| ᠨᠢᠭᠡ᠂ ᠦᠨᠳᠤᠰᠤᠨ ᠪᠠᠶᠢᠳᠠᠯ | ︵ ᠨᠢᠭᠡ︶ ᠪᠠᠶᠢᠭᠤᠯᠤᠮᠵᠢ ᠶᠢᠨ ᠡᠭᠦᠷᠬᠡ ᠲᠤᠰᠢᠶᠠᠯ ᠤᠨ ᠪᠠᠶᠢᠷᠢᠯᠠᠭᠤᠯᠤᠯᠳᠠ | ᠰᠢᠯᠤᠭᠤᠨ ᠬᠥᠬᠡ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ ᠨᠢ ᠬᠤᠰᠢᠭᠤ ᠵᠠᠰᠠᠭ ᠤᠨ ᠤᠷᠳᠤᠨ ᠤ | ᠠᠵᠢᠯ ᠤᠨ ᠪᠠᠶᠢᠭᠤᠯᠤᠯᠭ᠎ᠠ ᠨᠢᠭᠡᠴᠡ᠂ ᠵᠢᠩᠬᠢᠨᠢ ᠰᠠᠯᠠᠭ᠎ᠠ ᠲᠡᠰ ᠤᠨ ᠪᠠᠶᠢᠭᠤᠯᠤᠮᠵᠢ᠂ ᠬᠤᠰᠢᠭᠤ ᠤᠯᠤᠰ ᠤᠨ | ᠦᠮᠴᠢᠯᠡᠯᠡᠲᠤ ᠡᠳ᠋ ᠭᠦᠷᠦᠩᠬᠡ ᠶᠢᠨ ᠬᠢᠨᠠᠨ ᠬᠠᠮᠢᠶᠠᠷᠬᠤ ᠵᠦᠪᠯᠡᠯ ᠤᠨ ᠢᠯᠡᠷᠬᠡᠶᠢᠯᠡᠯ ᠢ ᠨᠡᠮᠡᠨ ᠡᠯᠭᠦᠵᠡᠢ᠃ | ᠰᠢᠯᠤᠭᠤᠨ ᠬᠥᠬᠡ ᠬᠤᠰᠢᠭᠤᠨ ᠤ ᠡᠳ᠋ ᠤᠨ ᠵᠠᠰᠠᠭ ᠤᠨ ᠳᠤᠪᠴᠢᠶ᠎ᠠ ᠨᠢ ᠳᠤᠳᠤᠭᠠᠳᠤ ᠳᠤ ᠪᠠᠨ13 | ᠪᠠᠶᠢᠭᠤᠯᠤᠮᠵᠢ ᠲᠠᠢ᠃ ᠡᠭᠦᠨ ᠳᠤ᠄ ᠠᠯᠪᠠᠨ ᠭᠡᠷ᠂ ᠡᠳ᠋ ᠤᠨ ᠵᠠᠰᠠᠭ ᠤᠨ ᠲᠦᠰᠦᠪ ᠤᠨ ᠲᠠᠰᠤᠭ᠂ ᠤᠯᠤᠰ ᠤᠨ | ᠬᠥᠮᠦᠷᠬᠡ ᠶᠢᠨ ᠲᠠᠰᠤᠭ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠰᠤᠭ᠂ ᠵᠠᠰᠠᠭ ᠵᠠᠬᠢᠷᠭ᠎ᠠ ᠤᠯᠤᠰ ᠲᠦᠷᠥ ᠬᠠᠤᠯᠢ | ᠴᠠᠭᠠᠵᠠ ᠶᠢᠨ ᠲᠠᠰᠤᠭ᠂ ᠰᠤᠷᠭᠠᠨ ᠬᠦᠮᠦᠵᠢᠯ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠲᠠᠰᠤᠭ᠂ ᠲᠠᠷᠢᠶᠠᠯᠠᠩ | ᠮᠠᠯ ᠠᠵᠤ ᠠᠬᠤᠢ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠲᠠᠰᠤᠭ᠂ ᠨᠡᠶᠢᠭᠡᠮ ᠤᠨ ᠪᠠᠳᠤᠯᠠᠭ᠎ᠠ ᠶᠢᠨ | ᠦᠢᠯᠡᠴᠢᠯᠡᠭᠡᠨ ᠤ ᠲᠠᠰᠤᠭ᠂ ᠥᠷᠢ ᠦᠭᠴᠡᠭᠡ ᠶᠢᠨ ᠬᠠᠮᠢᠶᠠᠷᠤᠯᠳᠠ ᠶᠢᠨ ᠲᠠᠰᠤᠭ᠂ ᠲᠦᠷᠥ ᠶᠢᠨ ᠪᠤᠳᠣᠯᠭ᠎ᠠ ᠬᠠᠤᠯᠢ | ᠳᠦᠷᠢᠮ ᠢ ᠬᠢᠨᠠᠨ ᠪᠠᠶᠢᠴᠠᠭᠠᠬᠤ ᠲᠠᠰᠤᠭ᠂ ᠠᠵᠤ ᠠᠬᠤᠢ ᠠᠷᠢᠯᠵᠢᠶᠠᠨ ᠤ ᠦᠢᠯᠡᠴᠢᠯᠡᠭᠡᠨ ᠤ ᠲᠠᠰᠤᠭ᠂ ᠮᠦᠩᠬᠦᠨ | ᠭᠦᠢᠯᠭᠡᠭᠡ ᠪᠡᠯᠡ ᠤᠷᠤᠭᠤᠯᠤᠯᠲᠠ ᠶᠢᠨ ᠦᠢᠯᠡᠴᠢᠯᠡᠭᠡᠨ ᠤ ᠲᠠᠰᠤᠭ᠂ ᠤᠯᠤᠰ ᠤᠨ ᠦᠮᠴᠢᠯᠡᠯᠲᠤ ᠡᠳ᠋ | ᠭᠦᠷᠦᠩᠭᠡ ᠶᠢᠨ ᠬᠢᠨᠠᠨ ᠬᠠᠮᠢᠶᠠᠷᠤᠯᠲᠠ ᠶᠢᠨ ᠲᠠᠰᠤᠭ ᠵᠡᠷᠭᠡ ᠪᠠᠭᠳᠠᠨ᠎ᠠ᠃ | ᠰᠢᠯᠤᠭᠤᠨ ᠬᠥᠬᠡ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ ᠨᠢ 3 ᠬᠤᠶᠠᠳᠤᠭᠠᠷ ᠱᠠᠲᠤᠨ ᠤ ᠠᠵᠢᠯ | ᠦᠢᠯᠡᠰ ᠤᠨ ᠨᠢᠭᠡᠴᠡ ᠲᠠᠢ ᠃ ᠳᠠᠷᠤᠢ ᠰᠢᠯᠤᠭᠤᠨ ᠬᠥᠬᠡ ᠬᠤᠰᠢᠭᠤᠨ ᠤ ᠤᠯᠤᠰ ᠤᠨ ᠭᠥᠮᠦᠷᠬᠡ ᠵᠢᠨᠤᠷᠤᠯᠭᠠ | ᠵᠠᠷᠤᠯᠭ᠎ᠠ ᠶᠢᠨ ᠲᠥᠪ᠂ ᠰᠢᠯᠤᠭᠤᠨ ᠬᠥᠬᠡ ᠬᠤᠰᠢᠭᠤᠨ ᠤ ᠬᠥᠳᠡᠭᠡ ᠲᠤᠰᠬᠤᠨ ᠮᠠᠯᠵᠢᠬᠤ ᠤᠷᠤᠨ ᠤ ᠶᠡᠷᠦᠩᠬᠡᠶᠢᠯᠡᠨ | ᠥᠭᠡᠷᠡᠴᠢᠯᠡᠬᠦ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠰᠢᠯᠤᠭᠤᠨ ᠬᠥᠬᠡ ᠬᠤᠰᠢᠭᠤᠨ ᠤ ᠡᠳ᠋ ᠤᠨ | ᠵᠠᠰᠠᠭ ᠤᠨ ᠲᠦᠰᠦᠪ ᠤᠨ ᠦᠷ᠎ᠡ ᠪᠦᠳᠦᠮᠵᠢ ᠶᠢᠨ ᠬᠠᠮᠢᠶᠠᠷᠤᠯᠳᠠ ᠪᠤᠯᠤᠨ ᠪᠡᠯᠡ ᠤᠷᠤᠭᠤᠯᠤᠯᠳᠠ ᠶᠢ ᠬᠢᠨᠠᠨ | ᠳᠤᠭᠳᠠᠭᠠᠬᠤ ᠲᠥᠪ ᠪᠤᠯᠤᠨ᠎ᠠ᠃ | ︵ ᠬᠤᠶᠠᠷ︶ ᠠᠵᠢᠯᠲᠠᠨ ᠤ ᠦᠨᠳᠤᠰᠤᠨ ᠪᠠᠶᠢᠳᠠᠯ | ᠰᠢᠯᠤᠭᠤᠨ ᠬᠥᠬᠡ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ ᠨᠢ 71 ᠠᠵᠢᠯᠳᠠᠨ ᠲᠠᠢ᠃ ᠡᠭᠦᠨ ᠳᠤ | ᠵᠠᠰᠠᠭ ᠵᠠᠬᠢᠷᠭᠠᠨ ᠤ ᠨᠢᠭᠡᠴᠡ ᠶᠢᠨ ᠤᠷᠤᠨ ᠲᠤᠭ᠎ᠠ ᠲᠠᠢ ᠨᠢ 17 ᠬᠦᠮᠥᠨ᠂ ᠵᠠᠰᠠᠭ ᠵᠠᠬᠢᠷᠭᠠᠨ ᠤ ᠠᠵᠢᠯᠴᠢᠨ ᠤ | ᠤᠷᠤᠨ ᠲᠤᠭ᠎ᠠ ᠲᠠᠢ ᠨᠢ 2 ᠬᠦᠮᠥᠨ᠂ ᠠᠵᠢᠯ ᠦᠢᠯᠡᠰ ᠤᠨ ᠨᠢᠭᠡᠴᠡ ᠶᠢᠨ ᠤᠷᠤᠨ ᠲᠤᠭ᠎ᠠ ᠲᠠᠢ ᠨᠢ 22 ᠬᠦᠮᠤᠨ | ᠂ ᠴᠢᠳᠠᠪᠦᠷᠢᠳᠠᠨ ᠢ ᠤᠷᠢᠵᠤ ᠬᠡᠷᠡᠭᠯᠡᠬᠦ ᠪᠠᠶᠢᠷᠢ ᠳᠤ 1 ᠬᠦᠮᠤᠨ᠂ ᠠᠳᠠᠯᠢ ᠠᠵᠢᠯ ᠳᠤ ᠠᠳᠠᠯᠢ ᠬᠦᠯᠦᠰᠤ ᠣᠯᠭᠤᠬᠤ | ᠪᠠᠶᠢᠷᠢ ᠳᠤ1 ᠬᠦᠮᠦᠨ᠂ ᠨᠡᠶᠢᠲᠡ ᠶᠢᠨ ᠠᠰᠠᠷᠠᠮᠵᠢ ᠶᠢᠨ ᠪᠠᠶᠢᠷᠢ ᠳᠤ 1 ᠬᠦᠮᠥᠨ᠂ ᠨᠡᠶᠢᠭᠡᠮ ᠳᠤᠭᠤᠷᠢᠭ ᠤᠨ | ᠠᠷᠠᠳ ᠤᠨ ᠠᠮᠢᠳᠤᠷᠠᠯ ᠤᠨ ᠰᠠᠶᠢᠨ ᠳᠤᠷᠠᠴᠣᠳ ᠤᠨ ᠪᠠᠶᠢᠷᠢ ᠳᠤ 2 ᠬᠦᠮᠤᠨ᠂ ᠲᠦᠷ ᠴᠠᠭ ᠤᠨ ᠠᠵᠢᠯᠲᠠᠨ 24 | ᠬᠦᠮᠥᠨ᠃ | ᠬᠤᠶᠠᠷ᠂ ᠭᠤᠣᠯ ᠬᠠᠷᠢᠭᠤᠴᠠᠯᠭ᠎ᠠ | ᠬᠤᠰᠢᠭᠤ ᠡᠳ᠋ ᠤᠨ ᠵᠠᠰᠠᠭ ᠤᠨ ᠲᠤᠪᠴᠢᠶ᠎ᠠ ᠨᠢ ᠨᠠᠮ ᠤᠨ ᠲᠥᠪ ᠬᠤᠷᠢᠶᠠᠨ ᠤ ᠡᠳ᠋ ᠤᠨ ᠵᠠᠰᠠᠭ ᠤᠨ | ᠠᠵᠢᠯ ᠤᠨ ᠴᠢᠭᠯᠡᠯᠳᠡ ᠲᠥᠷᠦ ᠶᠢᠨ ᠪᠤᠳᠣᠯᠭ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ᠂ | ᠠᠶᠢᠮᠠᠭ ᠤᠨ ᠵᠠᠬᠢᠷᠭ᠎ᠠ᠂ ᠬᠤᠰᠢᠭᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠲᠦ ᠪᠤᠳᠣᠯᠭ᠎ᠠ ᠶᠢ | ᠲᠤᠤᠱᠯᠠᠭᠤᠯᠤᠨ ᠪᠠᠶᠢᠷᠢᠯᠠᠭᠤᠯᠵᠤ᠂ ᠡᠭᠦᠷᠬᠡ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ᠂ ᠨᠠᠮ ᠤᠨᠡᠳ᠋ ᠤᠨ | ᠵᠠᠰᠠᠭ ᠤᠨ ᠠᠵᠢᠯ ᠢ ᠲᠦᠪᠯᠡᠷᠡᠭᠦᠯᠦᠨ ᠨᠢᠭᠡᠳᠦᠯᠲᠡᠢ ᠤᠳᠤᠷᠢᠳᠬᠤ ᠶᠢ ᠪᠠᠷᠢᠮᠲᠠᠯᠠᠨ᠎ᠠ᠃ | ︵ ᠨᠢᠭᠡ︶ ᠤᠯᠤᠰ ᠪᠤᠯᠤᠨ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠡᠳ᠋ ᠤᠨ ᠵᠠᠰᠠᠭ ᠭᠠᠶᠢᠯᠢ ᠶᠢᠨ | ᠤᠷᠤᠯᠭ᠎ᠠ ᠶᠢᠨ ᠲᠠᠯ᠎ᠠ ᠪᠠᠷ ᠬᠢ ᠲᠥᠷᠦ ᠶᠢᠨ ᠪᠤᠳᠣᠯᠭ᠎ᠠ᠂ ᠬᠠᠤᠯᠢ ᠴᠠᠭᠠᠵᠠ᠂ ᠲᠥᠷᠢᠮ ᠲᠤᠭᠳᠠᠭᠠᠯ ᠢ | ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠬᠤᠰᠢᠭᠤᠨ ᠤ ᠡᠳ᠋ ᠤᠨ ᠵᠠᠰᠠᠭ ᠭᠠᠶᠢᠯᠢ ᠶᠢᠨ ᠬᠦᠭᠵᠢᠯᠳᠡ ᠶᠢᠨ | ᠪᠠᠶᠢᠯᠳᠤᠬᠤ ᠪᠤᠳᠣᠯᠭ᠎ᠠ᠂ ᠲᠦᠯᠦᠪᠯᠡᠭᠡ᠂ ᠲᠥᠷᠦ ᠶᠢᠨ ᠪᠤᠳᠣᠯᠭ᠎ᠠ ᠪᠤᠯᠤᠨ ᠦᠭᠡᠷᠡᠴᠢᠯᠡᠯᠳᠡ ᠶᠢᠨ | ᠪᠠᠶᠢᠷᠢᠯᠠᠭᠤᠯᠤᠯᠳᠠ ᠶᠢ ᠲᠤᠭᠳᠠᠭᠠᠵᠤ᠂ ᠵᠤᠬᠢᠶᠠᠨ ᠪᠠᠶᠢᠭᠤᠯᠤᠨ ᠭᠡᠷᠡᠭᠵᠢᠬᠦᠯᠦᠨ᠎ᠡ᠃ ᠪᠦᠬᠦ ᠬᠤᠰᠢᠭᠤᠨ ᠤ ᠡᠳ᠋ ᠤᠨ | ᠵᠠᠰᠠᠭ ᠠᠵᠤ ᠠᠬᠤᠢ ᠶᠢᠨ ᠪᠠᠶᠢᠳᠠᠯ ᠢ ᠲᠦᠰᠦᠭᠡᠯᠡᠨ ᠵᠠᠳᠠᠯᠠᠵᠤ᠂ ᠡᠯ᠎ᠡ ᠬᠤᠷᠸ᠎ᠠ ᠠᠵᠤ ᠠᠬᠤᠢ ᠶᠢᠨ ᠲᠥᠷᠦ ᠶᠢᠨ | ᠪᠤᠳᠣᠯᠭ᠎ᠠ ᠶᠢ ᠲᠤᠭᠤᠷᠪᠢᠵᠤ᠂ ᠡᠳ᠋ ᠤᠨ ᠵᠠᠰᠠᠭ ᠭᠠᠶᠢᠯᠢ ᠶᠢᠨ ᠲᠦᠷᠥ ᠶᠢᠨ ᠪᠤᠳᠣᠯᠭ᠎ᠠ ᠶᠢ ᠬᠡᠷᠡᠭᠯᠡᠨ᠂ ᠬᠤᠷᠸ᠎ᠠ | ᠲᠤᠬᠢᠷᠠᠭᠤᠯᠭ᠎ᠠ ᠪᠤᠯᠤᠨ ᠶᠡᠷᠦᠩᠬᠡᠶᠢᠯᠡᠭᠰᠡᠨ ᠨᠡᠶᠢᠭᠡᠮ ᠤᠨ ᠡᠳ᠋ ᠤᠨ ᠬᠦᠴᠦᠨ ᠢ ᠳᠡᠩᠴᠡᠭᠦᠷᠰᠢᠬᠦᠯᠬᠦ ᠰᠠᠨᠠᠭᠤᠯᠭ᠎ᠠ | ᠳᠤᠷᠠᠳᠤᠨ᠎ᠠ᠃ | ︵ ᠬᠤᠶᠠᠷ︶ ᠬᠤᠰᠢᠭᠤ ᠲᠡᠰ ᠤᠨ ᠡᠯ᠎ᠡ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠬᠠᠮᠢᠶᠠᠷᠤᠯᠳᠠ ᠶᠢᠨ | ᠡᠭᠦᠷᠬᠡ ᠬᠠᠷᠢᠭᠤᠴᠠᠯᠭ᠎ᠠ ᠶᠢ ᠡᠭᠦᠷᠭᠡᠯᠡᠵᠤ᠂ ᠪᠦᠬᠦ ᠬᠤᠰᠢᠭᠤ ᠪᠤᠯᠤᠨ ᠬᠤᠰᠢᠭᠤ ᠳᠡᠰ ᠤᠨ ᠵᠢᠯ ᠤᠨ ᠲᠦᠰᠦᠪ ᠢ | ᠬᠤᠷᠢᠶᠠᠩᠭᠤᠶᠢᠯᠠᠨ ᠨᠠᠶᠢᠷᠠᠭᠤᠯᠬᠤ ᠪᠤᠯᠤᠨ ᠵᠤᠬᠢᠶᠠᠨ ᠪᠠᠶᠢᠭᠤᠯᠤᠨ ᠶᠠᠪᠤᠭᠳᠠᠭᠤᠯᠤᠨ᠎ᠠ᠃ ᠪᠦᠬᠦ ᠬᠤᠰᠢᠭᠤ ᠪᠤᠯᠤᠨ | ᠬᠤᠰᠢᠭᠤ ᠳᠡᠰ ᠤᠨ ᠡᠷᠬᠡ ᠬᠠᠷᠢᠭᠤᠴᠠᠯᠭ᠎ᠠ ᠶᠢᠨ ᠲᠥᠷᠢᠮ ᠳᠤᠭᠳᠠᠭᠠᠯ ᠢᠶᠠᠷ ᠡᠭᠦᠰᠦᠭᠰᠡᠨ ᠵᠠᠰᠠᠭ ᠤᠨ ᠤᠷᠳᠤᠨ ᠤ | ᠶᠡᠷᠦᠩᠬᠡᠶᠢᠯᠡᠭᠰᠡᠨ ᠡᠳ᠋ ᠤᠨ ᠶᠠᠪᠣᠳᠠᠯ ᠤᠨ ᠮᠡᠳᠡᠭᠦᠯᠦᠯᠳᠡ ᠶᠢ ᠵᠤᠬᠢᠶᠠᠨ ᠪᠠᠶᠢᠭᠤᠯᠤᠨ ᠨᠠᠶᠢᠷᠠᠭᠤᠯᠤᠨ᠎ᠠ᠃ ᠵᠠᠰᠠᠭ ᠤᠨ | ᠤᠷᠳᠤᠨ ᠤ ᠨᠠᠶᠢᠳᠠᠯᠭ᠎ᠠ ᠪᠠᠷ ᠠᠷᠠᠳ ᠤᠨ ᠲᠦᠯᠦᠭᠡᠯᠡᠭᠴᠢᠳ ᠤᠨ ᠬᠤᠷᠠᠯ ᠳᠤ ᠡᠳ᠋ ᠤᠨ ᠵᠠᠰᠠᠭ ᠤᠨ ᠲᠦᠰᠦᠪ᠂ | ᠶᠠᠪᠤᠭᠳᠠᠭᠤᠯᠤᠭᠰᠠᠨ ᠪᠠᠶᠢᠳᠠᠯ᠂ ᠡᠳ᠋ ᠤᠨ ᠵᠠᠰᠠᠭ ᠤᠨ ᠲᠦᠰᠦᠪ ᠤᠨ ᠭᠦᠢᠴᠡᠳᠬᠡᠯ ᠤᠨ ᠮᠡᠳᠡᠭᠦᠯᠦᠯᠳᠡ ᠬᠢᠵᠤ᠂ | ᠡᠳ᠋ ᠤᠨ ᠵᠠᠰᠠᠭ ᠤᠨ ᠲᠥᠰᠦᠪ ᠪᠤᠯᠤᠨ ᠲᠦᠰᠦᠪ ᠤᠨ ᠭᠦᠢᠴᠡᠳᠬᠡᠯ ᠢ ᠢᠯᠡ ᠪᠤᠯᠭᠠᠬᠤ ᠠᠵᠢᠯ ᠢ ᠶᠠᠪᠤᠭᠳᠠᠭᠤᠯᠤᠨ᠎ᠠ᠃ | ᠬᠤᠰᠢᠭᠤ ᠳᠡᠰ ᠤᠨ ᠠᠯᠪᠠᠨ ᠵᠠᠷᠤᠳᠠᠯ ᠭᠠᠷᠭᠠᠬᠤ ᠪᠠᠷᠢᠮᠵᠢᠶ᠎ᠠ ᠶᠢ ᠳᠤᠭᠳᠠᠭᠠᠬᠤ᠂ ᠡᠯ᠎ᠡ ᠪᠠᠶᠢᠭᠤᠯᠤᠯᠭ᠎ᠠ | ᠨᠢᠭᠡᠴᠡ ᠶᠢᠨ ᠵᠢᠯ ᠤᠨ ᠲᠦᠰᠦᠪ ᠢ ᠳᠤᠭᠳᠠᠭᠠᠵᠤ ᠂ ᠬᠢᠨᠠᠨ ᠵᠦᠪᠰᠢᠶᠡᠷᠡᠨ᠎ᠡ᠃ | ︵ᠭᠤᠷᠪᠠ︶ ᠪᠦᠬᠦ ᠬᠤᠰᠢᠭᠤᠨ ᠤ ᠤᠯᠤᠰ ᠤᠨ ᠭᠦᠮᠦᠷᠬᠡ ᠶᠢᠨ ᠬᠠᠮᠢᠶᠠᠷᠤᠯᠳᠠ ᠶᠢᠨ ᠳᠦᠷᠢᠮ᠂ ᠤᠯᠤᠰ ᠤᠨ | ᠬᠦᠮᠦᠷᠬᠡ ᠶᠢᠨ ᠲᠦᠪᠯᠡᠷᠡᠭᠦᠯᠦᠨ ᠤᠷᠤᠭᠤᠯᠵᠤ ᠭᠠᠷᠭᠠᠬᠤ ᠲᠥᠷᠢᠮ ᠢ ᠵᠤᠬᠢᠶᠠᠨ ᠪᠠᠶᠢᠭᠤᠯᠤᠨ ᠶᠠᠪᠤᠭᠳᠠᠭᠤᠯᠵᠤ᠂ | ᠤᠯᠤᠰ ᠤᠨ ᠬᠦᠮᠦᠷᠬᠡ ᠶᠢᠨ ᠳᠤᠬᠠᠶᠢᠯᠠᠭᠰᠠᠨ ᠠᠵᠢᠯ ᠢ ᠵᠢᠯᠤᠭᠤᠳᠤᠨ ᠬᠢᠨᠠᠵᠤ᠂ ᠳᠤᠭᠳᠠᠭᠠᠯ ᠶᠤᠰᠤᠭᠠᠷ ᠡᠳ᠋ ᠤᠨ | ᠵᠠᠰᠠᠭ ᠤᠨ ᠡᠯ᠎ᠠ ᠰᠠᠯᠠᠭ᠎ᠠ ᠮᠦᠴᠢᠷ ᠤᠨ ᠪᠡᠯᠡ ᠮᠦᠩᠬᠦ ᠬᠠᠳᠠᠭᠠᠯᠠᠬᠤ ᠶᠢ ᠬᠠᠮᠢᠶᠠᠷᠬᠤ ᠠᠵᠢᠯ ᠢ ᠶᠠᠪᠤᠭᠳᠠᠭᠤᠯᠵᠤ᠂ | ᠵᠠᠰᠠᠭ ᠤᠨ ᠤᠷᠳᠤᠨ ᠤ ᠭᠠᠶᠢᠯᠢ ᠶᠢᠨ ᠪᠤᠰᠤ ᠤᠷᠤᠯᠭ᠎ᠠ ᠶᠢᠨ ᠬᠠᠮᠢᠶᠠᠷᠤᠯᠳᠠ ᠶᠢ ᠬᠠᠷᠢᠭᠤᠴᠠᠵᠤ᠂ ᠳᠤᠭᠳᠠᠭᠠᠯ | ᠶᠤᠰᠤᠭᠠᠷ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠶᠢ ᠬᠠᠮᠢᠶᠠᠷᠬᠤ᠂ ᠵᠠᠰᠠᠭ ᠤᠨ | ᠤᠷᠳᠤᠨ ᠤ ᠴᠢᠨᠠᠷᠲᠠᠢ ᠰᠠᠭᠤᠷᠢ ᠮᠦᠩᠬᠦ ᠪᠤᠯᠤᠨ ᠪᠤᠰᠤᠳ ᠭᠠᠶᠢᠯᠢ ᠶᠢᠨ ᠪᠤᠰᠤ ᠤᠷᠤᠯᠭ᠎ᠠ ᠶᠢ ᠬᠠᠮᠢᠶᠠᠷᠤᠨ᠎ᠠ᠃ | ︵ ᠲᠦᠷᠪᠡ︶ ᠵᠠᠰᠠᠭ ᠤᠨ ᠤᠷᠳᠤᠨ ᠤ ᠬᠤᠳᠠᠯᠳᠣᠨ ᠠᠪᠬᠤ ᠲᠥᠷᠢᠮ ᠪᠤᠯᠤᠨ ᠬᠢᠨᠠᠨ ᠬᠠᠮᠢᠶᠠᠷᠤᠯᠳᠠ ᠶᠢ | ᠶᠠᠪᠤᠭᠳᠠᠭᠤᠯᠵᠤ᠂ ᠵᠠᠰᠠᠭ ᠤᠨ ᠤᠷᠳᠤᠨ ᠤ ᠬᠤᠳᠠᠯᠳᠤᠨ ᠠᠪᠬᠤ ᠭᠠᠷᠴᠠᠭ ᠶᠢ ᠳᠤᠭᠳᠠᠭᠠᠵᠤ᠂ ︽ᠬᠠᠮᠢᠶᠠᠷᠤᠯᠳᠠ ᠪᠠ | ᠬᠤᠳᠠᠯᠳᠤᠨ ᠠᠪᠬᠤ ᠶᠢ ᠰᠠᠯᠭᠠᠬᠤ︾ ᠱᠠᠭᠠᠷᠳᠠᠯᠭ᠎ᠠ ᠶᠤᠰᠤᠭᠠᠷ᠂ ᠵᠠᠰᠠᠭ ᠤᠨ ᠤᠷᠳᠤᠨ ᠤ ᠬᠤᠳᠠᠯᠳᠤᠨ ᠠᠪᠬᠤ | ᠲᠥᠰᠤᠪ ᠢ ᠬᠢᠨᠠᠨ ᠬᠠᠮᠢᠶᠠᠷᠴᠤ᠂ ᠲᠦᠰᠤᠪᠯᠡᠨ ᠲᠤᠭᠤᠷᠪᠢᠨ᠎ᠠ᠃ | ︵ ᠲᠠᠪᠤ︶ ᠪᠦᠬᠦ ᠬᠤᠰᠢᠭᠤᠨ ᠤ ᠨᠢᠭᠲᠠᠯᠠᠨ ᠪᠤᠳᠤᠭᠴᠢ ᠶᠢᠨ ᠠᠵᠢᠯ ᠢ ᠬᠠᠮᠢᠶᠠᠷᠴᠤ᠂ ᠨᠢᠭᠲᠠᠯᠠᠨ | ᠪᠤᠳᠣᠯᠭ᠎ᠠ ᠶᠢᠨ ᠦᠢᠯᠡ ᠠᠵᠢᠯᠯᠠᠭ᠎ᠠ ᠶᠢ ᠬᠢᠨᠠᠨ ᠲᠦᠷᠢᠮᠵᠢᠭᠦᠯᠵᠤ᠂ ᠪᠦᠬᠦ ᠤᠯᠤᠰ ᠤᠨ ᠨᠢᠭᠡᠳᠤᠯᠲᠠᠢ ᠨᠢᠭᠲᠠᠯᠠᠨ | ᠪᠤᠳᠣᠯᠭ᠎ᠠ ᠶᠢᠨ ᠲᠥᠷᠢᠮ ᠳᠤᠭᠳᠠᠭᠠᠯ᠂ ᠪᠠᠷᠢᠮᠵᠢᠶᠠᠵᠢᠭᠰᠠᠨᠨᠢᠭᠳᠠᠯᠠᠨ ᠪᠤᠳᠣᠯᠭ᠎ᠠ ᠶᠢᠨ ᠰᠤᠷᠠᠭ ᠵᠠᠩᠬᠢᠵᠢᠯᠲᠠ ᠶᠢ | ᠵᠤᠬᠢᠶᠠᠨ ᠪᠠᠶᠢᠭᠤᠯᠤᠨ ᠶᠠᠪᠤᠭᠳᠠᠭᠤᠯᠵᠤ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠳᠤᠳᠤᠭᠠᠳᠤ | ᠡᠵᠡᠮᠰᠢᠯ ᠢ ᠳᠦᠷᠢᠮᠵᠢᠬᠦᠯᠦᠨ ᠶᠠᠪᠤᠭᠳᠠᠭᠤᠯᠬᠤ ᠶᠢ ᠬᠠᠷᠢᠭᠤᠴᠠᠨ᠎ᠠ᠃ | ︵ ᠵᠢᠷᠭᠤᠭ᠎ᠠ︶ ᠤᠯᠤᠰ᠂ ᠦᠪᠡᠷᠳᠡᠭᠡᠨ ᠵᠠᠰᠠᠬᠤ ᠤᠷᠤᠨ᠂ ᠠᠶᠢᠮᠠᠭ ᠱᠠᠳᠤ ᠪᠤᠯᠤᠨ ᠬᠤᠰᠢᠭᠤ ᠳᠡᠰ ᠤᠨ | ᠵᠠᠰᠠᠭ ᠤᠨ ᠤᠷᠳᠤᠨ ᠤ ᠥᠷᠢ ᠦᠭᠴᠡᠭᠡ ᠶᠢᠨ ᠬᠠᠮᠢᠶᠠᠷᠤᠯᠳᠠ ᠶᠢᠨ ᠲᠥᠷᠦ ᠶᠢᠨ ᠪᠤᠳᠣᠯᠭ᠎ᠠ ᠪᠤᠯᠤᠨ ᠲᠥᠷᠢᠮ | ᠳᠤᠭᠳᠠᠭᠠᠯ ᠢ ᠴᠢᠩᠭᠠᠳᠬᠠᠨ ᠬᠡᠷᠡᠭᠵᠢᠭᠦᠯᠵᠦ᠂ ᠬᠠᠤᠯᠢ ᠶᠤᠰᠤᠭᠠᠷ ᠪᠦᠬᠦ ᠬᠤᠰᠢᠭᠤᠨ ᠤ ᠵᠠᠰᠠᠭ ᠤᠨ ᠤᠷᠳᠤᠨ ᠤ | ᠥᠷᠢ ᠦᠭᠴᠡᠭᠡ ᠶᠢᠨ ᠬᠠᠮᠢᠶᠠᠷᠤᠯᠳᠠ ᠶᠢᠨ ᠲᠥᠷᠦ ᠶᠢᠨ ᠪᠤᠳᠣᠯᠭ᠎ᠠ ᠪᠤᠯᠤᠨ ᠠᠷᠭ᠎ᠠ ᠶᠢ ᠲᠤᠭᠤᠷᠪᠢᠨ ᠳᠤᠭᠳᠠᠭᠠᠵᠤ᠂ | ᠵᠠᠰᠠᠭ ᠤᠨ ᠤᠷᠳᠤᠨ ᠤ ᠥᠷᠢ ᠥᠭᠴᠡᠭᠡ ᠶᠢᠨ ᠬᠦᠷᠢᠶ᠎ᠡ ᠬᠡᠪᠴᠢᠶ᠎ᠡ ᠶᠢ ᠬᠢᠵᠠᠭᠠᠷᠯᠠᠬᠤ ᠶᠢ ᠵᠤᠬᠢᠶᠠᠨ ᠪᠠᠶᠢᠭᠤᠯᠤᠨ | ᠶᠠᠪᠤᠭᠳᠠᠭᠤᠯᠵᠤ᠂ ᠲᠥᠰᠤᠪ ᠤᠨ ᠬᠠᠮᠢᠶᠠᠷᠤᠯᠳᠠ᠂ ᠲᠦᠭᠰᠢᠬᠦᠷᠢ ᠠᠴᠠ ᠤᠷᠢᠳᠴᠢᠯᠠᠨ ᠰᠡᠷᠭᠡᠶᠢᠯᠡᠬᠦ ᠪᠤᠯᠤᠨ | ᠪᠦᠷᠢᠳᠬᠡᠨ ᠵᠠᠳᠠᠯᠠᠬᠤ ᠠᠵᠢᠯ ᠢ ᠵᠤᠬᠢᠶᠠᠨ ᠪᠠᠶᠢᠭᠤᠯᠤᠨ ᠶᠠᠪᠤᠭᠳᠠᠭᠤᠯᠵᠤ᠂ ᠭᠠᠵᠠᠷ ᠤᠷᠤᠨ ᠤ ᠵᠢᠭᠡᠯᠡᠬᠦ ᠦᠢᠯᠡ | ᠠᠵᠢᠯᠯᠠᠭ᠎ᠠ ᠶᠢ ᠲᠦᠷᠢᠮᠵᠢᠬᠦᠯᠦᠨ᠂ ᠥᠷᠢ ᠲᠥᠯᠥᠬᠦ ᠬᠦᠨᠳᠦ ᠶᠡᠭᠡ ᠲᠦᠭᠰᠢᠬᠦᠷᠢ ᠠᠴᠠ ᠰᠡᠷᠬᠡᠶᠢᠯᠡᠨ᠎ᠡ᠃ | ︵ ᠳᠤᠯᠤᠭ᠎ᠠ︶ ᠤᠯᠤᠰ ᠤᠨ ᠦᠮᠴᠢᠯᠡᠯᠲᠤ ᠡᠳ᠋ ᠬᠦᠷᠦᠩᠬᠡ ᠶᠢᠨ ᠬᠠᠮᠢᠶᠠᠷᠤᠯᠳᠠ ᠶᠢᠨ ᠲᠥᠷᠢᠮ ᠳᠤᠭᠲᠠᠭᠠᠯ ᠢ | ᠵᠤᠬᠢᠶᠠᠨ ᠪᠠᠶᠢᠭᠤᠯᠤᠨ ᠶᠠᠪᠤᠭᠳᠠᠭᠤᠯᠵᠤ᠂ ᠳᠤᠭᠲᠠᠭᠠᠯ ᠶᠤᠰᠤᠭᠠᠷ ᠬᠤᠰᠢᠭᠤ ᠳᠡᠰ ᠤᠨ ᠵᠠᠰᠠᠭ ᠵᠠᠬᠢᠷᠭ᠎ᠠ ᠠᠵᠢᠯ | ᠦᠢᠯᠡᠰ ᠤᠨ ᠪᠠᠶᠢᠭᠤᠯᠤᠯᠭ᠎ᠠ ᠶᠢᠨ ᠤᠯᠤᠰ ᠤᠨ ᠦᠮᠴᠢᠯᠡᠯᠡᠳᠤ ᠡᠳ᠋ ᠭᠦᠷᠦᠩᠬᠡ ᠪᠤᠯᠤᠨ ᠠᠵᠤ ᠠᠬᠤᠶᠢᠯᠠᠯ ᠤᠨ | ᠬᠦᠷᠦᠩᠬᠡ ᠢ ᠬᠠᠮᠢᠶᠠᠷᠴᠤ᠂ ᠬᠤᠰᠢᠭᠤ ᠳᠡᠰ ᠤᠨ ᠭᠦᠷᠦᠩᠬᠡ ᠶᠢᠨ ᠳᠤᠬᠢᠷᠠᠭᠤᠯᠬᠤ ᠪᠠᠷᠢᠮᠵᠢᠶ᠎ᠠ ᠂ ᠵᠠᠷᠤᠴᠠᠭᠤᠯᠬᠤ | ᠬᠤᠷᠤᠭᠳᠠᠯ ᠶᠢ ᠳᠤᠭᠳᠠᠭᠠᠨ᠎ᠠ᠃ ᠬᠤᠰᠢᠭᠤ ᠵᠠᠰᠠᠭ ᠤᠨ ᠤᠷᠳᠤᠨ ᠤ ᠡᠷᠬᠡ ᠤᠯᠭᠤᠯᠲᠠ ᠪᠠᠷ ᠪᠡᠯᠡ ᠭᠠᠷᠭᠠᠭᠰᠠᠨ | ᠬᠦᠮᠦᠨ ᠬᠠᠷᠢᠭᠤᠴᠠᠯᠭ᠎ᠠ ᠡᠭᠦᠷᠭᠡᠯᠡᠬᠦ ᠶᠢ ᠭᠡᠷᠡᠭᠵᠢᠬᠦᠯᠵᠦ᠂ ᠬᠤᠰᠢᠭᠤ ᠳᠡᠰ ᠤᠨ ᠤᠯᠤᠰ ᠤᠨ ᠦᠮᠴᠢᠯᠡᠯᠡᠳᠤ ᠠᠵᠤ | ᠠᠬᠤᠶᠢᠯᠠᠯ ᠤᠨ ᠡᠳ᠋ ᠬᠦᠷᠦᠩᠬᠡ ᠶᠢ ᠬᠢᠨᠠᠨ ᠬᠠᠮᠢᠶᠠᠷᠴᠤ᠂ ᠤᠯᠤᠰ ᠤᠨ ᠦᠮᠴᠢᠯᠡᠯᠲᠤ ᠠᠵᠤ ᠠᠬᠤᠶᠢᠯᠠᠯ ᠤᠨ ᠡᠳ᠋ | ᠬᠦᠷᠦᠩᠬᠡ ᠶᠢᠨ ᠬᠠᠮᠢᠶᠠᠷᠤᠯᠳᠠ ᠶᠢᠨ ᠠᠵᠢᠯ ᠢ ᠴᠢᠩᠭᠠᠳᠬᠠᠨ᠎ᠠ᠃ ᠪᠦᠬᠦ ᠬᠤᠰᠢᠭᠤᠨ ᠤ ᠤᠯᠤᠰ ᠤᠨ ᠥᠮᠴᠢᠯᠡᠯᠳᠤ | ᠭᠦᠷᠦᠩᠬᠡ ᠶᠢᠨ ᠡᠵᠡᠩᠨᠡᠯᠳᠡ ᠶᠢᠨ ᠲᠥᠰᠤᠪ ᠪᠤᠯᠤᠨᠲ᠋ᠥ᠋ᠰᠤᠪ ᠤᠨ ᠭᠦᠢᠴᠡᠳᠬᠡᠯ ᠢ ᠬᠢᠨᠠᠨ ᠬᠠᠷᠭᠤᠭᠤᠯᠵᠤ | ᠬᠤᠷᠢᠶᠠᠩᠭᠤᠶᠢᠯᠠᠨ ᠨᠠᠶᠢᠷᠠᠭᠤᠯᠵᠤ᠂ ᠤᠯᠤᠰ ᠤᠨ ᠦᠮᠴᠢᠯᠡᠯᠲᠤ ᠬᠦᠷᠦᠩᠬᠡ ᠶᠢᠨ ᠡᠵᠡᠩᠨᠡᠯᠳᠡ ᠶᠢᠨ ᠲᠦᠰᠦᠪ ᠤᠨ | ᠲᠥᠷᠢᠮ ᠳᠤᠭᠳᠠᠭᠠᠯ ᠪᠤᠯᠤᠨ ᠠᠷᠭ᠎ᠠ ᠶᠢ ᠵᠤᠬᠢᠶᠠᠨ ᠪᠠᠶᠢᠭᠤᠯᠤᠨ ᠶᠠᠪᠤᠭᠳᠠᠭᠤᠯᠤᠨ᠎ᠠ᠃ | ︵ ᠨᠠᠢᠮᠠ︶ ᠡᠳ᠋ ᠤᠨ ᠵᠠᠰᠠᠭ ᠤᠨ ᠳᠡᠮᠵᠢᠯᠭᠡ ᠪᠦᠬᠦᠢ ᠠᠵᠤ ᠠᠬᠤᠢ ᠠᠵᠢᠯ ᠦᠢᠯᠡᠰ ᠢ ᠭᠦᠭᠵᠢᠬᠦᠯᠬᠦ ᠲᠤᠰᠬᠠᠢ | ᠪᠡᠯᠡ ᠮᠦᠩᠬᠦ ᠶᠢ ᠬᠠᠮᠢᠶᠠᠷᠴᠣ᠂ ᠬᠠᠮᠢᠶ᠎ᠠ ᠪᠦᠬᠦᠢ ᠲᠥᠷᠦ ᠶᠢᠨ ᠪᠤᠳᠣᠯᠭ᠎ᠠ ᠶᠢᠨ ᠴᠢᠨᠠᠷᠲᠠᠢ ᠨᠦᠬᠦᠪᠦᠷᠢ ᠮᠦᠩᠬᠦ | ᠪᠤᠯᠤᠨ ᠳᠤᠰᠬᠠᠢ ᠨᠦᠭᠡᠴᠢᠯᠡᠭᠰᠡᠨ ᠪᠡᠯᠡ ᠮᠦᠩᠬᠦ ᠶᠢ ᠬᠠᠮᠢᠶᠠᠷᠬᠤ ᠠᠵᠢᠯ ᠢ ᠬᠠᠷᠢᠭᠤᠴᠠᠨ᠎ᠠ᠃ | ︵ᠶᠢᠰᠤ︶ ᠪᠦᠬᠦ ᠬᠤᠰᠢᠭᠤᠨ ᠤ ᠡᠳ᠋ ᠤᠨ ᠵᠠᠰᠠᠭ ᠤᠨ ᠰᠢᠰᠲ᠋ᠧᠮ ᠤᠨ ᠬᠠᠤᠯᠢ ᠪᠠᠷ ᠵᠠᠰᠠᠬᠤ ᠡᠳ᠋ ᠤᠨ | ᠵᠠᠰᠠᠭ ᠤᠨ ᠪᠠᠶᠢᠭᠤᠯᠤᠯᠳᠠ ᠶᠢᠨ ᠠᠵᠢᠯ ᠢ ᠬᠠᠷᠢᠭᠤᠴᠠᠵᠤ᠂ ᠡᠳ᠋ ᠤᠨ ᠵᠠᠰᠠᠭ ᠭᠠᠶᠢᠯᠢ ᠲᠤᠬᠠᠢ ᠶᠢᠨ ᠬᠠᠤᠯᠢ ᠲᠥᠷᠢᠮ | ᠂ ᠲᠥᠷᠦ ᠶᠢᠨ ᠪᠤᠳᠣᠯᠭ᠎ᠠ ᠶᠢ ᠶᠠᠪᠤᠭᠳᠠᠭᠤᠯᠵᠤ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠵᠤ᠂ ᠡᠳ᠋ ᠤᠨ ᠵᠠᠰᠠᠭ ᠤᠨ | ᠤᠷᠤᠯᠭ᠎ᠠ ᠵᠠᠷᠤᠯᠭ᠎ᠠ ᠶᠢᠨ ᠬᠠᠮᠢᠶᠠᠷᠤᠯᠳᠠ ᠶᠢᠨ ᠳᠤᠮᠳᠠᠬᠢ ᠭᠦᠨᠳᠤ ᠨᠦᠴᠢᠲᠠᠢ ᠠᠰᠠᠭᠤᠳᠠᠯ ᠢ ᠪᠠᠶᠢᠴᠠᠭᠠᠨ ᠲᠤᠰᠬᠠᠵᠤ | ᠂ ᠡᠳ᠋ ᠤᠨ ᠵᠠᠰᠠᠭ ᠤᠨ ᠬᠠᠮᠢᠶᠠᠷᠤᠯᠳᠠ ᠶᠢ ᠴᠢᠩᠭᠠᠳᠬᠠᠬᠤ ᠲᠥᠷᠦ ᠶᠢᠨ ᠪᠤᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ | ︵ ᠠᠷᠪᠠ︶ ᠬᠥᠳᠡᠭᠡ ᠳᠤᠰᠬᠤᠨ ᠮᠠᠯᠵᠢᠬᠤ ᠤᠷᠤᠨ ᠤ ᠶᠡᠷᠦᠩᠬᠡᠶᠢᠯᠡᠨ ᠦᠭᠡᠷᠡᠴᠢᠯᠡᠬᠦ ᠠᠵᠢᠯ ᠢ ᠬᠠᠷᠢᠭᠤᠴᠠᠵᠤ | ᠂ ᠵᠤᠬᠢᠶᠠᠨ ᠪᠠᠶᠢᠭᠤᠯᠤᠯᠳᠠ ᠶᠢᠨ ᠪᠠᠳᠣᠯᠠᠭ᠎ᠠ ᠪᠤᠯᠤᠨ ᠡᠳ᠋ ᠤᠨ ᠭᠦᠴᠤᠨ ᠤ ᠪᠠᠳᠣᠯᠠᠭ᠎ᠠ ᠶᠢ ᠬᠠᠩᠭᠠᠨ᠎ᠠ᠃ ᠬᠥᠳᠡᠭᠡ | ᠳᠤᠰᠬᠤᠨ ᠮᠠᠯᠵᠢᠬᠤ ᠤᠷᠤᠨ ᠤ ᠶᠡᠷᠦᠩᠬᠡᠶᠢᠯᠡᠨ ᠦᠭᠡᠷᠡᠴᠢᠯᠡᠬᠦ ᠬᠠᠮᠢᠶ᠎ᠠ ᠪᠦᠬᠦᠢ ᠲᠦᠬᠦᠷᠵᠢᠭᠰᠡᠨ | ᠦᠬᠡᠷᠡᠴᠢᠯᠡᠯᠳᠡ ᠶᠢᠨ ᠠᠷᠭ᠎ᠠ ᠶᠢ ᠰᠤᠳᠤᠯᠤᠨ ᠭᠠᠷᠭᠠᠬᠤ ᠶᠢ ᠬᠠᠷᠢᠭᠤᠴᠠᠵᠤ᠂ ᠰᠤᠮᠤ ᠪᠠᠯᠭᠠᠰᠣ᠂ ᠳᠤᠰᠬᠤᠨ ᠤ | ᠥᠷᠢ ᠦᠭᠴᠡᠭᠡ ᠶᠢ ᠴᠡᠪᠡᠷᠯᠡᠬᠦ ᠪᠠ ᠲᠥᠪ ᠤᠨ ᠡᠳ᠋ ᠤᠨ ᠵᠠᠰᠠᠭ ᠤᠨ ᠰᠢᠯᠵᠢᠬᠦᠯᠤᠨ ᠥᠭᠬᠦ ᠨᠦᠬᠦᠪᠦᠷᠢ ᠶᠢ | ᠡᠷᠡᠮᠡᠯᠵᠡᠯᠡᠨ ᠤᠯᠬᠤ ᠶᠢ ᠬᠠᠷᠢᠭᠤᠴᠠᠨ᠎ᠠ᠃ ︽ᠨᠢᠭᠡ ᠤᠴᠢᠷ ᠢ ᠨᠢᠭᠡ ᠵᠦᠪᠯᠡᠬᠦ︾ ᠡᠳ᠋ ᠤᠨ ᠵᠠᠰᠠᠭ ᠤᠨ ᠱᠠᠩᠨᠠᠨ | ᠨᠦᠬᠦᠪᠦᠷᠢᠯᠡᠬᠦ ᠲᠥᠷᠦ ᠶᠢᠨ ᠪᠤᠳᠣᠯᠭ᠎ᠠ ᠶᠢ ᠲᠦᠯᠬᠢᠨ ᠠᠬᠢᠭᠤᠯᠬᠤ ᠶᠢ ᠬᠠᠷᠢᠭᠤᠴᠠᠨ᠎ᠠ᠃ ᠦᠪᠡᠷᠳᠡᠭᠡᠨ ᠵᠠᠰᠠᠬᠤ | ᠤᠷᠤᠨ ᠤ ᠡᠳ᠋ ᠤᠨ ᠵᠠᠰᠠᠭ ᠤᠨ ᠰᠢᠯᠵᠢᠬᠦᠯᠦᠨ ᠥᠭᠬᠦ ᠨᠦᠬᠦᠪᠦᠷᠢ ᠶᠢ ᠡᠷᠡᠮᠡᠯᠵᠡᠯᠡᠨ ᠣᠯᠬᠤ ᠠᠵᠢᠯ ᠢ | ᠬᠠᠷᠢᠭᠤᠴᠠᠨ᠎ᠠ᠃ ᠦᠨᠳᠤᠰᠤᠨ ᠱᠠᠳᠤᠨ ᠤ ᠡᠳ᠋ ᠤᠨ ᠵᠠᠰᠠᠭ ᠤᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠵᠤ ᠂ | ᠰᠣᠮᠣ ᠪᠠᠯᠭᠠᠰᠣᠨ ᠤ ᠦᠭᠡᠷᠡᠴᠢᠯᠡᠯᠳᠡ ᠶᠢᠨ ᠦᠷᠲᠡᠭ ᠢ ᠲᠦᠰᠦᠪᠯᠡᠨ ᠪᠤᠳᠤᠵᠤ᠂ ᠰᠢᠯᠵᠢᠬᠦᠯᠦᠨ ᠥᠭᠬᠦ | ᠨᠦᠬᠦᠪᠦᠷᠢ ᠶᠢ ᠢᠳᠡᠪᠬᠢᠲᠠᠢ ᠡᠷᠡᠮᠡᠯᠵᠡᠯᠡᠨ ᠣᠯᠵᠤ᠂ ᠰᠣᠮᠣ ᠪᠠᠯᠭᠠᠰᠤ ᠪᠠ ᠭᠠᠴᠠᠭ᠎ᠠ ᠲᠤᠰᠬᠤᠨ ᠤ ᠦᠨᠳᠤᠰᠤᠨ | ᠱᠠᠳᠤᠨ ᠤ ᠵᠤᠬᠢᠶᠠᠨ ᠪᠠᠶᠢᠭᠤᠯᠤᠯᠳᠠ ᠶᠢᠨ ᠬᠡᠪ ᠤᠨ ᠡᠷᠭᠢᠯᠲᠡ ᠶᠢ ᠪᠠᠳᠤᠯᠠᠨ᠎ᠠ᠃ | ︵ᠠᠷᠪᠠᠨ ᠨᠢᠭᠡ︶ ᠠᠵᠢᠯ ᠲᠦᠷᠦᠯ ᠢ ᠬᠠᠮᠢᠶᠠᠷᠤᠪᠠᠯ ᠵᠠᠪᠠᠯ ᠠᠮᠤᠷ ᠲᠦᠪᠰᠢᠨ ᠢ ᠬᠠᠮᠢᠶᠠᠷᠬᠤ᠂ | ᠲᠤᠬᠠᠶᠢᠯᠠᠭᠰᠠᠨ ᠠᠵᠢᠯ ᠢ ᠬᠠᠮᠢᠶᠠᠷᠪᠠᠯ ᠵᠠᠪᠠᠯ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢ ᠡᠵᠡᠩᠨᠡᠯᠳᠡ ᠶᠢ | ᠬᠠᠮᠢᠶᠠᠷᠪᠠᠯ ᠵᠠᠪᠠᠯ ᠠᠮᠤᠷ ᠲᠦᠪᠰᠢᠨ ᠢ ᠬᠠᠮᠢᠶᠠᠷᠬᠤ ᠱᠠᠭᠠᠷᠳᠠᠯᠭ᠎ᠠ ᠶᠤᠰᠤᠭᠠᠷ ᠠᠮᠤᠷ ᠲᠦᠪᠰᠢᠨ ᠦᠢᠯᠡᠳᠪᠦᠷᠢᠯᠡᠬᠦ | ᠬᠠᠷᠢᠭᠤᠴᠠᠯᠭ᠎ᠠ ᠶᠢᠨ ᠳᠦᠷᠢᠮ ᠭᠡᠷᠡᠭᠵᠢᠬᠦᠯᠦᠨ᠎ᠡ᠃ | ︵ᠠᠷᠪᠠᠨ ᠬᠤᠶᠠᠷ︶ ᠬᠤᠰᠢᠭᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠤ ᠳᠤᠰᠢᠶᠠᠭᠰᠠᠨ ᠪᠤᠰᠤᠳ | ᠡᠭᠦᠷᠭᠡ ᠶᠢ ᠪᠡᠶᠡᠯᠡᠬᠦᠯᠦᠨ᠎ᠡ᠃ | | | | | |