ᠰᠢᠯᠤᠭᠤᠨ ᠬᠥᠬᠡ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ
ᠨᠡᠶᠢᠲᠡᠯᠡᠭᠰᠡᠨ ᠴᠠᠭ᠄
2024/2/27
     ᠨᠢᠭᠡ᠂ ᠦᠨᠳᠦᠰᠦᠨ ᠪᠠᠶᠢᠳᠠᠯ᠄     ᠰᠢᠯᠤᠭᠤᠨ ᠬᠥᠬᠡ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠤ ᠰᠠᠯᠠᠭ᠎ᠠ ᠮᠥᠴᠢᠷ ᠪᠣᠯᠤᠨ᠎ᠠ᠃ ᠲᠤᠰ ᠪᠠᠶᠢᠭᠤᠯᠭ᠎ᠠ ᠨᠢ ᠵᠢᠩᠬᠢᠨᠢ ᠰᠠᠯᠠᠭᠠᠨ ᠤ ᠳᠡᠰ ᠤᠨ ᠪᠠᠶᠢᠭᠤᠯᠭ᠎ᠠ ᠮᠦᠨ᠃ ᠰᠢᠯᠤᠭᠤᠨ ᠬᠥᠬᠡ ᠬᠤᠰᠢᠭᠤᠨ ᠤ ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠫᠠᠶᠢᠰᠠ ᠢᠯᠡᠷᠬᠡᠶᠢᠯᠡᠯ ᠪᠣᠯᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠭᠡᠷ ᠤᠨ ᠫᠠᠶᠢᠰᠠ ᠢᠯᠡᠷᠬᠡᠶᠢᠯᠡᠯ ᠢ ᠨᠡᠮᠡᠵᠦ ᠡᠯᠭᠦᠵᠦ ᠪᠠᠶᠢᠨ᠎ᠠ᠃ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ ᠨᠢ 14 ᠬᠥᠮᠦᠨ᠂ ᠡᠷᠬᠢᠯᠡᠭᠴᠢ 1 ᠬᠥᠮᠦᠨ᠂ ᠳᠡᠳ᠋ ᠡᠷᠬᠢᠯᠡᠭᠴᠢ 3 ᠨᠡᠷ᠎ᠡ᠂ ᠲᠤᠤᠷ᠎ᠠ ᠨᠢ 12  ᠬᠡᠯᠲᠡᠰ ᠲᠠᠰᠤᠭ ᠲᠠᠢ᠃     ᠬᠤᠶᠠᠷ᠂ ᠭᠤᠤᠯ ᠡᠭᠦᠷᠭᠡ ᠬᠠᠷᠢᠭᠤᠴᠠᠯᠭ᠎ᠠ᠄     ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠥᠭᠡᠷᠡᠴᠢᠯᠡᠯᠲᠡ ᠪᠣᠯᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠷᠠᠯᠲᠠ᠂ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠲᠤᠬᠲᠠᠭᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠣᠷᠣᠨ ᠪᠦᠰᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠶᠢ ᠵᠢᠯᠣᠭᠤᠳᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠨᠳᠦᠰᠦᠨ ᠦᠶ᠋ᠯᠡᠴᠢᠯᠡᠭᠡ ᠶᠢ ᠠᠳᠠᠯᠢ ᠲᠡᠭᠰᠢ᠂ ᠲᠦᠭᠡᠮᠡᠯ ᠬᠠᠷᠠᠭᠠᠯᠵᠠᠯ ᠦᠵᠡᠭᠦᠯᠬᠦ᠂ ᠳᠥᠭᠦᠮ ᠳᠥᠲᠡ ᠪᠣᠯᠭᠠᠬᠤ ᠪᠠ ᠣᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠳᠤᠨ ᠳᠤ ᠬᠦᠷᠭᠡᠬᠦ ᠶᠢ ᠠᠬᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ︵ᠬᠤᠶᠠᠷ︶ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠬᠢᠴᠠᠭᠤᠯᠤᠨ ᠠᠬᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠶᠡᠭᠡ ᠴᠢᠭᠯᠡᠯᠲᠡ᠂ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ ᠲᠤᠤᠱᠯᠠᠭᠤᠯᠤᠨ ᠬᠡᠷᠡᠭᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠷᠭ᠎ᠠ ᠬᠡᠮᠵᠢᠶ᠎ᠡ ᠵᠢᠴᠢ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠭᠦᠨᠵᠡᠭᠡᠶᠢᠷᠡᠭᠦᠯᠬᠦ ᠶᠢ ᠲᠣᠭᠲᠠᠭᠠᠵᠤ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ ᠠᠬᠢᠭᠤᠯᠵᠤ᠂ ᠣᠳᠣ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠶᠢ ᠠᠬᠢᠭᠤᠯᠬᠤ ᠭᠤᠤᠯ ᠴᠣᠭᠴᠠ ᠶᠢᠨ ᠣᠯᠠᠨ ᠡᠰᠢᠵᠢᠭᠰᠡᠨ᠂ ᠦᠢᠯᠡᠴᠢᠯᠡᠭᠡ ᠬᠠᠩᠭᠠᠬᠤ ᠠᠷᠭ᠎ᠠ ᠮᠠᠶ᠋ᠢᠭ ᠤᠨ ᠣᠯᠠᠨ ᠶᠠᠩᠵᠤᠴᠢᠯᠠᠬᠰᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠦᠢᠯᠡᠴᠢᠯᠡᠭᠡ ᠪᠠ ᠡᠮ ᠤᠨ ᠵᠦᠢᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠤᠮᠵᠢ ᠳᠤᠷᠠᠳᠤᠨ᠎ᠠ᠃     ︵ᠭᠤᠷᠪᠠ︶ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠬᠠᠷᠢᠭᠤᠴᠠᠨ᠎ᠠ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠯᠥᠪᠵᠢᠭᠦᠯᠭᠡ ᠵᠢᠴᠢ ᠠᠷᠠᠳ ᠲᠦᠮᠡᠨ ᠤ ᠡᠷᠡᠭᠦᠯ ᠮᠡᠨᠳᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠳᠤ ᠬᠦᠨᠳᠦ ᠨᠣᠴᠢᠲᠠᠶ ᠬᠥᠨᠥᠭᠡᠯ ᠤᠴᠠᠷᠠᠭᠤᠯᠬᠤ ᠠᠰᠠᠭᠤᠳᠠᠯ ᠳᠤ ᠭᠠᠷ ᠲᠦᠷᠦᠭᠦ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠡᠭᠡᠯᠢᠯᠡᠭᠡ ᠶᠢᠨ ᠲᠥᠯᠥᠪᠵᠢᠭᠦᠯᠭᠡ ᠶᠢ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠪᠠ ᠠᠨᠠᠭᠠᠬᠤ ᠤᠬᠠᠭᠠᠨ ᠤ ᠠᠪᠤᠷᠠᠨ ᠲᠤᠰᠠᠯᠠᠬᠤ ᠪᠡᠯᠡᠳᠭᠡᠯ ᠲᠥᠰᠦᠯ ᠢ ᠲᠤᠬᠲᠠᠭᠠᠨ᠎ᠠ᠃ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠬᠠᠷᠢᠭᠤᠴᠠᠵᠤ᠂ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠰᠡᠷᠭᠡᠶᠢᠯᠡᠨ ᠬᠢᠵᠠᠭᠠᠷᠯᠠᠬᠤ ᠪᠠ ᠡᠯ᠎ᠡ ᠲᠥᠷᠥᠯ ᠤᠨ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃   ︵ᠲᠦᠷᠪᠡ︶ ᠬᠥᠮᠦᠨ ᠠᠮᠠ ᠶᠢᠨ ᠨᠠᠰᠤᠵᠢᠯᠲᠠ ᠶᠢ ᠠᠷᠭᠠᠴᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠴᠠᠭᠤᠯᠤᠨ ᠨᠠᠢᠳᠠᠪᠤᠷᠢᠵᠢᠭᠤᠯᠬᠤ᠂ ᠪᠦᠬᠦ ᠬᠤᠰᠢᠭᠤᠨ ᠤ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠠ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠠᠵᠢᠯ ᠢ ᠬᠠᠷᠢᠭᠤᠴᠠᠨ᠎ᠠ᠃     ︵ᠲᠠᠪᠤ︶ ᠤᠯᠤᠰ ᠤᠨ ᠡᠮ ᠤᠨ ᠵᠦᠢᠯ ᠤᠨ ᠲᠥᠷᠥ ᠶᠢᠨ ᠪᠣᠳᠣᠯᠭ᠎ᠠ ᠪᠣᠯᠤᠨ ᠦᠨᠳᠦᠰᠦᠨ ᠡᠮ ᠤᠨ ᠵᠦᠢᠯ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠵᠦ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠣᠷᠣᠨ ᠨᠤᠲᠤᠭ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃     ︵ᠵᠢᠷᠭᠤᠭ᠎ᠠ︶ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ ᠰᠠᠴᠤᠷᠠᠭ ᠤᠨ ᠡᠷᠡᠭᠦᠯ ᠬᠠᠮᠠᠭᠠᠯᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ᠂ ᠤᠤᠭᠤᠬᠤ ᠤᠰᠤᠨ ᠤ ᠠᠷᠢᠭᠤᠨ ᠴᠡᠪᠡᠷ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠵᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠦᠨ᠎ᠡ᠃     ︵ᠲᠤᠯᠤᠭ᠎ᠠ︶ ᠡᠮᠴᠢᠯᠡᠭᠡᠨ ᠤ ᠪᠠᠶᠢᠭᠤᠯᠤᠮᠵᠢ ᠪᠣᠯᠤᠨ ᠡᠮᠴᠢᠯᠡᠭᠡᠨ ᠤ ᠦᠢᠯᠡᠴᠢᠯᠡᠭᠡᠨ ᠤ ᠠᠵᠢᠯ ᠲᠥᠷᠥᠯ ᠲᠤ ᠵᠥᠪᠰᠢᠶᠡᠷᠡᠨ ᠣᠷᠣᠭᠤᠯᠬᠤ ᠶᠢ ᠬᠠᠮᠢᠶᠠᠷᠤᠨ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠡᠮᠴᠢᠯᠡᠭᠡᠨ ᠤ ᠪᠠᠶᠢᠭᠤᠯᠤᠮᠵᠢ ᠵᠢᠴᠢ ᠲᠡᠭᠦᠨ ᠤ ᠡᠮᠴᠢᠯᠡᠭᠡᠨ ᠤ ᠦᠢᠯᠡᠴᠢᠯᠡᠭᠡ᠂ ᠡᠮᠴᠢᠯᠡᠭᠡᠨ ᠤ ᠮᠡᠷᠭᠡᠵᠢᠯ᠂ ᠡᠮᠴᠢᠯᠡᠭᠡᠨ ᠤ ᠶᠠᠰᠤ ᠴᠢᠨᠠᠷ᠂ ᠡᠮᠴᠢᠯᠡᠭᠡᠨ ᠤ ᠠᠮᠤᠷ ᠲᠦᠪᠰᠢᠨ ᠵᠢᠴᠢ ᠴᠢᠰᠤ ᠠᠪᠬᠤ ᠬᠠᠩᠭᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠵᠢᠷᠤᠮᠵᠢᠯ ᠂ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠮᠴᠢᠯᠡᠭᠡᠨ ᠤ ᠦᠢᠯᠡᠴᠢᠯᠡᠭᠡᠨ ᠤ ᠦᠨᠡᠯᠡᠯᠲᠡ ᠪᠠ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠬᠢᠷᠢ ᠬᠡᠮ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠬᠠᠷᠢᠭᠤᠴᠠᠨ᠎ᠠ᠃ ᠡᠮᠴᠢᠯᠡᠭᠡ ᠶᠢᠨ ᠦᠢᠯᠡᠴᠢᠯᠡᠭᠡᠨ ᠤ ᠵᠢᠷᠤᠮᠵᠢᠯ᠂ ᠪᠠᠷᠢᠮᠵᠢᠶ᠎ᠠ ᠪᠣᠯᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠠᠵᠢᠯ ᠡᠷᠬᠢᠯᠡᠬᠦ ᠳᠦᠷᠢᠮ᠂ ᠦᠢᠯᠡᠴᠢᠯᠡᠭᠡᠨ ᠤ ᠵᠢᠷᠤᠮᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃     ︵ᠨᠠᠢᠮᠠ︶ ᠲᠥᠯᠥᠪᠯᠡᠭᠡᠲᠦ ᠦᠷᠡᠵᠢᠯ ᠤᠨ ᠬᠠᠮᠢᠶᠠᠷᠤᠯᠲᠠ ᠪᠣᠯᠤᠨ ᠦᠢᠯᠡᠴᠢᠯᠡᠭᠡᠨ ᠤ ᠠᠵᠢᠯ ᠢ ᠬᠠᠷᠢᠭᠤᠴᠠᠵᠤ᠂ ᠬᠥᠮᠦᠨ ᠠᠮᠠ ᠶᠢ ᠬᠢᠨᠠᠨ ᠬᠠᠮᠢᠶᠠᠷᠤᠨ ᠰᠡᠷᠡᠮᠵᠢᠯᠡᠭᠦᠯᠬᠦ ᠠᠵᠢᠯ ᠢ ᠥᠷᠨᠢᠭᠦᠯᠦᠨ᠂ ᠬᠥᠮᠦᠨ ᠠᠮᠠ ᠬᠢᠭᠡᠳ ᠭᠡᠷ ᠪᠦᠯᠢ ᠶᠢᠨ ᠬᠥᠭᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃     ︵ᠶᠢᠰᠦ︶ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠪᠠ ᠶᠡᠷᠦᠩᠬᠡᠶ ᠰᠠᠯᠠᠭᠠᠨ ᠤ ᠡᠮᠴᠢ ᠶᠢᠨ ᠡᠩᠨᠡᠭᠡᠨ ᠤ ᠪᠠᠶᠢᠭᠤᠯᠤᠯᠲᠠ ᠶᠢ ᠵᠢᠯᠤᠭᠤᠳᠴᠤ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠭᠵᠢᠯᠲᠡ ᠶᠢ ᠠᠬᠢᠭᠤᠯᠤᠨ᠎ᠠ᠃     ︵ᠠᠷᠪᠠ︶ ᠮᠣᠩᠭᠤᠯ ᠬᠢᠲᠠᠳ ᠡᠮ ᠡᠮᠨᠡᠯᠭᠡ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ᠂ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠡᠮᠴᠢᠯᠡᠭᠡ᠂ ᠡᠷᠡᠭᠦᠯᠵᠢᠯ᠂ ᠰᠤᠷᠭᠠᠨ ᠬᠥᠮᠦᠵᠢᠯ᠂  ᠰᠢᠨᠵᠢᠯᠡᠬᠦ ᠤᠬᠠᠭᠠᠨ ᠤ ᠰᠤᠳᠤᠯᠭᠠᠨ᠂ ᠰᠣᠶᠣᠯ ᠵᠢᠴᠢ ᠬᠠᠮᠢᠶ᠎ᠠ ᠪᠥᠬᠦᠶ ᠠᠵᠤ ᠦᠢᠯᠡᠰ ᠤᠨ ᠥᠭᠡᠷᠡᠴᠢᠯᠡᠯᠲᠡ ᠬᠥᠭᠵᠢᠯᠲᠡ ᠬᠢᠭᠡᠳ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ᠂ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠪᠠ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃     ︵ᠠᠷᠪᠠᠨ ᠨᠢᠭᠡ︶ ᠪᠦᠬᠦ ᠬᠤᠰᠢᠭᠤᠨ ᠤ ᠡᠷᠡᠭᠦᠯ ᠮᠡᠨᠳᠦ ᠶᠢ ᠬᠠᠮᠠᠭᠠᠯᠠᠬᠤ ᠡᠲᠡᠭᠡᠳ ᠤᠨ ᠡᠮ ᠡᠮᠨᠡᠯᠭᠡ ᠡᠷᠡᠭᠦᠯ ᠮᠡᠨᠳᠦ ᠶᠢ ᠬᠠᠮᠠᠭᠠᠯᠠᠬᠤ ᠠᠵᠢᠯ ᠢ ᠬᠠᠷᠢᠭᠤᠴᠠᠵᠤ᠂ ᠴᠢᠬᠤᠯᠠ ᠬᠤᠷᠠᠯ ᠪᠣᠯᠤᠨ ᠴᠢᠬᠤᠯᠠ ᠶᠡᠭᠡ ᠠᠵᠢᠯᠯᠠᠭ᠎ᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃     ︵ᠠᠷᠪᠠᠨ ᠬᠤᠶᠠᠷ︶ ᠪᠥᠬᠦ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠡᠯ᠎ᠡ ᠵᠦᠢᠯ  ᠤᠨ ᠠᠵᠢᠯ ᠢ ᠬᠠᠷᠢᠭᠤᠴᠠᠨ᠎ᠠ᠃ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠬᠠᠷᠢᠭᠤᠴᠠᠨ᠎ᠠ᠃     ︵ᠠᠷᠪᠠᠨ ᠭᠤᠷᠪᠠ︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠤᠬᠠᠭᠤᠯᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠰᠣᠨᠢᠨ ᠮᠡᠳᠡᠭᠡ ᠪᠠ ᠮᠡᠳᠡᠭᠡ ᠵᠠᠩᠭᠢ ᠨᠡᠶᠢᠲᠡᠯᠡᠬᠦ ᠠᠵᠢᠯ ᠢ ᠡᠭᠦᠷᠭᠡᠯᠡᠨ᠎ᠡ᠃ ︽ᠲᠠᠮᠠᠬᠢ ᠶᠢ ᠬᠢᠵᠠᠭᠠᠷᠯᠠᠬᠤ ᠪᠦᠳᠦᠭᠦᠪᠴᠢ ᠨᠡᠶᠢᠲᠡ ᠶᠢᠨ ᠭᠡᠷ᠎ᠡ︾ ᠶᠢᠨ ᠭᠡᠷ᠎ᠡ ᠶᠢ ᠬᠦᠢᠴᠡᠳᠭᠡᠬᠦ ᠠᠵᠢᠯ ᠢ ᠲᠠᠶᠢᠴᠢᠯᠠᠨ ᠬᠦᠢᠴᠡᠳᠬᠡᠨ᠎ᠡ᠃     ︵ᠠᠷᠪᠠᠨ ᠳᠥᠷᠪᠠ︶ ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃     ︵ᠠᠷᠪᠠᠨ ᠲᠠᠪᠤ︶ ᠡᠭᠦᠷᠭᠡ ᠴᠢᠳᠠᠪᠬᠢ ᠶᠢᠨ ᠬᠤᠪᠢᠷᠠᠯᠲᠠ᠃ ᠰᠢᠯᠤᠭᠤᠨ ᠬᠥᠬᠡ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠶᠡᠭᠡ ᠡᠷᠡᠭᠦᠯ ᠬᠠᠮᠠᠭᠠᠯᠠᠯ᠂ ᠶᠡᠭᠡ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠡᠷᠡᠭᠦᠯ ᠡᠩᠬᠡ ᠰᠢᠯᠤᠭᠤᠨ ᠬᠥᠬᠡ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠡᠷᠡᠭᠦᠯ ᠮᠡᠨᠳᠦ ᠶᠢ ᠠᠬᠢᠭᠤᠯᠬᠤ᠂ ᠬᠡᠪ ᠵᠠᠭᠪᠤᠷ ᠢ ᠬᠤᠪᠢᠷᠠᠭᠤᠯᠬᠤ᠂ ᠦᠨᠳᠦᠰᠦᠨ ᠱᠠᠲᠤ ᠶᠢ ᠬᠦᠴᠦᠷᠬᠡᠭᠵᠢᠭᠦᠯᠬᠦ᠂ ᠪᠠᠲᠤᠯᠠᠭ᠎ᠠ ᠶᠢ ᠴᠢᠬᠤᠯᠠᠴᠢᠯᠠᠬᠤ ᠪᠠᠷ ᠬᠦᠴᠦᠯᠡᠬᠦ ᠴᠡᠭ ᠪᠣᠯᠭᠠᠵᠤ᠂ ᠡᠪᠡᠳᠴᠢᠨ ᠢ ᠵᠠᠰᠠᠬᠤ ᠪᠠᠷ ᠭᠤᠤᠯ ᠪᠤᠯᠭᠠᠵᠤ ᠪᠠᠶᠢᠬᠰᠠᠨ ᠢ ᠠᠷᠠᠳ ᠲᠦᠮᠡᠨ ᠤ ᠡᠷᠡᠭᠦᠯ ᠮᠡᠨᠳᠦ ᠪᠠᠷ ᠭᠤᠤᠯ ᠪᠣᠯᠭᠠᠬᠤ ᠪᠣᠯᠭᠠᠨ ᠬᠤᠪᠢᠷᠠᠭᠤᠯᠵᠤ᠂ ᠠᠷᠠᠳ ᠣᠯᠠᠨ ᠳᠤ ᠪᠦᠬᠦ ᠲᠠᠯ᠎ᠠ ᠪᠦᠬᠦ ᠦᠶᠡᠯᠡᠯ ᠤᠨ ᠴᠢᠨᠠᠷᠲᠠᠶ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠨ᠎ᠠ᠃ ᠨᠢᠭᠡ ᠳᠤ ᠂ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ ᠪᠠ ᠡᠷᠡᠭᠦᠯ ᠮᠡᠨᠳᠦ ᠶᠢ ᠠᠬᠢᠭᠤᠯᠬᠤ ᠶᠢ ᠨᠠᠩ ᠴᠢᠬᠤᠯᠠᠴᠢᠯᠠᠵᠤ᠂ ᠬᠦᠨᠳᠦ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠵᠤ᠂ ᠬᠥᠮᠦᠨ ᠠᠮᠠ ᠶᠢᠨ ᠨᠠᠰᠤᠵᠢᠯ ᠢ ᠢᠳᠡᠪᠬᠢᠲᠡᠶ ᠠᠷᠭᠠᠴᠠᠵᠤ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠤᠶᠠᠷ ᠲᠤ᠂ ᠠᠵᠢᠯ ᠤᠨ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ ᠪᠠ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠨᠠᠩ ᠢᠯᠡᠭᠦᠤ ᠴᠢᠬᠤᠯᠠᠴᠢᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠣᠯᠠᠨ ᠨᠡᠶᠢᠲᠡ ᠶᠢᠨ ᠡᠬᠢ  ᠪᠠᠶᠠᠯᠢᠭ ᠢ ᠦᠨᠳᠦᠰᠦᠨ ᠱᠠᠳᠤᠨ ᠳᠤ ᠭᠦᠨᠵᠡᠭᠡᠶᠢᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠢ ᠬᠠᠮᠤᠷᠬᠤ᠂ ᠵᠠᠬ᠎ᠠ ᠬᠢᠵᠠᠭᠠᠷ ᠣᠷᠣᠨ ᠪᠠ ᠠᠮᠢᠳᠤᠷᠠᠯ ᠬᠦᠴᠢᠷᠳᠡᠯᠲᠡᠶ ᠣᠯᠠᠨ ᠲᠦᠮᠡᠨ ᠲᠡᠰᠢ ᠬᠡᠯᠪᠠᠶᠢᠯᠭᠡᠬᠦ ᠶᠢ ᠠᠬᠢᠭᠤᠯᠤᠨ᠎ᠠ᠃ ᠭᠤᠷᠪᠠ ᠳᠤ᠂ ᠦᠢᠯᠡᠴᠢᠯᠡᠭᠡᠨ ᠤ ᠶᠠᠰᠤ ᠴᠢᠨᠠᠷ ᠪᠣᠯᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠨᠠᠩ ᠴᠢᠬᠤᠯᠠᠴᠢᠯᠠᠵᠤ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ᠂ ᠲᠦᠭᠡᠮᠡᠯ ᠬᠠᠷᠠᠭᠠᠯᠵᠠᠯ ᠦᠵᠡᠭᠦᠯᠬᠦ᠂ ᠳᠥᠭᠦᠮ ᠳᠥᠲᠡ ᠪᠣᠯᠭᠠᠬᠤ ᠶᠢ ᠠᠬᠢᠭᠤᠯᠤᠨ᠎ᠠ᠃ ᠳᠥᠷᠪᠡ ᠳᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠬᠦᠨᠵᠡᠭᠡᠶᠢᠷᠡᠭᠦᠯᠬᠦ ᠶᠢ ᠵᠣᠬᠢᠴᠠᠭᠤᠯᠤᠨ ᠠᠬᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠲᠡ ᠶᠢᠨ ᠡᠷᠴᠢᠮ ᠢ ᠴᠢᠩᠬᠠᠳᠬᠠᠨ᠎ᠠ᠃ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ ᠲᠦᠯᠬᠢᠨ ᠠᠬᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠪᠡᠶᠡᠴᠢ ᠴᠣᠭᠴᠠ ᠶᠢᠨ ᠤᠯᠠᠨ ᠡᠰᠢᠵᠢᠯᠳᠡ᠂ ᠬᠠᠩᠭᠠᠬᠤ ᠠᠷᠭ᠎ᠠ ᠮᠠᠶ᠋ᠢᠭ ᠤᠨ ᠤᠯᠠᠨ ᠶᠠᠩᠵᠤᠴᠢᠯᠠᠯᠳᠠ ᠶᠢ ᠲᠦᠯᠬᠢᠨ ᠠᠬᠢᠭᠤᠯᠤᠨ᠎ᠠ᠃     ︵ᠠᠷᠪᠠᠨ ᠵᠢᠷᠭᠤᠭ᠎ᠠ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃    1. ᠰᠢᠯᠤᠭᠤᠨ ᠬᠥᠬᠡ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ ᠬᠤᠯᠪᠤᠬᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠰᠢᠯᠤᠭᠤᠨ ᠬᠥᠬᠡ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠬᠥᠮᠦᠨ ᠠᠮᠠ ᠶᠢ ᠬᠢᠨᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠠᠵᠢᠯ ᠥᠷᠨᠢᠭᠦᠯᠬᠦ ᠶᠢ ᠬᠠᠷᠢᠭᠤᠴᠠᠵᠤ᠂ ᠦᠷᠡᠵᠢᠯ ᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠷᠡᠵᠢᠯ ᠲᠠᠢ ᠬᠤᠯᠪᠣᠭᠳᠠᠬᠤ ᠬᠥᠮᠦᠨ ᠠᠮᠠ ᠶᠢᠨ ᠲᠤᠭ᠎ᠠ ᠬᠡᠮᠵᠢᠶ᠎ᠡ᠂ ᠬᠡᠪ ᠴᠢᠨᠠᠷ᠂ ᠪᠦᠲᠦᠴᠡ᠂ ᠲᠠᠷᠬᠠᠯᠲᠠ ᠶᠢᠨ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠷᠡᠵᠢᠯ ᠤᠨ ᠲᠥᠷᠥ ᠶᠢᠨ ᠪᠣᠳᠣᠯᠭ᠎ᠠ ᠪᠣᠯᠤᠨ ᠬᠠᠮᠢᠶ᠎ᠠ ᠪᠦᠬᠦᠢ ᠠᠵᠤ ᠠᠬᠤᠶ ᠨᠡᠶᠢᠭᠡᠮ ᠤᠨ ᠲᠥᠷᠥ ᠶᠢᠨ ᠪᠣᠳᠣᠯᠭ᠎ᠠ ᠲᠠᠢ ᠢᠵᠢ ᠪᠦᠷᠢᠳᠦᠭᠦᠯᠦᠨ ᠠᠪᠴᠠᠯᠳᠤᠭᠤᠯᠬᠤ ᠶᠢ ᠠᠬᠢᠭᠤᠯᠵᠤ᠂ ᠬᠥᠮᠦᠨ ᠠᠮᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠳᠤ ᠤᠷᠤᠯᠴᠠᠵᠤ᠂ ᠬᠥᠮᠦᠨ ᠠᠮᠠ ᠶᠢᠨ ᠬᠥᠭᠵᠢᠯᠲᠡ ᠶᠢᠨ ᠲᠥᠯᠥᠪᠵᠢᠭᠦᠯᠭᠡ ᠳᠠᠬᠢ ᠬᠤᠯᠪᠣᠭᠳᠠᠯ ᠪᠦᠬᠦᠢ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠰᠢᠯᠤᠭᠤᠨ ᠬᠥᠬᠡ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠥᠮᠦᠨ ᠠᠮᠠ ᠶᠢᠨ ᠬᠤᠪᠢᠷᠠᠯᠲᠠ ᠶᠢᠨ ᠪᠠᠶᠢᠳᠠᠯ ᠵᠢᠴᠢ ᠬᠠᠨᠳᠤᠰᠢ ᠶᠢ ᠬᠢᠨᠠᠨ ᠬᠡᠮᠵᠢᠬᠦ ᠪᠠ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠵᠤ᠂ ᠬᠥᠮᠦᠨ ᠠᠮᠠ ᠶᠢᠨ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠳᠦᠷᠢᠮ ᠢ ᠪᠠᠶᠢᠭᠤᠯᠵᠤ᠂ ᠴᠢᠬᠤᠯᠠ ᠶᠡᠭᠡ  ᠰᠢᠢᠳᠪᠦᠷᠢᠲᠦ ᠪᠣᠳᠣᠯᠭ᠎ᠠ ᠲᠣᠭᠲᠠᠭᠠᠬᠤ ᠬᠥᠮᠦᠨ ᠠᠮᠠ ᠶᠢᠨ ᠨᠥᠯᠥᠭᠡ ᠶᠢ ᠦᠨᠡᠯᠡᠨ ᠵᠢᠱᠢᠬᠦ ᠠᠵᠢᠯ ᠢ ᠦᠷᠨᠢᠭᠦᠯᠵᠦ᠂ ᠬᠥᠮᠦᠨ ᠠᠮᠠ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠲᠣᠭᠲᠠᠴᠠ ᠶᠢ ᠲᠡᠭᠦᠯᠳᠡᠷᠵᠢᠭᠦᠯᠵᠦ᠂ ᠰᠢᠯᠤᠭᠤᠨ ᠬᠥᠬᠡ ᠬᠤᠰᠢᠭᠤᠨ ᠤ ᠬᠥᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠰᠤᠳᠤᠯᠤᠨ ᠳᠤᠷᠠᠳᠴᠤ᠂ ᠬᠥᠮᠦᠨ ᠠᠮᠠ ᠶᠢᠨ ᠬᠥᠭᠵᠢᠯᠲᠡ ᠶᠢᠨ ᠲᠥᠯᠥᠪᠵᠢᠭᠦᠯᠪᠡ ᠪᠠ ᠬᠥᠮᠦᠨ ᠠᠮᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠥᠮᠦᠨ ᠠᠮᠠ ᠬᠢᠭᠡᠳ ᠠᠵᠤ ᠠᠬᠤᠶ᠂ ᠨᠡᠶᠢᠭᠡᠮ᠂ ᠡᠬᠢ ᠪᠠᠶᠠᠯᠢᠭ᠂ ᠣᠷᠴᠢᠨ ᠠᠬᠤᠶ ᠶᠢ ᠵᠣᠬᠢᠴᠠᠩᠭᠤᠶ ᠪᠠᠷ ᠦᠷᠭᠦᠯᠵᠢᠯᠡᠨ ᠬᠥᠭᠵᠢᠭᠦᠯᠬᠦ ᠵᠢᠴᠢ ᠬᠥᠮᠦᠨ ᠠᠮᠠ ᠶᠢᠨ ᠤᠷᠳᠤ ᠬᠤᠭᠤᠴᠠᠭ᠎ᠠ ᠪᠠᠷ ᠲᠡᠩᠴᠡᠭᠦᠷᠢᠲᠡᠶ ᠬᠥᠭᠵᠢᠬᠦ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ ᠭᠠᠷᠭᠠᠨ᠎ᠠ᠃   2. ᠰᠢᠯᠤᠭᠤᠨ ᠬᠥᠬᠡ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠲᠠᠢ ᠬᠤᠯᠪᠤᠬᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠰᠢᠯᠤᠭᠤᠨ ᠬᠥᠬᠡ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠬᠥᠮᠦᠨ ᠠᠮᠠ ᠶᠢᠨ ᠨᠠᠰᠤᠵᠢᠯᠲᠠ ᠶᠢ ᠠᠷᠭᠠᠴᠠᠬᠤ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ᠂ ᠨᠠᠰᠤᠲᠠᠶᠢᠴᠤᠳ ᠤᠨ ᠠᠵᠢᠯ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠵᠣᠬᠢᠴᠠᠭᠤᠯᠵᠤ᠂ ᠰᠢᠮᠳᠠᠭᠤᠯᠤᠨ ᠵᠢᠯᠤᠭᠤᠳᠴᠤ᠂ ᠵᠣᠬᠢᠶᠠᠨ ᠪᠠᠶᠢᠭᠤᠯᠤᠨ ᠠᠬᠢᠭᠤᠯᠵᠤ᠂ ᠨᠠᠰᠤᠲᠠᠶᠢᠴᠤᠳ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ ᠨᠠᠰᠤᠲᠠᠶᠢᠴᠤᠳ ᠤᠨ ᠡᠮᠴᠢᠯᠡᠭᠡ ᠰᠤᠪᠢᠯᠠᠯᠲᠠ᠂ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠬᠢᠭᠡᠳ ᠬᠠᠯᠠᠮᠵᠢᠯᠠᠭ᠎ᠠ ᠶᠢᠨ ᠦᠢᠯᠡᠴᠢᠯᠡᠭᠡ ᠵᠡᠷᠭᠡ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠡᠭᠦᠷᠭᠡᠯᠡᠨ᠎ᠡ᠃ ᠰᠢᠯᠤᠭᠤᠨ ᠬᠥᠬᠡ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠠᠰᠤᠵᠢᠯ ᠤᠨ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠬᠤ᠂ ᠰᠢᠮᠳᠠᠭᠤᠯᠤᠨ ᠵᠢᠯᠣᠭᠤᠳᠬᠤ᠂ ᠬᠢᠨᠠᠨ ᠬᠠᠮᠢᠶᠠᠷᠬᠤ ᠠᠵᠢᠯ ᠢ ᠬᠠᠷᠢᠭᠤᠴᠠᠵᠤ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠪᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ ᠣᠨᠴᠠᠭᠠᠢ ᠬᠦᠴᠢᠷᠳᠡᠯᠲᠡᠶ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃     3. ᠰᠢᠯᠤᠭᠤᠨ ᠬᠥᠬᠡ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠤᠯᠪᠤᠬᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠰᠢᠯᠤᠭᠤᠨ ᠬᠥᠬᠡ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ ᠠᠵᠢᠯ ᠢ ᠬᠠᠷᠢᠭᠤᠴᠠᠵᠤ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠰᠢᠨᠵᠢᠬᠦ ᠲᠥᠯᠥᠪᠯᠡᠭᠡ ᠶᠢ ᠨᠠᠶᠢᠳᠠᠪᠤᠷᠢᠵᠢᠭᠤᠯᠤᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠵᠦ ᠰᠣᠯᠢᠯᠴᠠᠬᠤ ᠲᠣᠭᠲᠠᠴᠠ ᠶᠢ ᠪᠠᠶᠢᠭᠤᠯᠤᠨ᠎ᠠ᠃ ᠰᠢᠯᠤᠭᠤᠨ ᠬᠥᠬᠡ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠯᠤᠭᠤᠨ ᠬᠥᠬᠡ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠴᠢᠨᠠᠷᠲᠠᠶ ᠡᠮ ᠤᠨ ᠵᠦᠢᠯ ᠤᠨ ᠪᠠᠷᠢᠮᠵᠢᠶ᠎ᠠ ᠪᠠ ᠵᠢᠷᠤᠮᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠦᠨᠳᠦ ᠶᠡᠭᠡ ᠡᠮ ᠤᠨ ᠵᠦᠢᠯ ᠤᠨ ᠬᠡᠪ ᠤᠨ ᠪᠤᠰᠤ ᠤᠷᠪᠠᠯ ᠪᠠ ᠡᠮᠴᠢᠯᠡᠭᠡᠨ ᠤ ᠪᠠᠭᠠᠵᠢ ᠬᠡᠷᠡᠭᠰᠡᠯ ᠤᠨ ᠬᠡᠪ ᠤᠨ ᠪᠤᠰᠤ ᠬᠡᠷᠡᠭ ᠢ ᠬᠠᠷᠢᠯᠴᠠᠨ ᠮᠡᠳᠡᠭᠦᠯᠬᠦ ᠲᠣᠭᠲᠠᠴᠠ ᠪᠠ ᠬᠠᠮᠲᠤᠷᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠎ᠠ᠃     4. ᠰᠢᠯᠤᠭᠤᠨ ᠬᠥᠬᠡ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠠᠢ ᠬᠤᠯᠪᠤᠬᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠰᠢᠯᠤᠭᠤᠨ ᠬᠥᠬᠡ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠯᠤᠭᠤᠨ ᠬᠥᠬᠡ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠮᠴᠢᠯᠡᠬᠦ᠂ ᠡᠮ ᠡᠮᠨᠡᠯᠭᠡ ᠶᠢᠨ ᠳᠠᠭᠠᠳᠬᠠᠯ᠂ ᠡᠮ ᠬᠡᠷᠡᠭᠯᠡᠬᠦ ᠵᠡᠷᠭᠡ ᠲᠠᠯ᠎ᠠ ᠪᠠᠷ ᠳᠦᠷᠢᠮ᠂ ᠲᠥᠷᠥ ᠶᠢᠨ ᠪᠣᠳᠣᠯᠭ᠎ᠠ ᠶᠢ ᠠᠪᠴᠢᠯᠳᠤᠭᠤᠯᠬᠤ ᠶᠢ ᠴᠢᠩᠭᠠᠳᠬᠠᠵᠤ᠂ ᠬᠠᠷᠢᠯᠴᠠᠨ ᠤᠶᠢᠯᠠᠭᠠᠯᠴᠠᠨ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠵᠤ᠂ ᠡᠮ ᠡᠮᠨᠡᠯᠭᠡ ᠶᠢᠨ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠪᠠ ᠡᠮᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号