠵᠠᠪᠠᠯ ᠬᠠᠮᠢᠶᠠᠷᠬᠤ᠂ ᠠᠵᠢᠯ ᠲᠦᠷᠦᠯ ᠢ ᠬᠠᠮᠢᠶᠠᠷᠬᠤ ᠳᠤ ᠠᠮᠤᠷ ᠳᠦᠪᠰᠢᠨ ᠢ ᠵᠠᠪᠠᠯ ᠬᠠᠮᠢᠶᠠᠷᠬᠤ᠂ ᠦᠢᠯᠡᠳᠪᠤᠷᠢᠯᠡᠯ ᠢ ᠬᠠᠮᠢᠶᠠᠷᠬᠤ ᠳᠤ ᠠᠮᠤᠷ ᠳᠦᠪᠰᠢᠨ ᠢ ᠵᠠᠪᠠᠯ ᠬᠠᠮᠢᠶᠠᠷᠬᠤ ᠱᠠᠭᠠᠷᠳᠠᠯᠭ᠎ᠠ ᠶᠤᠰᠤᠭᠠᠷ᠂ ᠠᠮᠤᠷ ᠳᠦᠪᠰᠢᠨ ᠦᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠳᠦᠷᠢᠮ ᠳᠤ ᠳᠤᠭᠳᠠᠭᠠᠭᠰᠠᠨ ᠬᠠᠷᠢᠭᠤᠴᠠᠯᠭ᠎ᠠ ᠶᠢ ᠭᠦᠢᠴᠡᠳᠬᠡᠨ᠎ᠡ᠃       ︵ᠠᠷᠪᠠᠨ ᠲᠠᠪᠤ︶ ᠳᠤᠰᠢᠶᠠᠯ ᠴᠢᠳᠠᠪᠬᠢ ᠶᠢ ᠬᠤᠪᠢᠷᠠᠭᠤᠯᠬᠤ᠃ ᠬᠤᠰᠢᠭᠤ ᠠᠷᠠᠳ ᠤᠨ ᠶᠠᠪᠤᠳᠠᠯ ᠤᠨ ᠳᠤᠪᠴᠢᠶ᠎ᠠ ᠨᠢ ᠶᠠᠳᠠᠭᠤ ᠠᠴᠠ ᠠᠩᠬᠢᠵᠢᠷᠠᠭᠤᠯᠵᠤ ᠪᠤᠭᠤᠮᠲᠠ ᠰᠢᠪᠲᠤᠯᠬᠤ ᠠᠵᠢᠯ ᠳᠤ ᠠᠩᠬᠠᠷᠤᠯ ᠢᠶᠠᠨ ᠲᠦᠪᠯᠡᠷᠡᠭᠦᠯᠵᠦ᠂ ᠤᠨᠴᠠᠭᠠᠢ ᠬᠦᠮᠦᠰ ᠲᠤ ᠠᠩᠬᠠᠷᠤᠯ ᠢᠶᠠᠨ ᠲᠦᠪᠯᠡᠷᠡᠭᠦᠯᠵᠦ᠂ ᠠᠷᠠᠳ ᠤᠯᠠᠨ ᠤ ᠠᠩᠬᠠᠷᠤᠨ ᠬᠠᠯᠠᠮᠵᠢᠯᠠᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠭᠦᠯᠵᠦ᠂ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠦᠨᠳᠦᠰᠦᠨ ᠨᠡᠶᠢᠭᠡᠮ ᠤᠨ ᠦᠢᠯᠡᠴᠢᠯᠡᠭᠡ ᠵᠡᠷᠭᠡ ᠳᠤᠰᠢᠶᠠᠯ ᠬᠠᠷᠢᠭᠤᠴᠠᠯᠭ᠎ᠠ ᠪᠠᠨ ᠤᠯᠠᠮ ᠰᠠᠶᠢᠨ ᠭᠦᠢᠴᠡᠳᠬᠡᠵᠦ᠂ ᠶᠠᠳᠠᠭᠤ ᠬᠦᠴᠢᠷᠳᠡᠯᠲᠠᠢ ᠠᠷᠠᠳ᠂ ᠨᠠᠰᠤᠲᠠᠶᠢᠴᠤᠳ ᠵᠡᠮᠳᠡᠭᠴᠦᠳ ᠦᠨᠦᠴᠢᠨ ᠬᠡᠤᠬᠡᠳ ᠵᠡᠷᠭᠡ ᠤᠨᠴᠠᠭᠠᠢ ᠬᠦᠮᠦᠰ ᠲᠤ ᠦᠨᠳᠦᠰᠦᠨ ᠨᠡᠶᠢᠭᠡᠮ  ᠤᠨ ᠦᠢᠯᠡᠴᠢᠯᠡᠭᠡ ᠬᠠᠩᠭᠠᠵᠤ᠂ ᠡᠬᠢ ᠪᠠᠶᠠᠯᠢᠭ ᠢ ᠶᠠᠳᠠᠭᠤ ᠪᠠᠭᠤᠷᠠᠢ ᠭᠠᠵᠠᠷ ᠤᠷᠤᠨ᠂ ᠬᠦᠷᠢᠶ᠎ᠡ ᠬᠡᠪᠴᠢᠶ᠎ᠡ ᠪᠠ ᠭᠤᠭᠴᠤᠭᠠᠨ ᠳᠤ ᠬᠡᠯᠪᠡᠶᠢᠬᠦ ᠶᠢ ᠠᠬᠢᠭᠤᠯᠤᠨ᠎ᠠ᠃ ᠨᠡᠶᠢᠭᠡᠮ ᠤᠨ ᠵᠤᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠯᠠᠭᠴᠢ ᠵᠡᠷᠭᠡ ᠡᠯ᠎ᠡ ᠡᠲᠡᠭᠡᠳ ᠤᠨ ᠬᠦᠮᠦᠰ ᠢ ᠢᠳᠡᠪᠬᠢᠲᠠᠢ ᠬᠦᠮᠦᠵᠢᠬᠦᠯᠦᠨ ᠤᠷᠤᠯᠴᠠᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠠ ᠨᠡᠶᠢᠭᠡᠮ ᠨᠡᠶᠢᠲᠡ ᠶᠢᠨ ᠦᠢᠯᠡᠴᠢᠯᠡᠭᠡᠨ ᠤ ᠳᠠᠪᠴᠠᠩ ᠢ ᠪᠠᠶᠢᠭᠤᠯᠬᠤ ᠶᠢ ᠳᠦᠯᠬᠢᠨ ᠠᠬᠢᠭᠤᠯᠤᠨ᠎ᠠ᠃       ︵ᠠᠷᠪᠠᠨ ᠵᠢᠷᠭᠤᠭ᠎ᠠ︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠳᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠬᠦᠯᠦᠨ᠎ᠠ᠃ᠦᠨᠳᠦᠰᠦᠨ ᠪᠠᠶᠢᠳᠠᠯ            ᠠᠷᠠᠳ ᠤᠨ ᠶᠠᠪᠤᠳᠠᠯ ᠤᠨ ᠳᠤᠪᠴᠢᠶᠠᠨ ᠤ ᠤᠳᠤ ᠪᠠᠶᠢᠭ᠎ᠠ ᠠᠵᠢᠯᠲᠠᠨ 33 ᠨᠡᠷ᠎ᠡ ᠪᠠᠶᠢᠵᠤ᠂ ᠬᠦᠴᠢᠷᠳᠡᠯᠲᠠᠢ ᠠᠷᠠᠳ ᠢ ᠠᠪᠤᠷᠠᠨ ᠳᠤᠰᠠᠯᠠᠬᠤ᠂ ᠦᠨᠳᠦᠰᠦᠨ ᠱᠠᠲᠤᠨ ᠤ ᠵᠠᠰᠠᠭ ᠤᠨ ᠡᠷᠭᠡ ᠶᠢᠨ ᠪᠦᠲᠦᠭᠡᠨ ᠪᠠᠶᠢᠭᠤᠯᠤᠯᠲᠠ᠂  ᠨᠠᠰᠤᠲᠠᠶᠢᠴᠤᠳ ᠤᠨ ᠠᠰᠠᠷᠠᠮᠵᠢ ᠶᠢᠨ ᠦᠢᠯᠡᠰ ᠤᠨ ᠬᠦᠭᠵᠢᠯᠲᠠ᠂ ᠨᠡᠶᠢᠬᠡᠮ ᠤᠨ ᠵᠤᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠭᠠᠵᠠᠷ ᠤᠨ ᠨᠡᠷ᠎ᠡ ᠤᠷᠤᠨ ᠬᠤᠪᠢᠶᠠᠷᠢᠯᠠᠯ ᠤᠨ ᠬᠠᠮᠢᠶᠠᠷᠤᠯᠲᠠ ᠵᠡᠷᠭᠡ ᠠᠷᠠᠳ ᠤᠨ ᠠᠮᠢᠳᠤᠷᠠᠯ ᠳᠤ ᠬᠤᠯᠪᠤᠭᠳᠠᠬᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠠᠯ᠎ᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠃ ᠪᠠᠶᠢᠭᠤᠯᠭ᠎ᠠ ᠶᠢᠨ ᠳᠤᠳᠤᠭᠠᠳᠤ ᠳᠤ ᠠᠯᠪᠠᠨ ᠭᠡᠷ᠂ ᠨᠡᠶᠢᠬᠡᠮ ᠤᠨ ᠳᠤᠰᠠᠯᠠᠮᠵᠢ ᠶᠢᠨ ᠳᠠᠰᠤᠭ᠂ ᠨᠡᠶᠢᠭᠡᠮ  ᠤᠨ ᠬᠡᠷᠡᠭ ᠶᠠᠪᠤᠳᠠᠯ ᠤᠨ ᠳᠠᠰᠤᠭ᠂ ᠨᠠᠰᠤᠲᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠳᠠᠰᠤᠭ᠂ ᠦᠨᠳᠦᠰᠦᠨ ᠱᠠᠲᠤᠨ ᠤ ᠵᠠᠰᠠᠭ ᠤᠨ ᠡᠷᠭᠡ ᠪᠠ ᠵᠠᠰᠠᠭ ᠵᠠᠬᠢᠷᠭᠠᠨ ᠤ ᠵᠠᠭᠠᠭ ᠬᠤᠪᠢᠶᠠᠷᠠᠯᠲᠠ ᠵᠢᠴᠢ ᠭᠠᠵᠠᠷ ᠤᠨ ᠨᠡᠷ᠎ᠡ  ᠶᠢᠨ ᠳᠠᠰᠤᠭ ᠵᠡᠷᠭᠡ ᠨᠢᠬᠡ ᠠᠯᠪᠠᠨ ᠭᠡᠷ᠂ ᠲᠦᠷᠪᠡᠨ ᠳᠠᠰᠤᠭ ᠲᠠᠢ᠃ ᠤᠷᠤᠰᠢᠭᠤᠯᠭ᠎ᠠ ᠶᠢᠨ ᠬᠠᠮᠢᠶᠠᠷᠤᠯᠲᠠ ᠶᠢᠨ ᠰᠠᠯᠪᠤᠷᠢ᠂ ᠳᠤᠤᠷ᠎ᠠ ᠪᠠᠲᠤᠯᠠᠭ᠎ᠠ ᠶᠢᠨ ᠠᠯᠪᠠᠨ ᠭᠡᠷ ᠵᠢᠴᠢ ᠨᠠᠰᠤᠲᠠᠶᠢᠴᠤᠳ ᠢ ᠠᠰᠠᠷᠠᠬᠤ ᠭᠤᠷᠪᠠᠨ ᠬᠦᠷᠢᠶᠡᠯᠡᠩ ︵ᠠᠷᠠᠳ ᠤᠨ ᠶᠠᠪᠤᠳᠠᠯ ᠤᠨ ᠶᠠᠷᠤᠩᠬᠡᠶᠢᠯᠡᠭᠰᠡᠨ ᠠᠰᠠᠷᠠᠮᠵᠢ ᠶᠢᠨ ᠲᠦᠪ᠂ ᠰᠠᠩ ᠤᠨ ᠳᠠᠯᠠᠢ ᠪᠠᠯᠭᠠᠰᠤᠨ ᠤ ᠨᠠᠰᠤᠲᠠᠶᠢᠴᠤᠳ ᠢ ᠠᠰᠠᠷᠠᠬᠤ ᠬᠦᠷᠢᠶᠡᠯᠡᠩ᠂ ᠬᠠᠪᠢᠷᠭ᠎ᠠ ᠪᠠᠯᠭᠠᠰᠤᠨ ᠤ ᠨᠠᠰᠤᠲᠠᠶᠢᠴᠤᠳ ᠢ ᠠᠰᠠᠷᠠᠬᠤ ᠬᠦᠷᠢᠶᠡᠯᠡᠩ︶ ᠵᠡᠷᠭᠡ ᠳᠤᠪᠴᠢᠶᠠᠨ ᠤ ᠬᠠᠷᠢᠶᠠᠲᠤ ᠬᠤᠶᠠᠳᠤᠭᠠᠷ ᠲᠡᠰ ᠤᠨ ᠪᠠᠶᠢᠭᠤᠯᠭ᠎ᠠ ᠨᠡᠶᠢᠲᠡ 5 ᠪᠤᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号