| | ᠨᠢᠭᠡᠳᠤᠭᠡᠷ ᠵᠤᠶᠢᠯ ᠲᠤᠮᠳᠠᠳᠦ ᠤᠯᠤᠰ ᠤᠨ ᠡᠪ ᠬᠠᠮᠲᠦ ᠨᠠᠮ ᠤᠨ ᠰᠢᠯᠢ ᠶᠢᠨ ᠭᠤᠤᠯ ᠠᠶᠢᠮᠠᠭ ᠤᠨ | ᠨᠠᠮ ᠤᠨ ᠬᠤᠷᠢᠶᠠᠨ ᠤ ᠠᠯᠪᠠᠨ ᠭᠡᠷ᠂ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠠᠴᠠ | ᠵᠦᠪᠰᠢᠶᠡᠷᠡᠭᠰᠡᠨ ︽ᠰᠢᠯᠤᠭᠤᠨ ᠬᠦᠬᠡ ᠬᠤᠰᠢᠭᠤᠨ ᠤ ᠪᠠᠶᠢᠭᠤᠯᠤᠮᠵᠢ ᠶᠢᠨ ᠦᠭᠡᠷᠡᠴᠢᠯᠠᠯᠲᠡ ᠶᠢᠨ ᠲᠦᠰᠦᠯ︾ | ᠪᠤᠯᠤᠨ ᠬᠤᠰᠢᠭᠤᠨ ᠤ ᠨᠠᠮ ᠤᠨ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠰᠢᠯᠤᠭᠤᠨ ᠬᠦᠬᠡ ᠬᠤᠰᠢᠭᠤᠨ ᠤ | ᠪᠠᠶᠢᠭᠤᠯᠤᠮᠵᠢ ᠶᠢᠨ ᠦᠭᠡᠷᠡᠴᠢᠯᠠᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠤᠰᠦᠯᠠᠨ᠂ ᠲᠤᠰ ᠲᠤᠭᠳᠠᠭᠠᠯ ᠢ | ᠲᠤᠭᠳᠠᠭᠠᠪᠠ᠃ | ᠬᠤᠶᠠᠳᠤᠭᠠᠷ ᠵᠦᠢᠯ ᠰᠢᠯᠤᠭᠤᠨ ᠬᠦᠬᠡ ᠬᠤᠰᠢᠭᠤᠨ ᠤ ᠬᠦᠮᠦᠨ ᠤ ᠭᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ ᠪᠤᠯ ᠰᠢᠯᠤᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ | ᠤᠷᠳᠤᠨ ᠤ ᠪᠦᠷᠢᠯᠳᠦᠭᠦᠨ ᠰᠠᠯᠠᠭ᠎ᠠ ᠮᠦᠴᠡᠷ ᠂ ᠵᠢᠩᠬᠢᠨᠢ ᠰᠠᠯᠠᠭᠠᠨ ᠤ ᠲᠡᠰ ᠪᠤᠯᠤᠨ᠎ᠠ᠃ | ᠭᠤᠷᠪᠠᠳᠤᠭᠠᠷ ᠵᠦᠢᠯ ᠭᠤᠤᠯ ᠡᠭᠦᠷᠭᠡ ᠬᠠᠷᠢᠭᠤᠴᠠᠯᠭ᠎ᠠ᠄ ᠬᠦᠮᠦᠨ ᠤ ᠭᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ ᠪᠤᠯ᠄ | ︵ᠨᠢᠭᠡ︶ ᠤᠯᠤᠰ᠂ ᠦᠪᠡᠷᠳᠡᠭᠡᠨ ᠵᠠᠰᠠᠬᠤ ᠤᠷᠤᠨ᠂ ᠠᠶᠢᠮᠠᠭ ᠤᠨ ᠬᠦᠮᠦᠨ ᠤ ᠭᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠳᠤᠯᠠᠭ᠎ᠠ ᠶᠢᠨ ᠦᠢᠯᠡᠰ ᠤᠨ ᠬᠦᠭᠵᠢᠯᠳᠠ ᠶᠢᠨ ᠲᠦᠯᠦᠪᠵᠢᠭᠦᠯᠭᠡ᠂ ᠲᠦᠷᠦ ᠶᠢᠨ ᠪᠤᠳᠤᠯᠭ᠎ᠠ ᠶᠢ | ᠲᠤᠤᠱᠯᠠᠭᠤᠯᠤᠨ ᠬᠡᠷᠡᠭᠵᠢᠭᠦᠯᠬᠦ ᠶᠢ ᠬᠠᠷᠢᠭᠤᠴᠠᠵᠦ᠂ ᠪᠦᠬᠦ ᠬᠤᠰᠢᠭᠤᠨ ᠤ ᠬᠦᠮᠦᠨ ᠤ ᠭᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠳᠤᠯᠠᠭ᠎ᠠ ᠶᠢᠨ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠲᠤᠭᠳᠠᠭᠠᠨ᠎ᠠ᠃ ᠪᠦᠬᠦ | ᠬᠤᠰᠢᠭᠤᠨ ᠤ ᠬᠦᠮᠦᠨ ᠤ ᠭᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ | ᠦᠢᠯᠡᠰ ᠦᠨᠬᠦ᠋ᠭᠵᠢᠯᠳᠠ ᠶᠢᠨ ᠤᠷᠳᠤ ᠬᠤᠭᠤᠴᠠᠭᠠᠨ ᠤ ᠶᠡᠷᠤᠩᠬᠡᠢ ᠲᠦᠯᠦᠪᠵᠢᠭᠦᠯᠭᠡ ᠶᠢ ᠲᠤᠭᠤᠷᠪᠢᠨ | ᠲᠤᠭᠳᠠᠭᠠᠬᠤ ᠶᠢᠨ ᠬᠠᠮᠳᠦ ᠵᠤᠬᠢᠶᠠᠨ ᠪᠠᠶᠢᠭᠤᠯᠤᠨ ᠬᠡᠷᠡᠭᠵᠢᠭᠦᠯᠤᠨ᠎ᠠ᠃ | ︵ᠬᠤᠶᠠᠷ︶ ᠪᠦᠬᠦ ᠬᠤᠰᠢᠭᠤᠨ ᠤ ᠬᠦᠮᠦᠨ ᠤ ᠭᠦᠴᠦᠨ ᠤ ᠡᠬᠢ ᠪᠠᠶᠠᠯᠢᠭ ᠤᠨ ᠵᠠᠬ᠎ᠠ ᠲᠡᠯᠭᠡᠭᠦᠷ ᠤᠨ | ᠬᠦᠭᠵᠢᠯᠳᠠ ᠶᠢᠨ ᠲᠦᠯᠦᠪᠵᠢᠭᠦᠯᠭᠡ ᠪᠠ ᠬᠦᠮᠦᠨ ᠤ ᠭᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠠᠰ ᠤᠨ | ᠬᠦᠭᠵᠢᠯᠳᠠ ᠂ ᠬᠦᠮᠦᠨ ᠤ ᠭᠦᠴᠦᠨ ᠤ ᠡᠬᠢ ᠪᠠᠶᠠᠯᠢᠭ ᠤᠨ ᠰᠢᠯᠵᠢᠯᠳᠠ ᠶᠢᠨ ᠲᠦᠷᠦ ᠶᠢᠨ ᠪᠤᠳᠤᠯᠭ᠎ᠠ ᠶᠢ | ᠬᠠᠷᠢᠭᠤᠴᠠᠨ ᠲᠤᠬᠳᠠᠭᠠᠵᠦ᠂ ᠬᠦᠮᠦᠨ ᠤ ᠭᠦᠴᠦᠨ ᠤ ᠡᠬᠢ ᠪᠠᠶᠠᠯᠢᠭ ᠤᠨ ᠵᠦᠢ ᠵᠤᠬᠢᠰᠳᠠᠢ ᠪᠠᠷ ᠰᠢᠯᠵᠢᠬᠦ᠂ | ᠪᠦᠳᠦᠮᠵᠢᠳᠠᠢ ᠪᠠᠷ ᠲᠤᠬᠢᠷᠠᠭᠤᠯᠬᠤ ᠶᠢ ᠠᠬᠢᠭᠤᠯᠤᠨ᠎ᠠ᠃ | ︵ᠭᠤᠷᠪᠠ︶ ᠪᠦᠬᠦ ᠬᠤᠰᠢᠭᠤᠨ ᠤ ᠠᠵᠢᠯ ᠤᠯᠭᠤᠯᠳᠠ ᠶᠢ ᠠᠬᠢᠭᠤᠯᠬᠤ ᠠᠵᠢᠯ ᠢ ᠬᠠᠷᠢᠭᠤᠴᠠᠨ᠎ᠠ᠃ ᠬᠤᠳᠠ | ᠬᠦᠳᠡᠭᠡ ᠶᠢ ᠨᠢᠭᠡᠳᠤᠯᠳᠠᠢ ᠲᠦᠯᠦᠪᠯᠡᠬᠦ ᠪᠦᠬᠦ ᠬᠤᠰᠢᠭᠤᠨ ᠤ ᠠᠵᠢᠯ ᠤᠯᠭᠤᠯᠳᠠ ᠶᠢᠨ ᠬᠦᠭᠵᠢᠯᠳᠠ ᠶᠢᠨ | ᠲᠦᠯᠤᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠲᠤᠬᠳᠠᠭᠠᠵᠦ᠂ ᠤᠯᠠᠨ ᠨᠠᠶᠢᠳᠠ ᠶᠢᠨ ᠠᠵᠢᠯ ᠤᠯᠭᠤᠬᠤ ᠦᠢᠯᠡᠰ | ᠪᠤᠰᠬᠠᠬᠤ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠤᠳᠠ ᠬᠦᠳᠡᠭᠡ ᠶᠢᠨ ᠬᠦᠳᠡᠯᠮᠤᠷᠢᠯᠡᠭᠴᠢᠳ ᠲᠤ | ᠬᠠᠨᠳᠤᠭᠤᠯᠤᠭᠰᠠᠨ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠪᠤᠯᠪᠠᠰᠤᠷᠠᠭᠤᠯᠤᠯ ᠤᠨ ᠲᠦᠷᠢᠮ ᠢ | ᠨᠢᠭᠡᠳᠤᠯᠳᠠᠢ ᠲᠦᠯᠤᠪᠯᠠᠨ ᠪᠠᠶᠢᠭᠤᠯᠵᠦ᠂ ᠨᠠᠰᠤᠨ ᠲᠤᠷᠰᠢᠳᠠ ᠵᠢᠨᠠᠵᠢᠯ ᠮᠡᠷᠭᠡᠵᠢᠯ ᠤᠨ ᠪᠤᠯᠪᠠᠰᠤᠷᠠᠭᠤᠯᠤᠯ ᠤᠨ | ᠰᠠᠨᠠᠯ ᠢ ᠨᠠᠶᠢᠳᠠᠪᠤᠷᠢᠵᠢᠭᠤᠯᠬᠤ᠂ ᠠᠵᠢᠯ ᠤᠯᠭᠤᠯᠳᠠ ᠶᠢ ᠲᠤᠰᠠᠯᠠᠬᠤ ᠲᠦᠷᠢᠮ ᠢ ᠵᠤᠬᠢᠶᠠᠨ ᠪᠠᠶᠢᠭᠤᠯᠤᠨ | ᠨᠠᠶᠢᠳᠠᠪᠤᠷᠢᠵᠢᠭᠤᠯᠤᠨ᠎ᠠ᠃ ᠲᠡᠭᠡᠲᠦ ᠰᠤᠷᠭᠠᠭᠤᠯᠢ ᠲᠡᠭᠦᠰᠦᠭᠰᠡᠳ ᠲᠤ ᠠᠵᠢᠯ ᠤᠯᠭᠤᠬᠤ ᠲᠦᠷᠦ ᠶᠢᠨ ᠪᠤᠳᠤᠯᠭ᠎ᠠ ᠶᠢ | ᠲᠦᠷᠦᠭᠦᠯᠡᠨ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠤᠭᠳᠠᠯ ᠪᠦᠬᠦᠢ ᠰᠠᠯᠠᠭ᠎ᠠ ᠮᠦᠴᠡᠷ ᠲᠠᠢ ᠬᠠᠮᠳᠤᠷᠠᠨ | ᠲᠡᠭᠡᠳᠦ ᠮᠡᠷᠭᠡᠵᠢᠯ ᠤᠨ ᠴᠢᠳᠠᠪᠤᠷᠢᠳᠠᠨ᠂ ᠲᠠᠷᠢᠶᠠᠯᠠᠬᠤ ᠮᠠᠯᠵᠢᠬᠤ ᠤᠷᠤᠨ ᠤ ᠬᠡᠷᠡᠭᠯᠡᠭᠡᠨ ᠤ ᠴᠢᠳᠠᠪᠤᠷᠢᠳᠠᠨ ᠢ | ᠬᠦᠮᠤᠵᠢᠭᠦᠯᠬᠦ ᠪᠠ ᠤᠷᠮᠠᠰᠢᠭᠤᠯᠬᠤ ᠲᠦᠷᠦ ᠶᠢᠨ ᠪᠤᠳᠤᠯᠭ᠎ᠠ ᠶᠢ ᠵᠤᠬᠢᠶᠠᠨ ᠪᠠᠶᠢᠭᠤᠯᠤᠨ ᠲᠤᠭᠤᠷᠪᠢᠨ ᠲᠤᠭᠳᠠᠭᠠᠨ᠎ᠠ᠃ | | ︵ᠲᠦᠷᠪᠠ︶ ᠪᠦᠬᠦ ᠬᠤᠰᠢᠭᠤᠨ ᠤ ᠬᠤᠳᠠ ᠬᠦᠳᠡᠭᠡ ᠶᠢ ᠬᠠᠮᠤᠷᠠᠬᠰᠠᠨ ᠤᠯᠠᠨ ᠲᠡᠰ ᠲᠠᠪᠬᠤᠷᠭ᠎ᠠ ᠶᠢᠨ | ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮᠵᠢ ᠶᠢ ᠨᠢᠭᠡᠳᠤᠯᠳᠠᠢ ᠲᠦᠯᠦᠪᠵᠢᠭᠦᠯᠤᠨ ᠠᠬᠢᠭᠤᠯᠤᠨ᠎ᠠ᠃ ᠨᠠᠰᠤᠵᠢᠯ ᠤᠨ | ᠠᠰᠠᠷᠠᠮᠵᠢ᠂ ᠠᠵᠢᠯ ᠠᠯᠳᠠᠯᠳᠠ᠂ ᠠᠵᠢᠯ ᠠᠴᠠ ᠪᠤᠯᠤᠭᠰᠠᠨ ᠬᠡᠮᠳᠤᠯ ᠵᠡᠷᠭᠡ ᠨᠡᠶᠢᠭᠡᠮ ᠤᠨ ᠲᠠᠭᠠᠳᠬᠠᠯ ᠵᠢᠴᠢ | ᠨᠦᠬᠦᠪᠦᠷᠢ ᠲᠠᠭᠠᠳᠬᠠᠯ ᠤᠨ ᠲᠦᠷᠦ ᠶᠢᠨ ᠪᠤᠳᠤᠯᠭ᠎ᠠ ᠪᠠ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠤᠨ᠎ᠠ᠃ ᠪᠦᠬᠦ | ᠬᠤᠰᠢᠭᠤᠨ ᠤ ᠨᠠᠰᠤᠵᠢᠯ ᠤᠨ ᠲᠠᠭᠠᠳᠬᠠᠯ ᠤᠨ ᠦᠨᠳᠤᠰᠤᠨ ᠲᠦᠷᠦ ᠶᠢᠨ ᠪᠤᠳᠤᠯᠭ᠎ᠠ ᠪᠤᠯᠤᠨ ᠦᠨᠳᠤᠰᠤᠨ | ᠪᠠᠷᠢᠮᠵᠢᠶ᠎ᠠ ᠶᠢ ᠵᠤᠬᠢᠶᠠᠨ ᠪᠠᠶᠢᠭᠤᠯᠤᠨ ᠬᠡᠷᠡᠭᠵᠢᠬᠦᠯᠬᠦ ᠶᠢ ᠬᠠᠷᠢᠭᠤᠴᠠᠬᠤ ᠶᠢᠨ ᠬᠠᠮᠲᠦ ᠬᠢᠨᠠᠯᠳᠠ ᠲᠠᠯᠪᠢᠵᠦ | ᠪᠠᠶᠢᠴᠠᠭᠠᠬᠤ ᠶᠢ ᠬᠠᠷᠢᠭᠤᠴᠠᠵᠦ᠂ ᠬᠤᠯᠪᠤᠭᠳᠠᠯ ᠪᠦᠬᠦᠢ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠬᠦ ᠶᠢᠨ | ᠲᠦᠰᠦᠪ ᠪᠠ ᠲᠦᠰᠦᠪ ᠤᠨ ᠬᠦᠢᠴᠡᠳᠬᠡᠯ ᠤᠨ ᠲᠦᠰᠦᠯ ᠢ ᠨᠠᠶᠢᠷᠠᠭᠤᠯᠤᠨ ᠵᠤᠬᠢᠶᠠᠵᠦ᠂ ᠬᠤᠯᠪᠤᠭᠳᠠᠯ ᠪᠦᠬᠦᠢ | ᠰᠠᠯᠠᠭ᠎ᠠ ᠮᠦᠴᠡᠷ ᠲᠠᠢ ᠬᠠᠮᠳᠤᠷᠠᠨ ᠪᠦᠬᠦ ᠠᠷᠠᠳ ᠢᠶᠠᠷ ᠢᠶᠠᠨ ᠲᠠᠭᠠᠳᠬᠠᠯ ᠳᠤ ᠤᠷᠤᠯᠴᠠᠬᠤ ᠲᠦᠯᠤᠪᠯᠡᠭᠡ ᠶᠢ | ᠬᠡᠷᠡᠭᠵᠢᠭᠦᠯᠬᠦ ᠶᠢᠨ ᠬᠠᠮᠲᠦ ᠨᠡᠶᠢᠭᠡᠮ ᠤᠨ ᠲᠠᠭᠠᠳᠬᠠᠯ ᠤᠨ ᠤᠯᠠᠨ ᠨᠡᠶᠢᠳᠠ ᠶᠢᠨ ᠦᠢᠯᠡᠴᠢᠯᠡᠭᠡᠨ ᠤ ᠲᠡᠪᠴᠡᠩ ᠤᠨ | ᠬᠡᠪ ᠤᠨ ᠠᠵᠢᠯᠯᠠᠭᠠᠨ ᠢ ᠪᠠᠳᠤᠯᠠᠨ᠎ᠠ᠃ | ︵ᠲᠠᠪᠤ︶ ᠪᠦᠬᠦ ᠬᠤᠰᠢᠭᠤᠨ ᠤ ᠠᠵᠢᠯ ᠤᠯᠭᠤᠯᠳᠠ᠂ ᠠᠵᠢᠯ ᠠᠯᠳᠠᠯᠳᠠ ᠪᠠ ᠬᠠᠮᠢᠶ᠎ᠠ ᠪᠦᠬᠦᠢ ᠨᠡᠶᠢᠭᠡᠮ ᠤᠨ | ᠲᠠᠭᠠᠳᠬᠠᠯ ᠤᠨ ᠰᠠᠭᠤᠷᠢ ᠮᠦᠩᠬᠦ ᠶᠢᠨ ᠤᠷᠢᠳᠴᠢᠯᠠᠨ ᠲᠦᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ | ᠵᠠᠩᠭᠢ ᠪᠠᠷ ᠬᠦᠳᠦᠯᠤᠨ ᠵᠢᠯᠤᠭᠤᠳᠬᠤ ᠶᠢ ᠬᠠᠷᠢᠭᠤᠴᠠᠨ᠎ᠠ ᠃ ᠠᠷᠭᠠᠴᠠᠬᠤ ᠲᠦᠰᠦᠯ ᠲᠤᠬᠳᠠᠭᠠᠵᠦ᠂ ᠤᠷᠢᠳᠴᠢᠯᠠᠨ | ᠰᠡᠷᠭᠡᠶᠢᠯᠡᠬᠦ᠂ ᠲᠤᠬᠢᠷᠠᠭᠤᠯᠬᠤ ᠪᠠ ᠬᠢᠵᠠᠭᠠᠷᠯᠠᠬᠤ ᠶᠢ ᠬᠡᠷᠡᠭᠵᠢᠭᠦᠯᠵᠦ᠂ ᠪᠦᠬᠦ ᠬᠤᠰᠢᠭᠤᠨ ᠤ ᠠᠵᠢᠯ ᠤᠯᠭᠤᠯᠳᠠ ᠶᠢᠨ | ᠪᠠᠶᠢᠳᠠᠯ ᠲᠤᠬᠳᠠᠭᠤᠨ ᠪᠠᠶᠢᠬᠤ ᠪᠠ ᠨᠡᠶᠢᠭᠡᠮ ᠤᠨ ᠲᠤᠭᠠᠳᠬᠠᠯ ᠤᠨ ᠰᠠᠭᠤᠷᠢ ᠮᠦᠩᠬᠦ ᠶᠢᠨ ᠶᠡᠷᠤᠩᠬᠡᠢ ᠠᠮᠤᠷ | ᠲᠦᠪᠰᠢᠨ ᠢ ᠪᠠᠳᠤᠯᠠᠨ᠎ᠠ᠃ | ︵ᠵᠢᠷᠭᠤᠭ᠎ᠠ︶ ᠪᠦᠬᠦ ᠬᠤᠰᠢᠭᠤᠨ ᠤ ᠬᠦᠳᠡᠯᠮᠤᠷᠢ ᠠᠵᠢᠯᠳᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠵᠦ | ᠬᠦᠨᠳᠡᠯᠡᠨ ᠠᠴᠠ ᠲᠠᠰᠤᠯᠬᠤ ᠲᠦᠷᠢᠮ ᠪᠠ ᠬᠦᠳᠡᠯᠮᠤᠷᠢ ᠶᠢᠨ ᠬᠠᠷᠢᠴᠠᠭ᠎ᠠ ᠶᠢᠨ ᠲᠦᠷᠦ ᠶᠢᠨ ᠪᠤᠳᠤᠯᠭ᠎ᠠ ᠶᠢ | ᠬᠠᠷᠢᠭᠤᠴᠠᠨ ᠵᠤᠬᠢᠶᠠᠨ ᠪᠠᠶᠢᠭᠤᠯᠵᠦ ᠬᠡᠷᠡᠭᠵᠢᠭᠦᠯᠦᠨ᠎ᠡ᠃ ᠬᠦᠳᠡᠯᠮᠤᠷᠢ ᠶᠢᠨ ᠬᠠᠷᠢᠴᠠᠭ᠎ᠠ ᠶᠢ ᠵᠦᠪᠳᠡᠯᠴᠡᠨ | ᠵᠤᠬᠢᠴᠠᠭᠤᠯᠬᠤ ᠲᠤᠬᠳᠠᠴᠠ ᠶᠢ ᠲᠡᠭᠦᠯᠳᠡᠷᠵᠢᠭᠦᠯᠵᠦ᠂ ᠠᠵᠢᠯᠳᠠᠨ ᠠᠵᠢᠯᠴᠢᠨ ᠤ ᠠᠵᠢᠯᠯᠠᠬᠤ ᠴᠠᠭ᠂ ᠠᠮᠠᠷᠠᠯᠳᠠ ᠪᠠ | ᠠᠮᠠᠷᠠᠯᠳᠠ ᠶᠢᠨ ᠴᠢᠯᠦᠭᠡ ᠶᠢᠨ ᠲᠦᠷᠢᠮ ᠢ ᠬᠢᠨᠠᠯᠳᠠ ᠲᠠᠯᠪᠢᠨ ᠬᠡᠷᠡᠭᠵᠢᠭᠦᠯᠵᠦ᠂ ᠬᠡᠦᠬᠡᠳ ᠠᠵᠢᠯᠴᠢᠨ ᠢ ᠬᠠᠤᠯᠢ | ᠪᠤᠰᠤ ᠪᠠᠷ ᠬᠡᠷᠡᠭᠯᠡᠬᠦ ᠲᠦᠷᠦ ᠶᠢᠨ ᠪᠤᠳᠤᠯᠭ᠎ᠠ ᠪᠤᠯᠤᠨ ᠡᠮᠡᠭᠳᠡᠢ ᠠᠵᠢᠯᠴᠢᠨ᠂ ᠨᠠᠰᠤᠨ ᠳᠤ ᠬᠦᠷᠦᠭᠡᠳᠦᠢ | ᠠᠵᠢᠯᠴᠢᠨ ᠤ ᠤᠨᠴᠤᠭᠤᠢ ᠬᠦᠳᠡᠯᠮᠤᠷᠢ ᠶᠢᠨ ᠬᠠᠮᠠᠭᠠᠯᠠᠯᠳᠠ ᠶᠢᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ | ᠬᠡᠷᠡᠭᠵᠢᠭᠦᠯᠦᠨ᠎ᠡ᠃ ᠬᠦᠳᠡᠯᠮᠤᠷᠢ ᠶᠢᠨ ᠪᠠᠳᠤᠯᠠᠭ᠎ᠠ ᠶᠢᠨ ᠬᠢᠨᠠᠨ ᠪᠠᠶᠢᠴᠠᠭᠠᠯᠳᠠ ᠶᠢ ᠵᠤᠬᠢᠶᠠᠨ ᠪᠠᠶᠢᠭᠤᠯᠤᠨ | ᠬᠡᠷᠡᠭᠵᠢᠭᠦᠯᠵᠦ᠂ ᠬᠦᠳᠡᠯᠮᠦᠷᠢᠴᠢᠳ ᠤᠨ ᠡᠷᠬᠡ ᠪᠠᠨ ᠬᠠᠮᠠᠭᠠᠯᠠᠬᠤ ᠠᠵᠢᠯ ᠢ ᠵᠤᠬᠢᠴᠠᠭᠤᠯᠵᠦ᠂ ᠬᠦᠨᠳᠦ ᠶᠡᠭᠡ ᠬᠡᠷᠡᠭ ᠢ | ᠬᠠᠤᠯᠢ ᠶᠤᠰᠤᠭᠠᠷ ᠪᠠᠶᠢᠴᠠᠭᠠᠨ ᠰᠢᠢᠳᠪᠤᠷᠢᠯᠠᠨ᠎ᠠ᠃ | ︵ ᠲᠤᠯᠤᠭ᠎ᠠ︶ ᠲᠤᠰᠬᠠᠢ ᠮᠡᠷᠭᠡᠵᠢᠯ ᠤᠨ ᠴᠤᠯᠠ ᠶᠢᠨ ᠲᠦᠷᠢᠮ ᠤᠨ ᠦᠭᠡᠷᠡᠴᠢᠯᠠᠯᠳᠠ ᠶᠢ ᠭᠦᠨᠵᠡᠭᠡᠶᠢᠷᠡᠭᠦᠯᠬᠦ ᠶᠢ | ᠲᠦᠷᠦᠭᠦᠯᠡᠨ ᠠᠬᠢᠭᠤᠯᠵᠦ᠂ ᠲᠤᠰᠬᠠᠢ ᠮᠡᠷᠭᠡᠵᠢᠯ ᠤᠨ ᠠᠵᠢᠯᠳᠠᠨ ᠢ ᠬᠠᠮᠢᠶᠠᠷᠬᠤ᠂ ᠦᠷᠭᠦᠯᠵᠢᠯᠡᠨ ᠰᠤᠷᠭᠠᠨ | ᠬᠦᠮᠦᠵᠢᠭᠦᠯᠬᠦ ᠵᠡᠷᠭᠡ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠲᠡᠭᠡᠳᠦ ᠲᠡᠰ ᠲᠡᠪᠬᠤᠷᠭ᠎ᠠ ᠶᠢᠨ | ᠲᠤᠰᠬᠠᠢ ᠮᠡᠷᠭᠡᠵᠢᠯ ᠤᠨ ᠴᠢᠳᠠᠪᠤᠷᠢᠳᠠᠨ ᠢ ᠰᠢᠯᠢᠨ ᠰᠤᠩᠭᠤᠬᠤ ᠪᠠ ᠬᠦᠮᠦᠵᠢᠭᠦᠯᠬᠦ ᠠᠵᠢᠯ ᠢ ᠬᠠᠷᠢᠭᠤᠴᠠᠵᠦ᠂ | ᠤᠯᠤᠰ ᠠᠴᠠ ︵ ᠬᠢᠯᠢ︶ ᠭᠠᠳᠠᠨᠠᠬᠢ ᠲᠤᠰᠬᠠᠢ ᠮᠡᠷᠭᠡᠵᠢᠯᠲᠠᠨ᠂ ᠭᠠᠳᠠᠭᠠᠳᠦ ᠳᠤ ᠰᠤᠷᠤᠯᠴᠠᠭᠰᠠᠳ ᠢ ᠲᠠᠳᠠᠵᠦ | ᠬᠤᠰᠢᠭᠤᠨ ᠳᠤ ᠢᠷᠡᠭᠦᠯᠬᠦ ᠪᠤᠶᠤ ᠰᠠᠭᠤᠷᠢᠰᠢᠭᠤᠯᠬᠤ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ᠂ ᠤᠯᠤᠰ ︵ᠬᠢᠯᠢ︶ ᠤᠨ ᠭᠠᠳᠠᠨᠠᠬᠢ ᠬᠦᠮᠤᠰ ᠤᠨ ᠬᠤᠰᠢᠭᠤᠨ ᠳᠤ ᠢᠷᠡᠵᠦ ᠠᠵᠢᠯ ᠤᠯᠬᠤ | ᠬᠠᠮᠢᠶᠠᠷᠤᠯᠳᠠ ᠶᠢᠨ ᠦᠢᠯᠡᠴᠢᠯᠡᠭᠡ ᠶᠢ ᠬᠠᠷᠢᠭᠤᠴᠠᠨ᠎ᠠ᠃ ᠪᠦᠬᠦ ᠬᠤᠰᠢᠭᠤᠨ ᠤ ᠭᠠᠳᠠᠭᠠᠳᠦ ᠶᠢᠨ ᠤᠶᠤᠨ ᠤ | ᠬᠦᠴᠦ ᠶᠢ ᠲᠠᠳᠠᠨ ᠤᠷᠤᠭᠤᠯᠬᠤ ᠠᠵᠢᠯ ᠢ ᠬᠠᠷᠢᠭᠤᠴᠠᠨ᠎ᠠ᠃ ᠬᠠᠮᠢᠶᠠᠷᠤᠯᠳᠠ ᠵᠢᠨᠡᠷᠬᠡ ᠮᠡᠳᠡᠯ ᠤᠨ ᠶᠤᠰᠤᠭᠠᠷ | ᠪᠦᠬᠦ ᠬᠤᠰᠢᠭᠤᠨ ᠤ ᠠᠵᠦ ᠠᠬᠤᠶᠢᠯᠠᠯ ᠂ ᠠᠵᠢᠯ ᠦᠢᠯᠡᠰ ᠤᠨ ᠨᠢᠭᠡᠴᠠ ᠶᠢᠨ ᠠᠵᠢᠯᠳᠠᠨ ᠤ ᠠᠯᠪᠠᠨ ᠶᠠᠪᠤᠳᠠᠯ ᠢᠶᠠᠷ | ᠭᠠᠳᠠᠭᠠᠳᠦ ︵ᠬᠢᠯᠢ︶ ᠳᠤ ᠭᠠᠷᠬᠤ ᠶᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠤᠷ᠎ᠠ ᠴᠢᠳᠠᠪᠤᠷᠢ ᠶᠢᠨ | ᠴᠢᠳᠠᠪᠤᠷᠢᠳᠠᠨ ᠢ ᠬᠦᠮᠦᠵᠢᠭᠦᠯᠬᠦ᠂ ᠦᠨᠡᠯᠡᠬᠦ᠂ ᠬᠡᠷᠡᠭᠯᠡᠬᠦ ᠪᠠ ᠤᠷᠮᠠᠰᠢᠭᠤᠯᠬᠤ ᠲᠦᠷᠢᠮ ᠢ ᠵᠤᠬᠢᠶᠠᠨ ᠪᠠᠶᠢᠭᠤᠯᠤᠨ | ᠲᠤᠭᠤᠷᠪᠢᠨ ᠲᠤᠬᠳᠠᠭᠠᠨ᠎ᠠ᠃ ᠠᠵᠢᠯ ᠮᠡᠷᠭᠡᠵᠢᠯ ᠤᠨ ᠬᠢᠷᠢ ᠬᠡᠮ ᠤᠨ ᠲᠦᠷᠢᠮ ᠢ ᠲᠡᠭᠦᠯᠳᠡᠷᠵᠢᠭᠦᠯᠵᠦ᠂ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢ ᠤᠯᠠᠨ ᠡᠰᠢᠵᠢᠭᠦᠯᠦᠨ ᠦᠨᠡᠯᠡᠬᠦ ᠲᠦᠷᠦ ᠶᠢᠨ ᠪᠤᠳᠤᠯᠭ᠎ᠠ ᠶᠢ | ᠲᠡᠭᠦᠯᠳᠡᠷᠵᠢᠭᠦᠯᠦᠨ᠎ᠡ᠃ | ︵ᠨᠠᠢᠮᠠ︶ ᠬᠤᠯᠪᠤᠭᠳᠠᠯ ᠪᠦᠬᠦᠢ ᠰᠠᠯᠠᠭ᠎ᠠ ᠮᠦᠴᠡᠷ ᠲᠠᠢ ᠬᠠᠮᠳᠤᠷᠠᠨ ᠪᠦᠬᠦ ᠬᠤᠰᠢᠭᠤᠨ ᠤ ᠠᠵᠢᠯ ᠦᠢᠯᠡᠰ ᠤᠨ | ᠨᠢᠭᠡᠴᠠ ᠶᠢᠨ ᠠᠵᠢᠯᠳᠠᠨ ᠤ ᠶᠠᠪᠤᠳᠠᠯ ᠤᠨ ᠲᠦᠷᠢᠮ ᠤᠨ ᠦᠭᠡᠷᠡᠴᠢᠯᠠᠯᠳᠠ ᠶᠢ ᠵᠢᠯᠤᠭᠤᠳᠴᠦ᠂ ᠬᠠᠮᠢᠶᠠᠷᠤᠯᠳᠠ ᠶᠢᠨ | ᠡᠷᠬᠡ ᠮᠠᠳᠠᠯ ᠤᠨ ᠶᠤᠰᠤᠭᠠᠷ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠲᠤᠬᠢᠷᠠᠭᠤᠯᠬᠤ᠂ ᠢᠯᠠ ᠪᠠᠷ | ᠤᠷᠢᠨ ᠬᠡᠷᠡᠭᠯᠡᠬᠦ᠂ ᠤᠷᠢᠨ ᠬᠡᠷᠡᠭᠯᠡᠬᠦ ᠭᠡᠷ᠎ᠡ ᠵᠡᠷᠭᠡ ᠠᠵᠢᠯᠳᠠᠨ ᠤ ᠶᠠᠪᠤᠳᠠᠯ ᠤᠨ ᠶᠡᠷᠤᠩᠬᠡᠶᠢᠯᠡᠭᠰᠡᠨ ᠬᠠᠮᠢᠶᠠᠷᠤᠯᠳᠠ ᠶᠢᠨ | ᠠᠵᠢᠯ ᠢ ᠲᠦᠷᠢᠮᠵᠢᠭᠦᠯᠵᠦ᠂ ᠪᠦᠬᠦ ᠬᠤᠰᠢᠭᠤᠨ ᠤ ᠠᠵᠢᠯ ᠦᠢᠯᠡᠰ ᠤᠨ ᠨᠢᠭᠡᠴᠠ ᠶᠢᠨ ᠠᠵᠢᠯᠳᠠᠨ ᠪᠠ | ᠪᠠᠶᠢᠭᠤᠯᠤᠯᠭ᠎ᠠ ᠶᠢᠨ ᠦᠢᠯᠡᠴᠢᠯᠡᠭᠡᠨ ᠤ ᠠᠵᠢᠯᠳᠠᠨ ᠤ ᠬᠠᠮᠢᠶᠠᠷᠤᠯᠳᠠ ᠶᠢᠨ ᠲᠦᠷᠦ ᠶᠢᠨ ᠪᠤᠳᠤᠯᠭ᠎ᠠ ᠶᠢ ᠵᠤᠬᠢᠶᠠᠨ | ᠪᠠᠶᠢᠭᠤᠯᠤᠨ ᠲᠤᠬᠳᠠᠭᠠᠨ᠎ᠠ᠃ | ︵ᠶᠢᠰᠦ︶ ᠪᠦᠬᠦ ᠬᠤᠰᠢᠭᠤᠨ ᠤ ᠠᠵᠢᠯ ᠦᠢᠯᠡᠰ ᠤᠨ ᠨᠢᠭᠡᠴᠠ ᠶᠢᠨ ᠠᠵᠢᠯᠳᠠᠨ ᠪᠤᠯᠤᠨ ᠠᠯᠪᠠᠨ | ᠪᠠᠶᠢᠭᠤᠯᠤᠯᠭ᠎ᠠ ᠶᠢᠨ ᠦᠢᠯᠡᠴᠢᠯᠡᠭᠡᠨ ᠤ ᠠᠵᠢᠯᠳᠠᠨ ᠤ ᠴᠠᠯᠢᠩ ᠤᠨ ᠤᠷᠤᠯᠭ᠎ᠠ ᠶᠢᠨ ᠬᠤᠪᠢᠶᠠᠷᠢᠯᠠᠯᠳᠠ ᠶᠢᠨ | ᠲᠦᠷᠦ ᠶᠢᠨ ᠪᠤᠳᠤᠯᠭ᠎ᠠ ᠶᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠦ ᠠᠬᠤᠶᠢᠯᠠᠯ ᠠᠵᠢᠯ ᠦᠢᠯᠡᠰ ᠤᠨ | ᠨᠢᠭᠡᠴᠡ ᠶᠢᠨ ᠠᠵᠢᠯᠳᠠᠨ ᠪᠤᠯᠤᠨ ᠪᠠᠶᠢᠭᠤᠯᠤᠯᠭ᠎ᠠ ᠶᠢᠨ ᠦᠢᠯᠡᠴᠢᠯᠡᠭᠡᠨ ᠤ ᠠᠵᠢᠯᠳᠠᠨ ᠤ ᠴᠠᠯᠢᠩ ᠤᠨ ᠲᠤᠬᠳᠠᠭᠠᠯ᠂ | ᠬᠡᠪ ᠤᠨ ᠨᠡᠮᠡᠭᠳᠡᠯ ᠪᠤᠯᠤᠨ ᠤᠯᠭᠤᠬᠤ ᠪᠠᠳᠤᠯᠠᠭ᠎ᠠ ᠶᠢᠨ ᠲᠤᠬᠳᠠᠴᠠ ᠶᠢ ᠪᠠᠶᠢᠭᠤᠯᠬᠤ ᠶᠢ ᠲᠦᠷᠦᠭᠦᠯᠡᠨ ᠵᠤᠬᠢᠶᠠᠨ | ᠪᠠᠶᠢᠭᠤᠯᠤᠨ᠎ᠠ᠃ ᠤᠯᠤᠰ᠂ ᠦᠪᠡᠷᠳᠡᠭᠡᠨ ᠵᠠᠰᠠᠬᠤ ᠤᠷᠤᠨ᠂ ᠠᠶᠢᠮᠠᠭ ᠤᠨ ᠠᠵᠦ ᠠᠬᠤᠶᠢᠯᠠᠯ ᠠᠵᠢᠯ ᠦᠢᠯᠡᠰ ᠤᠨ | ᠨᠢᠭᠡᠴᠡ ᠶᠢᠨ ᠠᠵᠢᠯᠳᠠᠨ ᠪᠤᠯᠤᠨ ᠪᠠᠶᠢᠭᠤᠯᠤᠯᠭ᠎ᠠ ᠶᠢᠨ ᠦᠢᠯᠡᠴᠢᠯᠡᠭᠡᠨ ᠤ ᠠᠵᠢᠯᠳᠠᠨ ᠤ ᠠᠰᠠᠷᠡᠮᠵᠢ ᠪᠤᠯᠤᠨ | ᠠᠵᠢᠯ ᠠᠴᠠ ᠪᠠᠨ ᠠᠮᠠᠷᠠᠬᠤ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ | ︵ᠠᠷᠪᠠ︶ ᠪᠦᠬᠦ ᠬᠤᠰᠢᠭᠤᠨ ᠤ ᠮᠠᠯᠴᠢᠨ ᠲᠠᠷᠢᠶᠠᠴᠢᠨ ᠬᠦᠴᠦ ᠶᠠᠪᠤᠬᠰᠠᠳ ᠤᠨ ᠠᠵᠢᠯ ᠤᠨᠶᠡᠷᠤᠩᠬᠡᠶᠢᠯᠡᠭᠰᠡᠨ | ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ ᠲᠤᠬᠳᠠᠭᠠᠵᠦ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ | ᠨᠠᠶᠢᠳᠠᠪᠤᠷᠢᠵᠢᠭᠤᠯᠤᠯᠳᠠ ᠶᠢ ᠲᠦᠷᠦᠭᠦᠯᠡᠨ ᠵᠤᠬᠢᠶᠠᠨ ᠪᠠᠶᠢᠭᠤᠯᠤᠨ ᠠᠬᠢᠭᠤᠯᠵᠦ᠂ ᠭᠤᠤᠯᠳᠠᠯᠭ᠎ᠠ ᠲᠠᠢ ᠪᠠ ᠬᠦᠴᠢᠷ | ᠠᠰᠠᠭᠤᠳᠠᠯ ᠢ ᠵᠤᠬᠢᠴᠠᠭᠤᠯᠤᠨ ᠰᠢᠢᠳᠪᠤᠷᠢᠯᠠᠵᠦ᠂ ᠲᠠᠷᠢᠶᠠᠴᠢᠨ ᠮᠠᠯᠴᠢᠨ ᠬᠦᠴᠦ ᠶᠠᠪᠤᠭᠰᠠᠳ ᠲᠤ ᠬᠠᠤᠯᠢ | ᠶᠤᠰᠤᠨ ᠤ ᠡᠷᠬᠡ ᠠᠰᠢᠭ ᠢ ᠬᠠᠮᠠᠭᠠᠯᠠᠬᠤ ᠬᠡᠷᠡᠭᠳᠡᠢ᠃ | ︵ᠠᠷᠪᠠᠨ ᠨᠢᠭᠡ︶ ᠡᠷᠬᠡ ᠤᠯᠭᠤᠯᠳᠠ ᠶᠢ ᠦᠨᠳᠦᠰᠦᠯᠠᠨ ᠵᠠᠰᠠᠭ ᠵᠠᠬᠢᠷᠭᠠᠨ ᠤ ᠵᠦᠪᠰᠢᠶᠡᠷᠡᠯ ᠤᠨ | ᠦᠢᠯᠡᠴᠢᠯᠡᠭᠡᠨ ᠤ ᠵᠦᠢᠯᠡᠰ ᠢ ᠬᠢᠨᠠᠨ ᠵᠦᠪᠰᠢᠶᠡᠷᠡᠬᠦ ᠪᠠ ᠵᠠᠰᠠᠭ ᠵᠠᠬᠢᠷᠭᠠᠨ ᠤ ᠵᠦᠪᠰᠢᠶᠡᠷᠡᠯ ᠤᠨ ᠪᠤᠰᠤ | ᠦᠢᠯᠡᠴᠢᠯᠡᠭᠡᠨ ᠤ ᠵᠦᠢᠯᠡᠰ ᠢ ᠬᠦᠢᠴᠡᠳᠬᠡᠬᠦ ᠶᠢ ᠬᠠᠷᠢᠭᠤᠴᠠᠨ᠎ᠠ᠂ ᠵᠠᠰᠠᠭ ᠵᠠᠬᠢᠷᠭᠠᠨ ᠤ ᠵᠦᠪᠰᠢᠶᠡᠷᠡᠯ᠂ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠤᠨ ᠠᠵᠢᠯ ᠤᠨ ᠲᠦᠷᠢᠮ ᠢ ᠲᠤᠬᠳᠠᠭᠠᠨ᠎ᠠ᠂ ᠠᠷᠠᠳ ᠠᠴᠠ | ᠡᠷᠬᠢᠯᠡᠭᠰᠡᠨ ᠠᠵᠢᠯ ᠮᠡᠷᠭᠡᠵᠢᠯ ᠤᠨ ᠪᠤᠯᠪᠠᠰᠤᠷᠠᠭᠤᠯᠤᠯ ᠤᠨ ᠰᠤᠷᠭᠠᠭᠤᠯᠢ ᠪᠠᠶᠢᠭᠤᠯᠬᠤ᠂ ᠠᠵᠢᠯ ᠮᠡᠷᠭᠡᠵᠢᠯ ᠤᠨ | ᠵᠠᠭᠤᠴᠢ ᠪᠠᠶᠢᠭᠤᠯᠤᠮᠵᠢ ᠪᠠᠶᠢᠭᠤᠯᠬᠤ᠂ ᠴᠢᠳᠠᠪᠤᠷᠢᠳᠠᠨ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠪᠠᠶᠢᠭᠤᠯᠬᠤ | ᠵᠢᠴᠢ ᠲᠡᠭᠦᠨ ᠤ ᠲᠤᠬᠠᠶᠢᠯᠠᠬᠰᠠᠨ ᠠᠵᠢᠯ ᠤᠨ ᠬᠡᠪᠴᠢᠶ᠎ᠠ ᠪᠠᠶᠢᠭᠤᠯᠬᠤ᠂ ᠲᠤᠬᠳᠠᠮᠠᠯ ᠪᠤᠰᠤ ᠴᠠᠭ ᠤᠨ ᠠᠵᠢᠯ ᠤᠨ | ᠲᠦᠷᠢᠮ ᠪᠤᠯᠤᠨ ᠠᠵᠢᠯᠯᠠᠬᠤ ᠴᠠᠭ ᠢ ᠶᠡᠷᠤᠩᠬᠡᠶᠢᠯᠡᠨ ᠪᠤᠳᠤᠬᠤ ᠠᠵᠢᠯ ᠤᠨ ᠲᠦᠷᠢᠮ ᠢ ᠬᠡᠷᠡᠭᠵᠢᠭᠦᠯᠬᠦ ᠶᠢ | ᠬᠠᠷᠢᠭᠤᠴᠠᠨ᠎ᠠ᠂ ᠨᠡᠶᠢᠭᠡᠮ ᠤᠨ ᠳᠠᠭᠠᠳᠬᠠᠯ ᠢ ᠲᠠᠩᠰᠠᠯᠠᠬᠤ᠂ ᠨᠡᠶᠢᠭᠡᠮ ᠤᠨ ᠳᠠᠭᠠᠳᠬᠠᠯ ᠢ ᠬᠤᠪᠢᠷᠠᠭᠤᠯᠬᠤ | ᠲᠠᠩᠰᠠᠯᠠᠯ᠂ ᠨᠡᠶᠢᠭᠡᠮ ᠤᠨ ᠳᠠᠭᠠᠳᠬᠠᠯ ᠢ ᠬᠦᠴᠦᠨ ᠦᠭᠡᠢ ᠪᠤᠯᠭᠠᠬᠤ ᠲᠠᠩᠰᠠᠯᠠᠯ᠂ ᠨᠡᠶᠢᠭᠡᠮ ᠤᠨ ᠳᠠᠭᠠᠳᠬᠠᠯ ᠤᠨ | ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠬᠢᠨᠠᠨ ᠲᠤᠬᠳᠠᠭᠠᠬᠤ᠂ ᠠᠵᠢᠯ ᠠᠴᠠ ᠪᠤᠯᠤᠭᠰᠠᠨ ᠬᠡᠮᠳᠤᠯ ᠢ ᠬᠢᠨᠠᠨ | ᠲᠤᠭᠳᠠᠭᠠᠬᠤ᠂ ᠡᠷᠬᠢᠯᠡᠭᠰᠡᠨ ᠠᠵᠢᠯ ᠤᠨ ᠬᠢᠷᠢ ᠬᠡᠮ ᠤᠨ ᠦᠨᠡᠮᠯᠡᠯ ᠢ ᠬᠢᠨᠠᠨ ᠤᠯᠭᠤᠬᠤ᠂ ᠠᠵᠢᠯ ᠠᠴᠠ ᠪᠤᠯᠤᠬᠰᠠᠨ | ᠬᠡᠮᠳᠤᠯ ᠤᠨ ᠳᠠᠭᠠᠳᠬᠠᠯ ᠤᠨ ᠰᠦᠢᠳᠬᠡᠯ ᠨᠤᠷᠮ᠎ᠠ ᠶᠢ ᠲᠤᠬᠳᠠᠭᠠᠬᠤ ᠶᠢ ᠬᠠᠷᠢᠭᠤᠴᠠᠨ᠎ᠠ᠃ | ︵ᠠᠷᠪᠠᠨ ᠬᠤᠶᠠᠷ︶ ᠬᠤᠰᠢᠭᠤ ᠠᠷᠠᠳ ᠤᠨ ᠵᠠᠰᠠᠭ ᠤᠨ ᠤᠷᠳᠤᠨ ᠤ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠠ᠃ | ᠲᠦᠷᠪᠡᠳᠦᠭᠡᠷ ᠵᠦᠢᠯ ᠲᠤᠳᠤᠭᠠᠳᠦ ᠪᠠᠶᠢᠭᠤᠯᠤᠮᠵᠢ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ | ᠪᠠᠳᠤᠯᠠᠭ᠎ᠠ ᠶᠢᠨ ᠲᠤᠪᠴᠢᠶ᠎ᠠ ᠳᠤ ᠲᠤᠤᠷᠠᠬᠢ ᠮᠡᠲᠦ ᠲᠤᠳᠤᠭᠠᠳᠦ ᠪᠠᠶᠢᠭᠤᠯᠤᠮᠵᠢ ᠭᠠᠷᠭᠠᠨ᠎ᠠ | ᠪᠦᠳᠦᠴᠠ᠄ | ︵ᠨᠢᠭᠡ︶ ᠠᠯᠪᠠᠨ ᠭᠡᠷ ︵ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠠᠰᠤᠭ︶᠄ ᠭᠤᠤᠯ ᠡᠭᠦᠷᠭᠡ | ᠬᠠᠷᠢᠭᠤᠴᠠᠯᠭ᠎ᠠ᠄ᠲᠤᠪᠴᠢᠶ᠎ᠠ ᠶᠢᠨ ᠤᠳᠤᠷᠢᠳᠤᠯᠭ᠎ᠠ ᠶᠢ ᠬᠠᠪᠰᠤᠷᠤᠨ ᠵᠠᠰᠠᠭ ᠤᠨ ᠶᠠᠪᠤᠳᠠᠯ᠂ ᠲᠤᠬᠠᠶᠢᠯᠠᠭᠰᠠᠨ | ᠠᠵᠢᠯ ᠤᠨ ᠶᠡᠷᠤᠩᠬᠡᠶᠢᠯᠡᠭᠰᠡᠨ ᠵᠤᠬᠢᠴᠠᠭᠤᠯᠭ᠎ᠠ ᠪᠠ ᠰᠢᠮᠳᠠᠭᠤᠯᠤᠨ ᠪᠠᠶᠢᠴᠠᠭᠠᠯᠳᠠ ᠬᠢᠨ᠎ᠡ ᠂ ᠪᠢᠴᠢᠭ ᠮᠠᠲ᠋ᠧᠷᠢᠶᠠᠯ᠂ | ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠨᠢᠭᠤᠴᠠ ᠶᠠᠪᠤᠳᠠᠯ᠂ ᠳᠠᠩᠰᠨ ᠡᠪᠬᠡᠮᠡᠯ᠂ ᠮᠡᠳᠡᠭᠡ ᠵᠠᠩᠭᠢ᠂ ᠠᠮᠤᠷ | ᠲᠦᠪᠰᠢᠨ ᠤ ᠨᠢᠭᠤᠴᠠ ᠶᠢ ᠬᠠᠮᠠᠭᠠᠯᠠᠬᠤ᠂ ᠲᠤᠤᠷ ᠰᠦᠯᠵᠢᠶ᠎ᠡ ᠶᠢ ᠬᠠᠮᠠᠭᠠᠯᠠᠬᠤ᠂ ᠠᠯᠪᠠᠨ ᠪᠢᠴᠢᠭ ᠢ ᠬᠢᠨᠠᠨ | ᠬᠠᠷᠭᠤᠭᠤᠯᠬᠤ᠂ ᠲᠡᠷᠭᠡ ᠬᠦᠰᠬᠡ᠂ ᠬᠦᠯᠢᠶᠠᠨ ᠠᠪᠬᠤ᠂ ᠠᠷᠦ ᠲᠠᠯ᠎ᠠ ᠶᠢᠨ ᠦᠢᠯᠡᠴᠢᠯᠡᠭᠡᠨ ᠤ ᠪᠠᠳᠤᠯᠠᠭ᠎ᠠ ᠵᠡᠷᠭᠡ | ᠡᠳᠤᠷ ᠲᠤᠳᠤᠮ ᠤᠨ ᠠᠵᠢᠯ ᠢ ᠬᠠᠷᠢᠭᠤᠴᠠᠨ᠎ᠠ᠃ ᠶᠡᠷᠤᠩᠬᠡᠶᠢᠯᠡᠭᠰᠡᠨ ᠪᠠᠶᠢᠴᠠᠭᠠᠨ ᠰᠤᠳᠤᠯᠤᠯᠳᠠ᠂ᠶᠡᠷᠤᠩᠬᠡᠶᠢᠯᠡᠭᠰᠡᠨ | ᠴᠢᠨᠠᠷᠳᠠᠢ ᠦᠰᠦᠭ ᠪᠢᠴᠢᠭ ᠤᠨ ᠮᠠᠲ᠋ᠧᠷᠢᠶᠠᠯ ᠲᠤᠭᠤᠷᠪᠢᠬᠤ᠂ ᠵᠠᠰᠠᠭ ᠤᠨ ᠶᠠᠪᠤᠳᠠᠯ ᠤᠨ ᠤᠬᠠᠭᠤᠯᠭ᠎ᠠ᠂ ᠸᠢᠴᠠᠲ ᠤᠨ | ᠲᠠᠪᠴᠡᠩ᠂ ᠰᠠᠨᠠᠭᠤᠯᠭ᠎ᠠ ᠲᠤᠷᠠᠳᠤᠯᠭ᠎ᠠ ᠶᠢ ᠭᠦᠢᠴᠡᠳᠬᠡᠬᠦ ᠵᠡᠷᠭᠡ ᠠᠵᠢᠯ ᠢ ᠬᠠᠷᠢᠭᠤᠴᠠᠨ᠎ᠠ᠃ ᠲᠤᠪᠴᠢᠶᠠᠨ ᠤ | ᠪᠠᠶᠢᠭᠤᠯᠤᠯᠭ᠎ᠠ ᠪᠤᠯᠤᠨ ᠰᠢᠭᠤᠳ ᠬᠠᠷᠢᠶ᠎ᠠ ᠨᠢᠭᠡᠴᠠ ᠶᠢᠨ ᠪᠠᠶᠢᠭᠤᠯᠤᠮᠵᠢ ᠤᠷᠤᠨ ᠲᠤᠭ᠎ᠠ᠂ ᠠᠵᠢᠯᠳᠠᠨ ᠤ | ᠬᠠᠮᠢᠶᠠᠷᠤᠯᠳᠠ ᠪᠤᠯᠤᠨ ᠬᠦᠮᠦᠵᠢᠯ ᠪᠤᠯᠪᠠᠰᠤᠷᠠᠭᠤᠯᠤᠯ ᠵᠡᠷᠭᠡ ᠠᠵᠢᠯ ᠢ ᠬᠠᠷᠢᠭᠤᠴᠠᠨ᠎ᠠ᠃ | ᠡᠷᠬᠡ ᠤᠯᠭᠤᠯᠳᠠ ᠶᠢ ᠦᠨᠳᠦᠰᠦᠯᠡᠨ᠂ ᠲᠤᠰ ᠲᠤᠪᠴᠢᠶ᠎ᠠ ᠶᠢᠨ ᠬᠤᠯᠪᠤᠭᠳᠠᠯ ᠪᠦᠬᠦᠢ ᠵᠠᠰᠠᠭ ᠵᠠᠬᠢᠷᠭᠠᠨ ᠤ | ᠵᠦᠪᠰᠢᠶᠡᠷᠡᠯ᠂ ᠵᠠᠰᠠᠭ ᠵᠠᠬᠢᠷᠭᠠᠨ ᠤ ᠵᠦᠪᠰᠢᠶᠡᠷᠡᠯ ᠤᠨ ᠪᠤᠰᠤ ᠬᠢᠨᠠᠨ ᠵᠦᠪᠰᠢᠶᠡᠷᠡᠯ᠂ ᠵᠠᠰᠠᠭ ᠵᠠᠬᠢᠷᠭᠠᠨ ᠤ | ᠨᠤᠳᠠᠯᠠᠯᠲ ᠵᠢᠴᠢ ᠤᠨ ᠤ ᠪᠠᠶᠢᠴᠠᠭᠠᠯᠳᠠ᠂ ᠤᠨ ᠤ ᠬᠢᠨᠠᠯᠳᠠ ᠵᠡᠷᠭᠡ ᠵᠦᠢᠯᠡᠰ ᠢ ᠨᠢᠭᠡᠳᠦᠯᠳᠡᠢ ᠬᠦᠯᠢᠶᠡᠨ ᠠᠪᠴᠦ | ᠰᠢᠢᠳᠪᠤᠷᠢᠯᠡᠨ᠎ᠠ᠃ ᠵᠠᠰᠠᠭ ᠤᠨ ᠶᠠᠪᠤᠳᠠᠯ ᠢ ᠢᠯᠡ ᠪᠤᠯᠭᠠᠬᠤ᠂ ᠬᠠᠤᠯᠢ ᠴᠠᠭᠠᠵᠠ ᠶᠢ ᠲᠦᠭᠡᠮᠡᠯᠵᠢᠭᠦᠯᠬᠦ᠂ ᠬᠠᠤᠯᠢ | ᠲᠤᠭᠳᠠᠭᠠᠯ ᠢ ᠤᠬᠠᠭᠤᠯᠬᠤ᠂ ᠬᠠᠤᠯᠢ ᠶᠤᠰᠤᠭᠠᠷ ᠵᠠᠰᠠᠭ ᠶᠠᠪᠤᠭᠤᠯᠬᠤ᠂ ᠵᠠᠰᠠᠭ ᠵᠠᠬᠢᠷᠭᠠᠨ ᠢᠶᠠᠷ ᠰᠢᠳᠬᠡᠨ ᠲᠤᠷᠭᠠᠬᠤ | ᠂ ᠵᠠᠰᠠᠭ ᠵᠠᠬᠢᠷᠭᠠᠨ ᠢᠶᠠᠷ ᠲᠠᠬᠢᠨ ᠵᠦᠪᠯᠡᠬᠦ᠂ ᠵᠠᠰᠠᠭ ᠵᠠᠬᠢᠷᠭᠠᠨ ᠤ ᠵᠠᠷᠭᠤ ᠬᠢᠬᠦ ᠠᠵᠢᠯ ᠢ ᠲᠠᠭᠠᠭᠠᠨ ᠡᠷᠬᠢᠯᠡᠨ᠎ᠠ᠃ | ︵ᠬᠤᠶᠠᠷ︶ ᠰᠠᠭᠤᠷᠢ ᠮᠦᠩᠭᠦ ᠳᠤ ᠬᠢᠨᠠᠯᠳᠠ ᠳᠠᠯᠪᠢᠬᠤ ᠲᠠᠰᠤᠭ᠃ ᠭᠤᠤᠯ ᠡᠭᠦᠷᠭᠡ ᠬᠠᠷᠢᠭᠤᠴᠠᠯᠭ᠎ᠠ᠄ | ᠨᠠᠰᠤᠵᠢᠯ ᠤᠨ ᠠᠰᠠᠷᠠᠮᠵᠢ᠂ ᠠᠵᠢᠯ ᠠᠴᠠ ᠪᠤᠯᠤᠭᠰᠠᠨ ᠬᠡᠮᠳᠦᠯ᠂ ᠠᠵᠢᠯ ᠠᠯᠳᠠᠯᠳᠠ ᠶᠢᠨ ᠲᠠᠭᠠᠳᠬᠠᠯ ᠤᠨ ᠰᠠᠭᠤᠷᠢ | ᠮᠦᠩᠭᠦ ᠳᠤ ᠬᠢᠨᠡᠯᠳᠡ ᠲᠠᠯᠪᠢᠬᠤ ᠲᠦᠷᠦ ᠶᠢᠨ ᠪᠤᠳᠤᠯᠭ᠎ᠠ ᠶᠢᠨ ᠲᠦᠷᠢᠮ ᠪᠠ ᠨᠡᠶᠢᠭᠡᠮ ᠤᠨ ᠲᠠᠭᠠᠳᠬᠠᠯ ᠢ ᠭᠠᠷᠳᠠᠨ | ᠭᠦᠢᠴᠡᠳᠬᠡᠬᠦ ᠪᠠᠶᠢᠭᠤᠯᠤᠮᠵᠢ ᠶᠢᠨ ᠬᠠᠮᠢᠶᠠᠷᠤᠯᠳᠠ ᠶᠢᠨ ᠠᠷᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ | ᠨᠠᠰᠤᠵᠢᠯ ᠤᠨ ᠠᠰᠠᠷᠠᠮᠵᠢ᠂ ᠠᠵᠢᠯ ᠠᠴᠠ ᠪᠤᠯᠤᠭᠰᠠᠨ ᠬᠡᠮᠳᠦᠯ᠂ ᠠᠵᠢᠯ ᠠᠯᠳᠠᠯᠳᠠ ᠶᠢᠨ ᠲᠠᠭᠠᠳᠬᠠᠯ ᠤᠨ ᠰᠠᠭᠤᠷᠢ | ᠮᠦᠩᠭᠦ ᠶᠢᠨ ᠲᠦᠰᠦᠪ ᠪᠠ ᠲᠦᠰᠦᠪ ᠤᠨ ᠭᠦᠢᠴᠡᠳᠬᠡᠯ ᠤᠨ ᠲᠦᠰᠦᠯ ᠢ ᠨᠠᠶᠢᠷᠠᠭᠤᠯᠤᠨ ᠵᠤᠬᠢᠶᠠᠬᠤ ᠠᠵᠢᠯ ᠢ | ᠵᠢᠯᠤᠭᠤᠳᠤᠨ᠎ᠠ᠃ ᠪᠦᠬᠦ ᠬᠤᠰᠢᠭᠤᠨ ᠤ ᠨᠠᠰᠤᠵᠢᠯ᠂ ᠠᠵᠢᠯ ᠠᠴᠠ ᠪᠤᠯᠤᠭᠰᠠᠨ ᠬᠡᠮᠳᠦᠯ᠂ ᠠᠵᠢᠯ ᠠᠯᠳᠠᠯᠳᠠ ᠶᠢᠨ | ᠲᠠᠭᠠᠳᠬᠠᠯ ᠤᠨ ᠰᠠᠭᠤᠷᠢ ᠮᠦᠩᠭᠦ ᠪᠤᠯᠤᠨ ᠠᠵᠢᠯ ᠤᠯᠭᠤᠯᠳᠠ ᠶᠢᠨ ᠲᠤᠰᠬᠠᠢ ᠪᠡᠯᠡ ᠮᠦᠩᠭᠦ᠂ ᠤᠯᠠᠨ ᠨᠡᠶᠢᠳᠠ ᠶᠢᠨ | ᠠᠵᠢᠯ ᠤᠯᠭᠤᠯᠳᠠ ᠶᠢ ᠲᠡᠳᠬᠦᠬᠦ ᠪᠡᠯᠡ ᠮᠦᠩᠭᠦ ᠶᠢᠨ ᠡᠳ᠋ ᠤᠨ ᠶᠠᠪᠤᠳᠠᠯ ᠤᠨ ᠬᠠᠮᠢᠶᠠᠷᠤᠯᠳᠠ ᠶᠢᠨ ᠲᠦᠷᠢᠮ ᠢ | ᠵᠤᠬᠢᠶᠠᠨ ᠪᠠᠶᠢᠭᠤᠯᠤᠨ ᠲᠤᠭᠤᠷᠪᠢᠵᠦ ᠲᠤᠬᠳᠠᠭᠠᠨ᠎ᠠ᠃ ᠲᠤᠪᠴᠢᠶ᠎ᠡ ᠶᠢᠨ ᠰᠢᠭᠤᠳ ᠬᠠᠷᠢᠶ᠎ᠠ ᠨᠢᠭᠡᠴᠢ ᠶᠢᠨ | ᠲᠤᠳᠤᠭᠠᠲᠦ ᠶᠢᠨ ᠬᠢᠵᠡᠭᠠᠷᠯᠠᠬᠤ ᠲᠦᠷᠢᠮ ᠤᠨ ᠪᠠᠶᠢᠭᠤᠯᠤᠯᠳᠠ ᠪᠠ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠳᠠ | ᠲᠠᠯᠪᠢᠬᠤ ᠶᠢ ᠬᠠᠷᠢᠭᠤᠴᠠᠬᠤ ᠶᠢᠨ ᠬᠠᠮᠲᠦ ᠪᠠᠯᠡ ᠮᠦᠩᠭᠦᠨ ᠤ ᠠᠵᠢᠯᠯᠠᠭ᠎ᠠ ᠶᠢᠨ ᠪᠠᠶᠢᠳᠠᠯ ᠳᠤ ᠬᠢᠨᠠᠯᠳᠠ ᠲᠠᠯᠪᠢᠨ᠎ᠠ᠂ | ᠨᠠᠰᠤᠵᠢᠯ ᠤᠨ ᠠᠰᠠᠷᠡᠮᠵᠢ᠂ ᠠᠵᠢᠯ ᠠᠴᠠ ᠪᠤᠯᠤᠭᠰᠠᠨ ᠬᠡᠮᠳᠦᠯ᠂ ᠠᠵᠢᠯ ᠠᠯᠳᠠᠭᠰᠠᠳ ᠤᠨ ᠲᠠᠭᠠᠳᠬᠠᠯ ᠤᠨ | ᠲᠤᠳᠤᠭᠠᠲᠦ ᠶᠢᠨ ᠬᠢᠨᠡᠨ ᠪᠤᠳᠤᠬᠤ ᠠᠵᠢᠯᠳᠠᠨ ᠤ ᠬᠢᠷᠢ ᠬᠡᠮ ᠢ ᠬᠡᠷᠡᠴᠢᠯᠡᠬᠦ ᠶᠢ ᠬᠠᠷᠢᠭᠤᠴᠠᠵᠦ᠂ ᠨᠠᠰᠤᠵᠢᠯ ᠤᠨ | ᠠᠰᠠᠷᠠᠮᠵᠢ᠂ ᠠᠵᠢᠯ ᠠᠴᠠ ᠪᠤᠯᠤᠭᠰᠠᠨ ᠬᠡᠮᠳᠤᠯ᠂ ᠠᠵᠢᠯ ᠠᠯᠳᠠᠭᠰᠠᠳ ᠤᠨ ᠲᠠᠭᠠᠳᠬᠠᠯ ᠤᠨ ᠰᠠᠭᠤᠷᠢ ᠮᠦᠩᠭᠦ ᠶᠢᠨ | ᠬᠢᠨᠡᠯᠳᠡ ᠲᠠᠯᠪᠢᠵᠦ ᠢᠯᠡᠴᠢᠯᠡᠨ ᠮᠡᠳᠡᠭᠦᠯᠬᠦ ᠰᠢᠰᠲ᠋ᠧᠮ ᠢ ᠬᠠᠮᠢᠶᠠᠷᠴᠦ᠂ ᠢᠯᠡᠴᠢᠯᠡᠨ ᠵᠠᠭᠠᠯᠳᠤᠯᠭ᠎ᠠ ᠶᠢ ᠬᠦᠯᠢᠶᠠᠨ | ᠠᠪᠴᠦ᠂ ᠰᠠᠬᠢᠯᠭ᠎ᠠ ᠪᠠᠲᠦ ᠲᠦᠷᠢᠮ ᠲᠤᠭᠳᠠᠭᠠᠯ ᠠᠴᠠ ᠵᠦᠷᠢᠴᠡᠭᠰᠡᠨ ᠬᠡᠷᠡᠭ ᠢ ᠬᠠᠮᠵᠢᠨ ᠪᠠᠶᠢᠴᠠᠭᠠᠨ | ᠰᠢᠢᠳᠪᠤᠷᠢᠯᠠᠨ᠎ᠠ᠃ | ᠲᠤᠪᠴᠢᠶᠠᠨ ᠤ ᠪᠠᠶᠢᠭᠤᠯᠤᠯᠭ᠎ᠠ ᠶᠢᠨ ᠡᠳ᠋ ᠤᠨ ᠶᠠᠪᠤᠳᠠᠯ᠂ ᠴᠠᠯᠢᠩ ᠠᠰᠠᠷᠡᠮᠵᠢ᠂ ᠨᠡᠶᠢᠭᠡᠮ ᠤᠨ ᠲᠠᠭᠠᠳᠬᠠᠯ᠂ | ᠰᠢᠰᠲ᠋ᠧᠮ ᠤᠨ ᠲᠤᠳᠤᠭᠠᠲᠦ ᠶᠢᠨ ᠡᠳ᠋ ᠤᠨ ᠶᠠᠪᠤᠳᠠᠯ ᠤᠨ ᠬᠢᠨᠠᠨ ᠪᠤᠳᠤᠯᠳᠠ ᠶᠢ ᠡᠭᠦᠷᠭᠡᠯᠡᠨ᠎ᠠ᠃ | ︵ᠭᠤᠷᠪᠠ︶ ᠠᠵᠢᠯ ᠣᠯᠭᠤᠯᠳᠠ ᠶᠢ ᠠᠬᠢᠭᠤᠯᠬᠤ ᠲᠠᠰᠤᠭ ︵ᠨᠡᠶᠢᠬᠡᠮ ᠤᠨ ᠪᠠᠳᠣᠯᠠᠭ᠎ᠠ ᠶᠢᠨ ᠲᠠᠰᠤᠭ ᠤᠨ | ᠵᠠᠬᠢᠷᠭ᠎ᠠ ᠲᠠᠢ ᠨᠡᠶᠢᠯᠡᠭᠦᠯᠣᠨ ᠠᠵᠢᠯᠯᠠᠨ᠎ᠠ︶᠃ ᠭᠤᠣᠯ ᠡᠭᠦᠷᠬᠡ ᠬᠠᠷᠢᠭᠤᠴᠠᠯᠭ᠎ᠠ᠄ ᠪᠦᠭᠦ ᠬᠤᠰᠢᠭᠤᠨ ᠤ ᠠᠵᠢᠯ | ᠣᠯᠭᠤᠯᠳᠠ ᠶᠢᠨ ᠲᠦᠯᠣᠪᠵᠢᠭᠦᠯᠬᠡ ᠪᠣᠯᠣᠨ ᠣᠨ ᠤ ᠲᠦᠯᠣᠪᠯᠡᠭᠡ ᠶᠢ ᠲᠣᠭᠤᠷᠪᠢᠨ ᠲᠣᠭᠳᠠᠭᠠᠬᠤ ᠪᠦᠬᠡᠳ ᠵᠣᠬᠢᠶᠠᠨ | ᠪᠠᠶᠢᠭᠤᠯᠵᠣ ᠬᠡᠷᠡᠭᠵᠢᠭᠦᠯᠣᠨ᠎ᠡ᠃ ᠭᠦᠳᠡᠯᠮᠣᠷᠢᠯᠡᠭᠴᠢᠳ ᠲᠤ ᠡᠷᠬᠡ ᠲᠡᠭᠰᠢ ᠪᠠᠷ ᠠᠵᠢᠯ ᠣᠯᠭᠤᠬᠤ᠂ ᠮᠠᠯᠵᠢᠬᠤ | ᠲᠠᠷᠢᠶᠠᠯᠠᠬᠤ ᠣᠷᠣᠨ ᠤ ᠭᠦᠳᠡᠯᠮᠣᠷᠢ ᠭᠦᠴᠣᠨ ᠢ ᠰᠢᠯᠵᠢᠭᠦᠯᠣᠨ ᠠᠵᠢᠯ ᠣᠯᠭᠤᠬᠤ ᠪᠠ ᠭᠠᠵᠠᠷ ᠣᠷᠣᠨ ᠠᠯᠣᠰᠯᠠᠨ | ᠡᠮᠬᠢ ᠵᠢᠷᠣᠮ ᠲᠠᠢ ᠰᠢᠯᠵᠢᠭᠦᠯᠭᠦ ᠲᠦᠷᠣ ᠶᠢᠨ ᠪᠣᠳᠣᠯᠭ᠎ᠠ ᠶᠢ ᠲᠣᠣᠱᠯᠠᠭᠤᠯᠣᠨ ᠨᠠᠶᠢᠳᠠᠪᠣᠷᠢᠵᠢᠭᠤᠯᠬᠤ ᠬᠡᠷᠡᠭᠳᠠᠢ᠃ | ᠠᠵᠢᠯ ᠮᠡᠷᠬᠡᠵᠢᠯ ᠤᠨ ᠪᠠᠶᠢᠭᠤᠯᠣᠮᠵᠢ ᠶᠢᠨ ᠬᠠᠮᠢᠶᠠᠷᠣᠯᠳᠠ ᠶᠢ ᠵᠢᠯᠣᠭᠤᠳᠬᠤ ᠪᠠ ᠬᠢᠨᠠᠯᠳᠠ ᠲᠠᠯᠪᠢᠨ᠎ᠠ᠃ ᠣᠯᠠᠨ | ᠨᠡᠶᠢᠳᠡ ᠶᠢᠨ ᠠᠵᠢᠯ ᠣᠯᠭᠤᠯᠳᠠ ᠶᠢᠨ ᠦᠢᠯᠡᠴᠢᠯᠡᠬᠡᠨ ᠤ ᠰᠢᠰᠲ᠋ᠧᠮ ᠢ ᠲᠡᠭᠦᠯᠳᠡᠷᠵᠢᠭᠦᠯᠵᠣ᠂ ᠣᠯᠠᠨ ᠨᠡᠶᠢᠳᠡ ᠶᠢᠨ | ᠠᠵᠢᠯ ᠣᠯᠭᠤᠯᠳᠠ ᠶᠢᠨ ᠦᠢᠯᠡᠴᠢᠯᠡᠬᠡᠨ ᠤ ᠬᠠᠮᠢᠶᠠᠷᠣᠯᠳᠠ ᠶᠢ ᠵᠢᠯᠣᠭᠤᠳᠣᠨ ᠵᠢᠷᠣᠮᠵᠢᠭᠤᠯᠣᠨ᠎ᠠ᠃ ᠲᠡᠬᠡᠳᠣ | ᠰᠣᠷᠭᠠᠭᠤᠯᠢ ᠲᠡᠭᠦᠰᠣᠭ᠍ᠰᠡᠳ ᠲᠤ ᠠᠵᠢᠯ ᠣᠯᠭᠤᠬᠤ ᠲᠦᠷᠣ ᠶᠢᠨ ᠪᠣᠳᠣᠯᠭ᠎ᠠ ᠶᠢ ᠲᠣᠣᠱᠯᠠᠭᠤᠯᠣᠨ ᠬᠡᠷᠡᠭᠵᠢᠭᠦᠯᠵᠣ᠂ | ᠠᠵᠢᠯ ᠣᠯᠭᠤᠬᠤ ᠲᠣᠰᠠᠯᠠᠮᠵᠢ ᠪᠠ ᠣᠨᠴᠠᠭᠠᠢ ᠬᠠᠮᠲᠦ ᠴᠤᠭᠴᠠ ᠶᠢᠨ ᠠᠵᠢᠯ ᠣᠯᠭᠤᠬᠤ ᠲᠦᠷᠣ ᠶᠢᠨ ᠪᠣᠳᠣᠯᠭ᠎ᠠ | ᠶᠢ ᠨᠠᠶᠢᠳᠠᠪᠣᠷᠢᠵᠢᠭᠤᠯᠬᠤ ᠬᠡᠷᠡᠭᠳᠠᠢ᠃ ᠠᠵᠢᠯ ᠣᠯᠭᠤᠬᠤ ᠲᠠᠬᠢᠨ ᠠᠵᠢᠯ ᠣᠯᠭᠤᠬᠤ᠂ ᠠᠳᠠᠯ ᠦᠢᠯᠡᠰ ᠴᠣᠭᠴᠠᠯᠠᠬᠤ | ᠪᠣᠯᠪᠠᠰᠣᠷᠠᠭᠤᠯᠣᠯ ᠢ ᠵᠣᠬᠢᠶᠠᠨ ᠪᠠᠶᠢᠭᠤᠯᠣᠨ ᠬᠡᠷᠡᠭᠵᠢᠭᠦᠯᠣᠨ᠎ᠡ᠃ ᠠᠵᠢᠯ ᠣᠯᠭᠤᠯᠳᠠ ᠪᠠ ᠠᠵᠢᠯ ᠠᠯᠳᠠᠯᠳᠠ ᠶᠢ | ᠲᠠᠩᠰᠠᠯᠠᠬᠤ ᠲᠦᠷᠢᠮ ᠢ ᠪᠠᠶᠢᠭᠤᠯᠣᠨ ᠲᠡᠭᠦᠯᠳᠡᠷᠵᠢᠭᠦᠯᠣᠨᠡ᠃ ᠠᠵᠢᠯ ᠠᠯᠳᠠᠭᠰᠠᠳ ᠤᠨ ᠲᠠᠭᠠᠳᠬᠠᠯ ᠤᠨ | ᠦᠨᠳᠣᠰᠣᠨ ᠲᠦᠷᠣ ᠶᠢᠨ ᠪᠣᠳᠣᠯᠭ᠎ᠠ᠂ ᠦᠬᠡᠷᠡᠴᠢᠯᠡᠯᠳᠡ ᠶᠢᠨ ᠲᠦᠰᠣᠯ ᠪᠠ ᠭᠦᠭᠵᠢᠯᠳᠡ ᠶᠢᠨ ᠲᠦᠯᠣᠪᠵᠢᠭᠦᠯᠬᠡ | ᠶᠢ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠠᠵᠢᠯ ᠠᠯᠳᠠᠯᠳᠠ ᠶᠢ ᠰᠡᠷᠡᠮᠵᠢᠯᠡᠭᠦᠯᠭᠦ ᠲᠦᠷᠢᠮ ᠢ ᠪᠠᠶᠢᠭᠤᠯᠣᠨ | ᠲᠡᠭᠦᠯᠳᠡᠷᠵᠢᠭᠦᠯᠵᠣ᠂ ᠠᠵᠢᠯ ᠠᠯᠳᠠᠯᠳᠠ ᠶᠢᠨ ᠲᠠᠭᠠᠳᠬᠠᠯ ᠤᠨ ᠭᠠᠷᠳᠠᠨ ᠬᠢᠭᠦ ᠪᠠᠶᠢᠭᠤᠯᠣᠮᠵᠢ ᠶᠢ ᠲᠣᠬᠠᠶᠢᠯᠠᠭᠰᠠᠨ | ᠠᠵᠢᠯ ᠤᠨ ᠠᠵᠢᠯ ᠢ ᠵᠢᠯᠣᠭᠤᠳᠣᠨ ᠬᠢᠨᠠᠯᠳᠠ ᠲᠠᠯᠪᠢᠨ᠎ᠠ᠃ ᠠᠵᠢᠯ ᠠᠯᠳᠠᠭᠰᠠᠳ ᠤᠨ ᠲᠠᠭᠠᠳᠬᠠᠯ ᠤᠨ ᠰᠠᠭᠤᠷᠢ | ᠮᠦᠩᠭᠦ ᠲᠠᠳᠠᠪᠣᠷᠢᠯᠠᠨ ᠲᠣᠰᠢᠶᠠᠬᠤ ᠲᠦᠷᠣ ᠶᠢᠨ ᠪᠣᠳᠣᠯᠭ᠎ᠠ᠂ ᠬᠠᠮᠢᠶᠠᠷᠣᠯᠳᠠ ᠶᠢᠨ ᠠᠷᠭ᠎ᠠ᠂ ᠬᠠᠷᠠᠭᠠᠯᠵᠠᠯ ᠤᠨ | ᠲᠦᠷᠣᠯ ᠵᠦᠢᠯ ᠪᠠ ᠦᠭᠭᠦ ᠪᠠᠷᠢᠮᠵᠢᠶ᠎ᠠ ᠶᠢ ᠬᠢᠨᠠᠯᠳᠠ ᠲᠠᠯᠪᠢᠨ ᠬᠡᠷᠡᠭᠵᠢᠭᠦᠯᠵᠣ᠂ ᠠᠵᠢᠯ ᠠᠯᠳᠠᠯᠳᠠ ᠶᠢᠨ ᠲᠠᠭᠠᠳᠬᠠᠯ | ᠤᠨ ᠰᠠᠭᠤᠷᠢ ᠮᠦᠩᠭᠦ ᠶᠢ ᠬᠠᠷᠭᠤᠭᠤᠯᠣᠨ ᠪᠣᠳᠣᠬᠤ ᠲᠦᠷᠢᠮ ᠢ ᠲᠣᠭᠤᠷᠪᠢᠨ ᠲᠣᠭᠳᠠᠭᠠᠬᠤ ᠶᠢᠨ ᠬᠠᠮᠳᠣ ᠬᠢᠨᠠᠯᠳᠠ | ᠲᠠᠯᠪᠢᠵᠣ ᠬᠡᠷᠡᠭᠵᠢᠭᠦᠯᠣᠨ᠎ᠡ᠃ | ᠬᠤᠳᠠ ᠭᠦᠳᠡᠭᠡ ᠶᠢᠨ ᠭᠦᠳᠡᠯᠮᠣᠷᠢᠴᠢᠳ ᠤᠨ ᠠᠵᠢᠯ ᠮᠡᠷᠬᠡᠵᠢᠯ ᠤᠨ ᠪᠣᠯᠪᠠᠰᠣᠷᠠᠯ ᠤᠨ ᠲᠦᠷᠣ ᠶᠢᠨ ᠪᠣᠳᠣᠯᠭ᠎ᠠ | ᠂ ᠲᠦᠯᠣᠪᠵᠢᠭᠦᠯᠬᠡ ᠶᠢ ᠲᠣᠭᠤᠷᠪᠢᠨ ᠲᠣᠭᠳᠠᠭᠠᠬᠤ ᠶᠢᠨ ᠬᠠᠮᠳᠣ ᠵᠢᠯᠣᠭᠤᠳᠴᠣ᠂ ᠬᠢᠨᠠᠯᠳᠠ ᠲᠠᠯᠪᠢᠨ | ᠬᠡᠷᠡᠭᠵᠢᠭᠦᠯᠣᠨ᠎ᠡ᠃ ᠲᠡᠬᠡᠳᠣ ᠮᠡᠷᠬᠡᠵᠢᠯ ᠤᠨ ᠴᠢᠳᠠᠪᠣᠷᠢᠳᠠᠨ᠂ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠬᠡᠨ ᠤ | ᠴᠢᠳᠠᠪᠣᠷᠢᠳᠠᠨ ᠢ ᠭᠦᠮᠣᠵᠢᠭᠦᠯᠭᠦ ᠪᠠ ᠣᠷᠮᠠᠰᠢᠭᠤᠯᠬᠤ ᠲᠦᠷᠣ ᠶᠢᠨ ᠪᠣᠳᠣᠯᠭ᠎ᠠ ᠶᠢ ᠬᠠᠷᠢᠭᠤᠴᠠᠨ | ᠨᠠᠶᠢᠳᠠᠪᠣᠷᠢᠵᠢᠭᠤᠯᠣᠨ᠎ᠠ᠃ ᠠᠵᠢᠯ ᠮᠡᠷᠬᠡᠵᠢᠯ ᠤᠨ ᠠᠩᠬᠢᠯᠠᠯ᠂ ᠠᠵᠢᠯ ᠮᠡᠷᠬᠡᠵᠢᠯ ᠤᠨ ᠣᠷ᠎ᠠ ᠴᠢᠳᠠᠪᠣᠷᠢ ᠶᠢᠨ ᠣᠯᠣᠰ | ᠤᠨ ᠪᠠᠷᠢᠮᠵᠢᠶ᠎ᠠ ᠶᠢ ᠲᠣᠣᠱᠯᠠᠭᠤᠯᠣᠨ ᠬᠡᠷᠡᠭᠵᠢᠭᠦᠯᠵᠣ᠂ ᠪᠦᠭᠦ ᠬᠤᠰᠢᠭᠤᠨ ᠤ ᠠᠵᠢᠯ ᠮᠡᠷᠬᠡᠵᠢᠯ ᠤᠨ ᠣᠷ᠎ᠠ ᠴᠢᠳᠠᠪᠣᠷᠢ | ᠶᠢᠨ ᠪᠣᠯᠪᠠᠰᠣᠷᠠᠯ᠂ ᠬᠢᠨᠠᠨ ᠲᠣᠭᠳᠠᠭᠠᠯᠳᠠ᠂ ᠣᠷᠣᠯᠳᠣᠭᠠᠨ ᠤ ᠪᠣᠳᠠᠳᠠᠢ ᠠᠷᠭ᠎ᠠ ᠶᠢ ᠲᠣᠭᠤᠷᠪᠢᠨ ᠲᠣᠭᠳᠠᠭᠠᠬᠤ ᠶᠢᠨ | ᠬᠠᠮᠳᠣ ᠵᠢᠯᠣᠭᠤᠳᠣᠨ ᠬᠡᠷᠡᠭᠵᠢᠭᠦᠯᠣᠨ᠎ᠡ᠃ ᠪᠦᠭᠦ ᠬᠤᠰᠢᠭᠤᠨ ᠤ ᠠᠵᠢᠯ ᠮᠡᠷᠬᠡᠵᠢᠯ ᠤᠨ ᠣᠷ᠎ᠠ ᠴᠢᠳᠠᠪᠣᠷᠢ ᠶᠢᠨ | ᠪᠣᠯᠪᠠᠰᠣᠷᠠᠯ ᠤᠨ ᠪᠠᠶᠢᠭᠤᠯᠣᠮᠵᠢ ᠶᠢᠨ ᠭᠦᠭᠵᠢᠯᠳᠡ ᠶᠢᠨ ᠲᠦᠯᠣᠪᠵᠢᠭᠦᠯᠬᠡ ᠪᠠ ᠬᠠᠮᠢᠶᠠᠷᠣᠯᠳᠠ ᠶᠢᠨ ᠲᠦᠷᠢᠮ ᠶᠢ | ᠲᠣᠭᠳᠠᠭᠠᠵᠣ᠂ ᠪᠠᠭᠰᠢ ᠶᠢᠨ ᠡᠩᠨᠡᠭᠡ ᠪᠠ ᠵᠢᠭᠠᠬᠤ ᠮᠠᠲ᠋ᠧᠷᠢᠶᠠᠯ ᠤᠨ ᠪᠠᠶᠢᠭᠤᠯᠣᠯᠳᠠ ᠶᠢ ᠵᠢᠯᠣᠭᠤᠳᠴᠣ᠂ | ᠬᠤᠯᠪᠣᠭᠳᠠᠯ ᠪᠦᠭᠦᠢ ᠰᠠᠯᠠᠭ᠎ᠠ ᠮᠦᠴᠢᠷ ᠲᠠᠢ ᠬᠠᠮᠳᠣᠷᠠᠨ ᠮᠡᠷᠬᠡᠵᠢᠯ ᠤᠨ ᠠᠵᠢᠯᠴᠢᠨ ᠤ ᠲᠡᠬᠡᠳᠣ ᠰᠣᠷᠭᠠᠭᠤᠯᠢ ᠶᠢᠨ | ᠰᠣᠷᠣᠭᠴᠢᠳ ᠢ ᠵᠣᠭᠤᠰ ᠮᠦᠩᠭᠦ ᠪᠠᠷ ᠲᠣᠰᠠᠯᠠᠬᠤ ᠠᠵᠢᠯ ᠢ ᠵᠣᠬᠢᠶᠠᠨ ᠪᠠᠶᠢᠭᠤᠯᠣᠨ ᠬᠡᠷᠡᠭᠵᠢᠭᠦᠯᠭᠦ ᠶᠢᠨ ᠬᠠᠮᠳᠣ | ᠬᠢᠨᠠᠯᠳᠠ ᠲᠠᠯᠪᠢᠨ᠎ᠠ᠃ ᠡᠷᠬᠢᠯᠡᠭᠰᠡᠨ ᠠᠵᠢᠯ ᠤᠨ ᠮᠡᠷᠬᠡᠵᠢᠯ ᠤᠨ ᠴᠢᠳᠠᠪᠣᠷᠢ ᠶᠢ ᠬᠢᠨᠠᠨ ᠲᠣᠭᠳᠠᠭᠠᠬᠤ ᠠᠵᠢᠯ ᠢ | ᠲᠠᠭᠠᠭᠠᠨ ᠬᠢᠵᠣ᠂ ᠡᠷᠬᠢᠯᠡᠭᠰᠡᠨ ᠠᠵᠢᠯ ᠤᠨ ᠬᠢᠷᠢ ᠬᠡᠮ ᠤᠨ ᠦᠨᠡᠮᠯᠡᠯ ᠤᠨ ᠲᠦᠷᠢᠮ ᠢ ᠲᠡᠭᠦᠯᠳᠡᠷᠵᠢᠭᠦᠯᠣᠨ᠂《 | ᠡᠷᠬᠢᠯᠡᠭᠰᠡᠨ ᠠᠵᠢᠯ ᠤᠨ ᠬᠢᠷᠢ ᠬᠡᠮ ᠤᠨ ᠦᠨᠠᠮᠯᠠᠯ 》 ᠢ ᠬᠢᠨᠠᠨ ᠤᠯᠭᠤᠨ᠎ᠠ᠃ | ᠪᠠᠶᠢᠭᠤᠯᠭ᠎ᠠ᠂ ᠠᠵᠣ ᠠᠬᠤᠶᠢᠯᠠᠯ ᠠᠵᠢᠯ ᠦᠢᠯᠡᠰ ᠤᠨ ᠨᠢᠬᠡᠴᠡ ᠶᠢᠨ ᠦᠨᠳᠣᠰᠣᠨ ᠨᠠᠰᠣᠵᠢᠯ ᠤᠨ ᠠᠰᠠᠷᠠᠮᠵᠢ | ᠂ ᠠᠵᠣ ᠠᠬᠤᠶᠢᠯᠠᠯ ︵ᠠᠵᠢᠯ ᠮᠡᠷᠬᠡᠵᠢᠯ︶ ᠤᠨ ᠮᠦᠩᠭᠦ᠂ ᠬᠤᠪᠢ ᠭᠦᠮᠣᠨ ᠤ ᠬᠠᠳᠠᠭᠠᠯᠠᠮᠵᠢ ᠶᠢᠨ ᠴᠢᠨᠠᠷᠳᠠᠢ | ᠨᠠᠰᠣᠵᠢᠯ ᠤᠨ ᠠᠰᠠᠷᠠᠮᠵᠢ᠂ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠨᠠᠰᠣᠵᠢᠯ ᠤᠨ ᠠᠰᠠᠷᠠᠮᠵᠢ᠂ ᠠᠵᠢᠯ | ᠠᠴᠠ ᠪᠣᠯᠣᠭᠰᠠᠨ ᠬᠡᠮᠳᠣᠯ᠂ ᠠᠵᠢᠯ ᠠᠯᠳᠠᠭᠰᠠᠳ ᠤᠨ ᠲᠠᠭᠠᠳᠬᠠᠯ ᠤᠨ ᠲᠦᠷᠣ ᠶᠢᠨ ᠪᠣᠳᠣᠯᠭ᠎ᠠ ᠪᠠ ᠪᠡᠷᠢᠮᠵᠢᠶ᠎ᠠ ᠶᠢ | ᠲᠣᠭᠤᠰᠢᠯᠠᠭᠤᠯᠣᠨ ᠨᠠᠶᠢᠳᠠᠪᠣᠷᠢᠵᠢᠭᠤᠯᠬᠤ᠂ ᠰᠠᠭᠤᠷᠢ ᠮᠦᠩᠭᠦ ᠶᠢ ᠣᠷᠢᠳᠴᠢᠯᠠᠨ ᠵᠢᠱᠢᠵᠣ ᠣᠷᠢᠳᠴᠢᠯᠠᠨ | ᠰᠡᠷᠡᠮᠵᠢᠯᠡᠭᠦᠯᠭᠦ ᠲᠣᠭᠳᠠᠴᠠ ᠶᠢ ᠲᠡᠭᠦᠯᠳᠡᠷᠵᠢᠭᠦᠯᠣᠨᠡ᠃ ᠠᠵᠣ ᠠᠬᠤᠶᠢᠯᠠᠯ ᠤᠨ ᠠᠵᠢᠯᠳᠠᠨ ᠠᠵᠢᠯᠴᠢᠨ ᠤ ᠬᠡᠪ ᠤᠨ | ᠶᠣᠰᠣᠭᠠᠷ ᠨᠠᠰᠣᠨ ᠤ ᠠᠮᠠᠷᠠᠯᠳᠠ ᠠᠪᠬᠤ ᠶᠢ ᠬᠢᠨᠠᠨ ᠵᠦᠪᠰᠢᠶᠡᠷᠡᠭᠦ ᠠᠵᠢᠯ ᠢ ᠬᠠᠷᠢᠭᠤᠴᠠᠨ᠎ᠠ᠃ ᠠᠵᠣ ᠠᠬᠤᠶᠢᠯᠠᠯ | ᠤᠨ ᠠᠵᠢᠯᠳᠠᠨ ᠠᠵᠢᠯᠴᠢᠨ ᠤ ᠠᠵᠢᠯ ᠠᠴᠠ ᠪᠠᠨ ᠣᠷᠢᠳᠴᠢᠯᠠᠨ ᠪᠠᠭᠤᠵᠣ ᠠᠮᠠᠷᠠᠭᠰᠠᠨ ᠠᠩᠬᠠᠨ ᠤ ᠬᠢᠨᠠᠯᠳᠠ ᠶᠢ | ᠭᠤᠶᠣᠴᠢᠯᠠᠨ ᠮᠡᠳᠡᠭᠦᠯᠭᠦ ᠠᠵᠢᠯ ᠢ ᠲᠠᠭᠠᠭᠠᠨ ᠭᠦᠢᠴᠡᠳᠬᠡᠨ᠎ᠡ᠃ ᠬᠤᠳᠠ ᠪᠠᠯᠭᠠᠰᠣᠨ ᠤ ᠠᠵᠣ ᠠᠬᠤᠶᠢᠯᠠᠯ ᠤᠨ | ᠠᠵᠢᠯᠳᠠᠨ ᠠᠵᠢᠯᠴᠢᠨ ᠤ ᠠᠵᠢᠯ ᠠᠴᠠ ᠪᠠᠨ ᠠᠮᠠᠷᠠᠭᠰᠠᠨ᠂ ᠠᠵᠢᠯᠯᠠᠭᠰᠠᠨ ᠣᠨ ᠵᠢᠯ ᠬᠢᠬᠡᠳ ᠰᠦᠢᠳᠬᠡᠯ | ᠲᠣᠰᠢᠶᠠᠭᠰᠠᠨ ᠣᠨ ᠵᠢᠯ ᠢ ᠪᠣᠳᠣᠬᠤ ᠲᠦᠷᠣ ᠶᠢᠨ ᠪᠣᠳᠣᠯᠭ᠎ᠠ᠂ ᠬᠤᠳᠠ ᠪᠠᠯᠭᠠᠰᠣᠨ ᠤ ᠠᠵᠣ ᠠᠬᠤᠶᠢᠯᠠᠯ ᠤᠨ | ᠦᠭᠦᠭᠰᠡᠨ ᠠᠵᠢᠯᠳᠠᠨ ᠠᠵᠢᠯᠴᠢᠨ ᠤ ᠬᠡᠷ ᠪᠦᠯᠢ ᠶᠢᠨ ᠣᠯᠭᠤᠮᠵᠢ ᠪᠣᠯᠣᠨ ᠠᠵᠢᠯ ᠤᠨ ᠪᠣᠰᠣ ᠰᠢᠷᠠᠭᠳᠠᠨ ᠵᠡᠮᠳᠡᠭ | ᠤᠨ ᠣᠯᠭᠤᠮᠵᠢ ᠶᠢᠨ ᠲᠦᠷᠣ ᠶᠢᠨ ᠪᠣᠳᠣᠯᠭ᠎ᠠ ᠶᠢ ᠲᠣᠣᠱᠯᠠᠭᠤᠯᠣᠨ ᠨᠠᠶᠢᠳᠠᠪᠣᠷᠢᠵᠢᠭᠤᠯᠣᠨ᠎ᠠ᠃ ᠨᠠᠰᠣᠵᠢᠯ ᠤᠨ | ᠠᠰᠠᠷᠠᠮᠵᠢ᠂ ᠠᠵᠢᠯ ᠠᠴᠠ ᠪᠣᠯᠣᠭᠰᠠᠨ ᠬᠡᠮᠳᠣᠯ᠂ ᠠᠵᠢᠯ ᠠᠯᠳᠠᠯᠳᠠ ᠶᠢᠨ ᠲᠠᠭᠠᠳᠬᠠᠯ ᠢ ᠭᠠᠷᠳᠠᠨ ᠬᠢᠭᠦ | ᠪᠠᠶᠢᠭᠤᠯᠣᠮᠵᠢ ᠶᠢᠨ ᠲᠣᠬᠠᠶᠢᠯᠠᠭᠰᠠᠨ ᠠᠵᠢᠯ ᠢ ᠵᠢᠯᠣᠭᠤᠳᠣᠨ ᠬᠢᠨᠠᠯᠳᠠ ᠲᠠᠯᠪᠢᠨ᠎ᠠ᠃ ᠲᠡᠬᠡᠳᠣ ᠱᠠᠳᠣᠨ ᠳᠠᠭᠠᠨ | ᠬᠠᠮᠵᠢᠨ ᠬᠤᠯᠪᠣᠭᠳᠠᠯ ᠪᠦᠭᠦᠢ ᠪᠠᠶᠢᠭᠤᠯᠣᠮᠵᠢ ᠶᠢᠨ ᠨᠠᠰᠣᠵᠢᠯ ᠤᠨ ᠠᠰᠠᠷᠠᠮᠵᠢ ᠶᠢᠨ ᠲᠠᠭᠠᠳᠬᠠᠯ ᠤᠨ ᠲᠣᠬᠠᠶᠢᠯᠠᠭᠰᠠᠨ | ᠠᠵᠢᠯ ᠢ ᠲᠠᠭᠠᠭᠠᠨ ᠭᠦᠢᠴᠡᠳᠬᠡᠭᠦ ᠬᠢᠷᠢ ᠬᠡᠮ ᠢ ᠮᠠᠭᠠᠳᠯᠠᠨ ᠲᠣᠭᠳᠠᠭᠠᠬᠤ ᠶᠢᠨ ᠬᠠᠮᠳᠣ ᠲᠡᠭᠦᠨ ᠤ ᠲᠠᠭᠠᠭᠠᠨ | ᠭᠦᠢᠴᠡᠳᠬᠡᠭᠰᠡᠨ ᠪᠠᠶᠢᠳᠠᠯ ᠳᠤ ᠬᠢᠨᠠᠯᠳᠠ ᠲᠠᠯᠪᠢᠨ᠎ᠠ᠃ ᠠᠵᠣ ᠠᠬᠤᠶᠢᠯᠠᠯ ︵ᠠᠵᠢᠯ ᠮᠡᠷᠬᠡᠵᠢᠯ︶ ᠤᠨ ᠣᠨ ᠤ | ᠮᠦᠩᠭᠦ ᠳᠤ ᠬᠢᠨᠠᠯᠳᠠ ᠲᠠᠯᠪᠢᠭᠴᠢ ᠶᠢᠨ ᠬᠠᠮᠢᠶᠠᠷᠣᠯᠳᠠ ᠶᠢᠨ ᠠᠷᠭ᠎ᠠ ᠪᠣᠯᠣᠨ ᠠᠵᠣ ᠠᠬᠤᠶᠢᠯᠠᠯ ︵ᠠᠵᠢᠯ ᠮᠡᠷᠬᠡᠵᠢᠯ︶ | ᠤᠨ ᠣᠨ ᠤ ᠮᠦᠩᠭᠦ ᠶᠢᠨ ᠬᠠᠮᠢᠶᠠᠷᠣᠯᠳᠠ ᠶᠢᠨ ᠬᠡᠷ᠎ᠡ ᠶᠢ ᠲᠠᠩᠰᠠᠯᠠᠭᠤᠯᠬᠤ ᠠᠵᠢᠯ ᠢ ᠬᠠᠷᠢᠭᠤᠴᠠᠨ᠎ᠠ᠃ | ᠣᠯᠣᠰ᠂ ᠦᠪᠡᠷᠳᠡᠬᠡᠨ ᠵᠠᠰᠠᠬᠤ ᠣᠷᠣᠨ᠂ ᠠᠶᠢᠮᠠᠭ ᠤᠨ ᠠᠵᠢᠯ ᠠᠴᠠ ᠪᠣᠯᠣᠭᠰᠠᠨ ᠬᠡᠮᠳᠣᠯ ᠤᠨ ᠲᠠᠭᠠᠳᠬᠠᠯ | ᠤᠨ ᠲᠦᠯᠣᠪᠵᠢᠭᠦᠯᠬᠡ᠂ ᠠᠵᠢᠯ ᠠᠴᠠ ᠪᠣᠯᠣᠭᠰᠠᠨ ᠬᠡᠮᠳᠣᠯ ᠤᠨ ᠣᠷᠢᠳᠴᠢᠯᠠᠨ ᠰᠡᠷᠬᠡᠶᠢᠯᠡᠭᠦ᠂ ᠮᠠᠭᠠᠳᠯᠠᠨ | ᠲᠣᠭᠳᠠᠭᠠᠬᠤ ᠪᠠ ᠡᠷᠡᠭᠦᠯᠵᠢᠭᠦᠯᠭᠦ ᠲᠦᠷᠣ ᠶᠢᠨ ᠪᠣᠳᠣᠯᠭ᠎ᠠ ᠶᠢ ᠲᠣᠣᠱᠯᠠᠭᠤᠯᠣᠨ ᠨᠠᠶᠢᠳᠠᠪᠣᠷᠢᠵᠢᠭᠤᠯᠬᠤ᠂ ᠲᠡᠷᠡᠴᠢᠯᠠᠨ | ᠬᠤᠯᠪᠣᠭᠳᠠᠯ ᠪᠦᠭᠦᠢ ᠠᠵᠢᠯ ᠢ ᠦᠷᠨᠢᠭᠦᠯᠣᠨ᠎ᠡ᠃ ᠠᠵᠢᠯ ᠠᠴᠠ ᠪᠣᠯᠣᠭᠰᠠᠨ ᠬᠡᠮᠳᠣᠯ ᠤᠨ ᠠᠳᠡᠯ ᠢ ᠣᠷᠢᠳᠴᠢᠯᠠᠨ | ᠰᠡᠷᠬᠡᠶᠢᠯᠡᠵᠣ ᠣᠬᠠᠭᠤᠯᠬᠤ᠂ ᠭᠦᠮᠣᠵᠢᠭᠦᠯᠭᠦ ᠪᠠ ᠠᠯᠪᠠᠨ ᠵᠢᠷᠣᠮ ᠤᠨ ᠪᠣᠯᠪᠠᠰᠣᠷᠠᠭᠤᠯᠣᠯ ᠤᠨ ᠠᠵᠢᠯ ᠢ ᠦᠷᠨᠢᠭᠦᠯᠭᠦ | ᠬᠡᠷᠡᠭᠳᠠᠢ᠃ | ︵ᠲᠦᠷᠪᠡ︶ ᠭᠦᠮᠣᠨ ᠤ ᠭᠦᠴᠣᠨ ᠤ ᠡᠬᠢ ᠪᠠᠶᠠᠯᠢᠭ ᠤᠨᠲ᠋ᠠᠰᠤᠭ ︵ᠠᠵᠢᠯ ᠦᠢᠯᠡᠰ ᠤᠨ ᠨᠢᠬᠡᠴᠡ ᠶᠢᠨ | ᠠᠵᠢᠯᠳᠠᠨ ᠤ ᠶᠠᠪᠣᠳᠠᠯ ᠤᠨ ᠬᠠᠮᠢᠶᠠᠷᠣᠯᠳᠠ ᠶᠢᠨ ᠲᠠᠰᠤᠭ ᠤᠨ ᠵᠠᠭᠢᠷᠭ᠎ᠠ ᠲᠠᠢ ᠨᠡᠶᠢᠯᠡᠭᠦᠯᠣᠨ ᠠᠵᠢᠯᠯᠠᠭᠤᠯᠣᠨ᠎ᠠ︶᠃ | ᠭᠤᠣᠯ ᠡᠭᠦᠷᠬᠡ ᠬᠠᠷᠢᠭᠤᠴᠠᠯᠭ᠎ᠠ᠄ ᠣᠯᠣᠰ᠂ ᠦᠪᠡᠷᠳᠡᠬᠡᠨ ᠵᠠᠰᠠᠬᠤ ᠣᠷᠣᠨ᠂ ᠠᠶᠢᠮᠠᠭ ᠤᠨ ᠵᠢᠭᠠᠨ | ᠲᠣᠭᠳᠠᠭᠠᠭᠰᠠᠨ ᠠᠵᠢᠯ ᠤᠨ ᠪᠠᠶᠢᠷᠢ ᠶᠢᠨ ᠬᠠᠷᠢᠴᠠᠯ ᠵᠢᠴᠢ ᠬᠠᠮᠢᠶ᠎ᠠ ᠪᠦᠭᠦᠢ ᠱᠠᠭᠠᠷᠳᠠᠯᠭ᠎ᠠ ᠶᠣᠰᠣᠭᠠᠷ ᠪᠦᠭᠦ | ᠬᠤᠰᠢᠭᠤᠨ ᠤ ᠠᠵᠢᠯ ᠦᠢᠯᠡᠰ ᠤᠨ ᠨᠢᠬᠡᠴᠡ ᠶᠢᠨ ᠲᠣᠰᠬᠠᠢ ᠮᠡᠷᠬᠡᠵᠢᠯ ᠤᠨ ᠠᠵᠢᠯᠳᠠᠨ ᠵᠢᠴᠢ ᠦᠢᠯᠡᠴᠢᠯᠡᠬᠡᠨ ᠤ | ᠠᠵᠢᠯᠳᠡᠨ ᠳᠤ ᠠᠵᠢᠯ ᠤᠨ ᠪᠠᠶᠢᠷᠢ ᠶᠢᠨ ᠲᠣᠬᠢᠷᠠᠭᠤᠯᠣᠯᠳᠠ ᠬᠠᠮᠢᠶᠠᠷᠣᠯᠳᠠ ᠬᠢᠨ᠎ᠡ᠃ ᠲᠤᠰᠬᠠᠢ ᠮᠡᠷᠬᠡᠵᠢᠯ ᠤᠨ | ᠴᠣᠯᠠ ᠶᠢᠨ ᠲᠦᠷᠢᠮ ᠤᠨ ᠦᠬᠡᠷᠡᠴᠢᠯᠡᠯᠳᠡ ᠶᠢ ᠭᠦᠨᠵᠡᠬᠡᠶᠢᠷᠡᠭᠦᠯᠭᠦ ᠠᠵᠢᠯ ᠢ ᠬᠠᠷᠢᠭᠤᠴᠠᠨ᠎ᠠ᠃ ᠪᠦᠭᠦ ᠬᠤᠰᠢᠭᠤᠨ ᠤ | ᠲᠣᠰᠬᠠᠢ ᠮᠡᠷᠬᠡᠵᠢᠯ ᠤᠨ ᠠᠵᠢᠯᠳᠠᠨ ᠤ ᠬᠠᠮᠢᠶᠠᠷᠣᠯᠳᠠ ᠶᠢᠨ ᠲᠦᠷᠣ ᠶᠢᠨ ᠪᠣᠳᠣᠯᠭ᠎ᠠ ᠪᠠ ᠲᠣᠰᠬᠠᠢ ᠮᠡᠷᠬᠡᠵᠢᠯ ᠤᠨ | ᠲᠣᠰᠢᠶᠠᠯ ᠤᠨ ᠬᠢᠷᠢ ᠬᠡᠮ ᠢ ᠬᠢᠨᠠᠨ ᠲᠣᠭᠳᠠᠭᠠᠬᠤ ᠲᠦᠷᠣ ᠶᠢᠨ ᠪᠣᠳᠣᠯᠭ᠎ᠠ ᠶᠢ ᠵᠣᠬᠢᠶᠠᠨ ᠪᠠᠶᠢᠭᠤᠯᠣᠨ | ᠬᠡᠷᠡᠭᠵᠢᠭᠦᠯᠣᠨ᠎ᠡ᠃ ᠠᠩᠬ᠎ᠠ ᠵᠡᠷᠬᠡ ᠶᠢᠨ ᠲᠣᠰᠬᠠᠢ ᠮᠡᠷᠬᠡᠵᠢᠯ ᠤᠨ ᠲᠣᠰᠢᠶᠠᠯ ᠢ ᠬᠢᠨᠠᠨ ᠲᠣᠭᠳᠠᠭᠠᠬᠤ ᠺᠣᠮᠢᠰ ᠤᠨ | ᠶᠡᠷᠣᠩᠬᠡᠶᠢᠯᠡᠭᠰᠡᠨ ᠬᠠᠮᠢᠶᠠᠷᠣᠯᠳᠠ ᠶᠢᠨ ᠠᠵᠢᠯ ᠪᠡ ᠲᠣᠮᠳᠠ᠂ ᠲᠡᠬᠡᠳᠣ ᠵᠡᠷᠬᠡ ᠶᠢᠨ ᠲᠣᠰᠬᠠᠢ ᠮᠡᠷᠬᠡᠵᠢᠯ ᠤᠨ | ᠲᠣᠰᠢᠶᠠᠯ ᠤᠨ ᠬᠢᠷᠢ ᠬᠡᠮ ᠢ ᠵᠣᠬᠢᠶᠠᠨ ᠪᠠᠶᠢᠭᠤᠯᠵᠣ ᠮᠡᠳᠡᠭᠦᠯᠭᠦ ᠪᠡ ᠬᠤᠯᠪᠣᠭᠳᠠᠯ ᠪᠦᠭᠦᠢ ᠠᠵᠢᠯ ᠢ ᠬᠠᠮᠢᠶᠠᠷᠣᠨ᠎ᠠ᠃ | ᠪᠠᠶᠢᠭᠤᠯᠭ᠎ᠠ᠂ ᠠᠵᠢᠯ ᠦᠢᠯᠡᠰ ᠤᠨ ᠲᠠᠩ ᠠᠵᠢᠯ ᠲᠦᠷᠣᠯ ᠤᠨ ᠦᠢᠯᠡᠴᠢᠯᠡᠬᠡᠨ ᠤ ᠮᠡᠷᠬᠡᠵᠢᠯ ᠤᠨ ᠠᠵᠢᠯᠳᠠᠨ ᠤ | ᠠᠵᠢᠯ ᠮᠡᠷᠬᠡᠵᠢᠯ ᠤᠨ ᠬᠢᠷᠢ ᠬᠡᠮ ᠤᠨ ᠰᠢᠯᠭᠠᠯᠳᠠ ᠳᠤ ᠮᠡᠳᠡᠭᠦᠯᠭᠦ ᠠᠵᠢᠯ ᠢ ᠬᠠᠷᠢᠭᠤᠴᠠᠨ᠎ᠠ᠃ ᠲᠣᠰᠬᠠᠢ ᠮᠡᠷᠬᠡᠵᠢᠯ | ᠤᠨ ᠠᠵᠢᠯᠳᠠᠨ ᠤ ᠦᠷᠭᠦᠯᠵᠢᠯᠡᠭᠰᠡᠨ ᠰᠣᠷᠭᠠᠨ ᠭᠦᠮᠣᠵᠢᠯ᠂ ᠲᠡᠬᠡᠳᠣ ᠲᠡᠰ ᠲᠠᠪᠬᠤᠷᠭ᠎ᠠ ᠶᠢᠨ ᠲᠣᠰᠬᠠᠢ ᠮᠡᠷᠬᠡᠵᠢᠯ | ᠤᠨ ᠴᠢᠳᠠᠪᠣᠷᠢᠳᠠᠨ ᠪᠡ ᠲᠡᠬᠡᠳᠣ ᠮᠡᠷᠬᠡᠵᠢᠯ ᠤᠨ ᠴᠢᠳᠠᠪᠣᠷᠢᠳᠠᠨ ᠢ ᠲᠦᠯᠣᠪᠵᠢᠭᠦᠯᠭᠦ ᠪᠡ ᠭᠦᠮᠣᠵᠢᠭᠦᠯᠭᠦ ᠠᠵᠢᠯ ᠢ | ᠬᠠᠷᠢᠭᠤᠴᠠᠵᠣ᠂ ᠲᠣᠪᠣᠶᠢᠮ᠎ᠠ ᠬᠤᠪᠢ ᠨᠡᠮᠡᠷᠢ ᠦᠵᠡᠭᠦᠯᠣᠭ᠍ᠰᠡᠨ ᠢᠳᠡᠷ ᠵᠠᠯᠠᠭᠤ ᠲᠣᠰᠬᠠᠢ ᠮᠡᠷᠬᠡᠵᠢᠯᠳᠡᠨ ᠵᠢᠴᠢ ᠡᠷᠳᠡᠮ | ᠰᠢᠨᠵᠢᠯᠡᠬᠡᠨ ᠤ ᠮᠡᠷᠬᠡᠵᠢᠯ ᠤᠨ ᠲᠠᠭᠠᠭᠤᠯᠣᠭᠴᠢ ᠶᠢ ᠲᠠᠨᠢᠯᠴᠠᠭᠤᠯᠵᠣ᠂ ᠰᠢᠯᠢᠨ ᠲᠡᠪᠰᠢᠭᠦᠯᠭᠦ᠂ ᠬᠠᠮᠢᠶᠠᠷᠬᠤ ᠵᠡᠷᠬᠡ | ᠬᠤᠯᠪᠣᠭᠳᠠᠯ ᠪᠦᠭᠦᠢ ᠠᠵᠢᠯ ᠢ ᠡᠭᠦᠷᠬᠡᠯᠡᠨ᠎ᠡ᠃ ᠲᠦᠷᠣ ᠶᠢᠨ ᠶᠠᠪᠣᠳᠠᠯ ᠤᠨ ᠬᠤᠷᠢᠶᠠᠨ ᠤ ᠵᠠᠰᠠᠭ ᠤᠨ ᠣᠷᠳᠣᠨ ᠤ | ᠣᠨᠴᠠᠭᠠᠢ ᠨᠡᠮᠡᠭᠦᠷᠢ ᠭᠦᠷᠳᠡᠭᠦ ᠭᠦᠮᠣᠰ ᠦᠪᠡᠷᠳᠡᠬᠡᠨ ᠵᠠᠰᠠᠬᠤ ᠣᠷᠣᠨ᠂ ᠠᠶᠢᠮᠠᠭ᠂ ᠬᠤᠰᠢᠭᠤᠨ ᠳᠤ ᠲᠣᠪᠣᠶᠢᠮ᠎ᠠ | ᠬᠤᠪᠢ ᠨᠡᠮᠡᠷᠢ ᠦᠵᠡᠭᠦᠯᠣᠭ᠍ᠰᠡᠨ ᠢᠳᠡᠷ ᠵᠠᠯᠠᠭᠤ ᠲᠣᠰᠬᠠᠢ ᠮᠡᠷᠬᠡᠵᠢᠯᠳᠡᠨ ᠢ ᠰᠢᠯᠢᠨ ᠰᠣᠩᠭᠤᠬᠤ᠂ ᠭᠤᠶᠣᠴᠢᠯᠠᠨ | ᠮᠡᠳᠡᠭᠦᠯᠭᠦ ᠠᠵᠢᠯ ᠢ ᠲᠠᠭᠠᠭᠠᠨ ᠬᠢᠯᠬᠡᠨ᠎ᠡ᠃ | ᠪᠦᠭᠦ ᠬᠤᠰᠢᠭᠤᠨ ᠤ ᠴᠢᠳᠠᠪᠣᠷᠢᠳᠠᠨ ᠵᠢᠴᠢ ᠴᠢᠳᠠᠪᠣᠷᠢᠳᠠᠨ ᠤ ᠡᠬᠢ ᠪᠠᠶᠠᠯᠢᠭ ᠢ ᠨᠡᠬᠡᠬᠡᠨ ᠭᠦᠭᠵᠢᠭᠦᠯᠭᠦ | ᠤᠷᠳᠤ ᠬᠤᠭᠤᠴᠠᠭᠠᠨ ᠤ ᠲᠦᠯᠣᠪᠵᠢᠭᠦᠯᠬᠡ ᠵᠢᠴᠢ ᠵᠢᠯ ᠤᠨ ᠲᠦᠯᠣᠪᠯᠡᠭᠡ ᠶᠢ ᠰᠣᠳᠣᠯᠣᠨ ᠲᠣᠭᠳᠠᠭᠠᠨ᠎ᠠ᠃ ᠡᠯ᠎ᠡ | ᠵᠦᠢᠯ ᠤᠨ《 ᠴᠢᠳᠠᠪᠣᠷᠢᠳᠠᠨ ᠤ ᠢᠨᠵᠧᠨᠧᠷᠢᠩ 》 ᠢ ᠨᠠᠶᠢᠳᠠᠪᠣᠷᠢᠵᠢᠭᠤᠯᠬᠤ ᠶᠢ ᠶᠡᠷᠣᠩᠬᠡᠶᠢᠯᠡᠨ ᠵᠣᠬᠢᠴᠠᠭᠤᠯᠵᠣ᠂ | ᠰᠢᠮᠳᠠᠭᠤᠯᠣᠨ ᠪᠠᠶᠢᠴᠠᠭᠠᠬᠤ ᠶᠢ ᠬᠠᠷᠢᠭᠤᠴᠠᠨ᠎ᠠ᠃ ᠴᠢᠳᠠᠪᠣᠷᠢᠳᠠᠨ ᠤ ᠵᠠᠬ᠎ᠠ ᠲᠡᠯᠬᠡᠭᠦᠷ ᠢ ᠬᠢᠨᠠᠨ ᠬᠠᠮᠢᠶᠠᠷᠬᠤ ᠪᠠ | ᠵᠢᠷᠣᠮᠵᠢᠭᠤᠯᠵᠣ᠂ ᠴᠢᠳᠠᠪᠣᠷᠢᠳᠠᠨ ᠤ ᠵᠠᠭᠤᠴᠢ ᠦᠢᠯᠡᠴᠢᠯᠡᠬᠡᠨ ᠤ ᠪᠠᠶᠢᠭᠤᠯᠣᠮᠵᠢ ᠶᠢᠨ ᠬᠠᠮᠢᠶᠠᠷᠣᠯᠳᠠ ᠶᠢᠨ ᠠᠵᠢᠯ ᠢ | ᠵᠢᠯᠣᠭᠤᠳᠣᠨ᠎ᠠ᠃ ᠠᠵᠢᠯ ᠣᠯᠣᠭᠠᠳᠣᠢ ᠲᠡᠬᠡᠳᠣ ᠰᠣᠷᠠᠭᠠᠭᠤᠯᠢ ᠲᠡᠭᠦᠰᠣᠭ᠍ᠰᠡᠳ ᠤᠨ ᠦᠨᠳᠣᠰᠣᠨ ᠪᠠᠶᠢᠳᠠᠯ ᠢ | ᠪᠦᠷᠢᠳᠬᠡᠭᠦ ᠶᠢᠨ ᠬᠠᠮᠳᠣ ᠲᠡᠬᠡᠭᠰᠢ ᠮᠡᠳᠡᠭᠦᠯᠭᠦ ᠬᠡᠷᠡᠭᠳᠠᠢ᠃ | ᠪᠦᠭᠦ ᠬᠤᠰᠢᠭᠤᠨ ᠤ ᠠᠵᠢᠯ ᠦᠢᠯᠡᠰ ᠤᠨ ᠨᠢᠬᠡᠴᠡ ᠶᠢᠨ ᠠᠵᠢᠯᠳᠠᠨ ᠤ ᠶᠠᠪᠣᠳᠠᠯ ᠤᠨ ᠲᠦᠷᠢᠮ ᠤᠨ | ᠦᠬᠡᠷᠡᠴᠢᠯᠡᠯᠳᠡ ᠪᠠ ᠠᠵᠢᠯᠳᠠᠨ ᠤ ᠶᠠᠪᠣᠳᠠᠯ ᠤᠨ ᠬᠠᠮᠢᠶᠠᠷᠣᠯᠳᠠ ᠶᠢᠨ ᠠᠵᠢᠯ ᠢ ᠵᠢᠯᠣᠭᠤᠳᠣᠨ᠎ᠠ᠃ ᠪᠦᠭᠦ | ᠬᠤᠰᠢᠭᠤᠨ ᠤ ᠠᠵᠢᠯ ᠦᠢᠯᠡᠰ ᠤᠨ ᠨᠢᠬᠡᠴᠡ ᠶᠢᠨ ᠠᠵᠢᠯᠳᠡᠨ ᠪᠡ ᠪᠠᠶᠢᠭᠤᠯᠭ᠎ᠠ ᠶᠢᠨ ᠦᠢᠯᠡᠴᠢᠯᠡᠬᠡᠨ ᠤ ᠠᠵᠢᠯᠳᠠᠨ | ᠤ ᠬᠠᠮᠢᠶᠠᠷᠣᠯᠳᠠ ᠶᠢᠨ ᠲᠦᠷᠢᠮ ᠢ ᠵᠣᠬᠢᠶᠠᠨ ᠪᠠᠶᠢᠭᠤᠯᠣᠨ ᠲᠣᠭᠤᠷᠪᠢᠨ ᠲᠣᠭᠳᠠᠭᠠᠬᠤ ᠶᠢᠨ ᠬᠠᠮᠳᠣ ᠵᠣᠬᠢᠶᠠᠨ | ᠪᠠᠶᠢᠭᠤᠯᠣᠨ ᠬᠡᠷᠡᠭᠵᠢᠭᠦᠯᠣᠨ᠎ᠡ᠃ ᠪᠦᠭᠦ ᠬᠤᠰᠢᠭᠤᠨ ᠤ ᠠᠵᠢᠯ ᠦᠢᠯᠡᠰ ᠤᠨ ᠨᠢᠬᠡᠴᠡ ᠶᠢᠨ ᠢᠯᠡ ᠪᠠᠷ ᠣᠷᠢᠨ | ᠬᠡᠷᠡᠭᠯᠡᠭᠦ᠂ ᠠᠵᠢᠯᠳᠠᠨ ᠢ ᠰᠢᠯᠵᠢᠭᠦᠯᠭᠦ᠂ ᠬᠢᠨᠠᠨ ᠰᠢᠯᠭᠠᠬᠤ᠂ ᠴᠢᠯᠣᠬᠡ ᠭᠤᠶᠣᠬᠤ᠂ ᠣᠷᠢᠨ ᠬᠡᠷᠡᠭᠯᠡᠭᠦ ᠬᠡᠷ᠎ᠡ ᠵᠡᠷᠬᠡ | ᠠᠵᠢᠯᠳᠠᠨ ᠤ ᠶᠠᠪᠣᠳᠠᠯ ᠤᠨ ᠶᠡᠷᠣᠩᠬᠡᠶᠢᠯᠡᠭᠰᠡᠨ ᠬᠠᠮᠢᠶᠠᠷᠣᠯᠳᠠ ᠶᠢᠨ ᠠᠵᠢᠯ ᠢ ᠬᠠᠷᠢᠭᠤᠴᠠᠨ᠎ᠠ᠃ ᠡᠷᠬᠡ ᠮᠡᠳᠡᠯ ᠤᠨ | ᠶᠣᠰᠣᠭᠠᠷ ᠪᠦᠭᠦ ᠬᠤᠰᠢᠭᠤᠨ ᠤ ᠠᠵᠣ ᠠᠬᠤᠶᠢᠯᠠᠯ ᠠᠵᠢᠯ ᠦᠢᠯᠡᠰ ᠤᠨ ᠨᠢᠬᠡᠴᠡ ᠶᠢᠨ ᠠᠵᠢᠯᠳᠡᠨ ᠤ ᠠᠯᠪᠡᠨ | ᠶᠠᠪᠣᠳᠠᠯ ᠢᠶᠠᠷ ᠭᠠᠳᠠᠭᠠᠳᠣ ︵ᠬᠢᠯᠢ︶ ᠳᠤ ᠭᠠᠷᠬᠤ ᠶᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | ︵ᠲᠠᠪᠤ︶ ᠴᠠᠯᠢᠩ ᠠᠰᠠᠷᠠᠮᠵᠢ ᠶᠢᠨ ᠲᠠᠰᠤᠭ᠃ ᠭᠤᠣᠯ ᠡᠭᠦᠷᠬᠡ ᠬᠠᠷᠢᠭᠤᠴᠠᠯᠭ᠎ᠠ᠄ ᠣᠯᠣᠰ᠂ ᠦᠪᠡᠷᠳᠡᠬᠡᠨ | ᠵᠠᠰᠠᠬᠤ ᠣᠷᠣᠨ᠂ ᠠᠶᠢᠮᠠᠭ ᠤᠨ ᠲᠣᠭᠳᠠᠭᠠᠭᠰᠠᠨ ᠠᠵᠢᠯ ᠦᠢᠯᠡᠰ ᠤᠨ ᠨᠢᠬᠡᠴᠡ ᠶᠢᠨ ᠠᠵᠢᠯᠳᠠᠨ ᠪᠡ ᠪᠠᠶᠢᠭᠤᠯᠭ᠎ᠠ | ᠶᠢᠨ ᠦᠢᠯᠡᠴᠢᠯᠡᠬᠡᠨ ᠤ ᠠᠵᠢᠯᠳᠠᠨ ᠤ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠳᠠ᠂ ᠠᠰᠠᠷᠠᠮᠵᠢ᠂ ᠠᠵᠢᠯ ᠠᠴᠠ | ᠪᠠᠨ ᠰᠠᠯᠵᠣ ᠠᠮᠠᠷᠠᠭᠰᠠᠨ ᠪᠠ ᠠᠵᠢᠯ ᠠᠴᠠ ᠪᠠᠨ ᠪᠠᠭᠤᠵᠣ ᠠᠮᠠᠷᠠᠬᠤ ᠲᠦᠷᠣ ᠶᠢᠨ ᠪᠣᠳᠣᠯᠭ᠎ᠠ ᠶᠢ ᠵᠣᠬᠢᠶᠠᠨ | ᠪᠠᠶᠢᠭᠤᠯᠣᠨ ᠬᠡᠷᠡᠭᠵᠢᠭᠦᠯᠣᠨ᠎ᠡ᠃ ᠪᠦᠭᠦ ᠬᠤᠰᠢᠭᠤᠨ ᠤ ᠠᠵᠢᠯ ᠦᠢᠯᠡᠰ ᠤᠨ ᠨᠢᠬᠡᠴᠡ ᠶᠢᠨ ᠴᠠᠯᠢᠩ ᠤᠨ ᠶᠡᠷᠣᠩᠬᠡᠢ | ᠲᠤᠭ᠎ᠠ ᠶᠢᠨ ᠬᠠᠮᠢᠶᠠᠷᠣᠯᠳᠠ ᠶᠢᠨ ᠬᠤᠯᠪᠣᠭᠳᠠᠯ ᠪᠦᠭᠦᠢ ᠠᠵᠢᠯ ᠪᠡ ᠴᠠᠯᠢᠩ ᠤᠨ ᠪᠦᠷᠢᠳᠬᠡᠯ ᠢ ᠡᠭᠦᠷᠬᠡᠯᠡᠨ᠎ᠡ᠃ | ᠬᠤᠰᠢᠭᠤ ᠱᠠᠳᠣᠨ ᠤ ᠡᠳ᠋ ᠤᠨ ᠵᠠᠰᠠᠭ ᠠᠴᠠ ᠨᠢᠬᠡᠳᠣᠯᠳᠠᠢ ᠪᠠᠷ ᠴᠠᠯᠢᠩ ᠤᠨ ᠬᠡᠪᠴᠢᠶᠡᠨ ᠳᠤ ᠣᠷᠣᠭᠤᠯᠣᠭᠰᠠᠨ | ᠠᠵᠢᠯ ᠦᠢᠯᠡᠰ ᠤᠨ ᠨᠢᠬᠡᠴᠡ ᠶᠢᠨ ᠠᠵᠢᠯᠳᠠᠨ ᠪᠠ ᠪᠠᠶᠢᠭᠤᠯᠭ᠎ᠠ ᠶᠢᠨ ᠦᠢᠯᠡᠴᠢᠯᠡᠬᠡᠨ ᠤ ᠠᠵᠢᠯᠳᠠᠨ ᠤ ᠴᠠᠯᠢᠩ᠂ | ᠱᠠᠩᠨᠠᠯ᠂ ᠨᠦᠭᠦᠪᠣᠷᠢ ᠮᠦᠩᠭᠦ ᠪᠠ ᠠᠵᠢᠯ ᠠᠴᠠ ᠪᠠᠨ ᠠᠮᠠᠷᠠᠭᠰᠠᠳ ᠪᠠᠭᠤᠭᠰᠠᠳ ᠤᠨ ᠵᠠᠷᠣᠳᠠᠯ ᠶᠢ ᠬᠢᠨᠠᠨ | ᠬᠠᠷᠭᠤᠭᠤᠯᠬᠤ ᠶᠢ ᠬᠠᠷᠢᠭᠤᠴᠠᠨ᠎ᠠ᠃ ᠣᠯᠣᠰ ᠤᠨ ᠬᠤᠯᠪᠣᠭᠳᠠᠯ ᠪᠦᠭᠦᠢ ᠠᠵᠢᠯ ᠦᠢᠯᠡᠰ ᠤᠨ ᠨᠢᠬᠡᠴᠡ ᠶᠢᠨ | ᠠᠵᠢᠯᠯᠠᠬᠤ ᠴᠠᠭ᠂ ᠠᠮᠠᠷᠠᠯᠳᠠ ᠶᠢᠨ ᠲᠦᠷᠢᠮ᠂ ᠠᠵᠢᠯᠯᠠᠭᠰᠠᠨ ᠣᠨ ᠵᠢᠯ ᠢ ᠪᠣᠳᠣᠬᠤ ᠵᠢᠴᠢ ᠠᠵᠢᠯᠳᠠᠨ ︵ᠠᠯᠪᠠᠨ | ᠪᠠᠶᠢᠭᠤᠯᠭ᠎ᠠ ᠶᠢᠨ ᠦᠢᠯᠡᠴᠢᠯᠡᠬᠡᠨ ᠤ ᠠᠵᠢᠯᠳᠠᠨ ᠪᠠᠭᠳᠠᠨ᠎ᠠ︶ ᠤ ᠡᠪᠡᠳᠴᠢᠨ ᠡᠮᠬᠡᠭ᠂ ᠠᠵᠢᠯ ᠠᠴᠠ ᠪᠣᠯᠣᠭᠰᠠᠨ | ᠬᠡᠮᠳᠣᠯ᠂ ᠭᠦᠩᠬᠡᠵᠢᠯᠳᠡ ᠠᠵᠢᠯ ᠵᠣᠭᠰᠣᠭᠰᠠᠨ ᠬᠤᠭᠤᠴᠠᠭᠠᠨ ᠤ ᠬᠠᠷᠠᠭᠠᠯᠵᠠᠯ᠂ ᠨᠠᠰᠦ ᠪᠠᠷᠠᠭᠰᠠᠳ ᠤᠨ | ᠠᠰᠠᠷᠠᠮᠵᠢ ᠶᠢᠨ ᠮᠦᠩᠭᠦ ᠵᠡᠷᠬᠡ ᠲᠦᠷᠣ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠣᠨ᠎ᠠ᠃ ᠪᠦᠭᠦ ᠬᠤᠰᠢᠭᠤᠨ ᠤ | ᠠᠵᠢᠯ ᠦᠢᠯᠡᠰ ᠤᠨ ᠨᠢᠬᠡᠴᠡ ᠶᠢᠨ ᠠᠵᠢᠯᠯᠠᠭᠰᠠᠨ ᠣᠨ ᠵᠢᠯ ᠤᠨ ᠦᠬᠡᠷᠡᠴᠢᠯᠡᠯᠳᠡ ᠶᠢᠨ ᠬᠢᠨᠠᠨ ᠵᠦᠪᠰᠢᠶᠡᠷᠡᠯ ᠢ | ᠬᠠᠷᠢᠭᠤᠴᠠᠨ᠎ᠠ᠃ ᠪᠦᠭᠦ ᠬᠤᠰᠢᠭᠤᠨ ᠤ ᠠᠵᠢᠯ ᠦᠢᠯᠡᠰ ᠤᠨ ᠨᠢᠬᠡᠴᠡ ᠶᠢᠨ ᠠᠵᠢᠯᠳᠡᠨ ᠪᠠ ᠠᠯᠪᠠᠨ ᠪᠠᠶᠢᠭᠤᠯᠭ᠎ᠠ | ᠶᠢᠨ ᠦᠢᠯᠡᠴᠢᠯᠡᠬᠡᠨ ᠤ ᠠᠵᠢᠯᠳᠠᠨ ᠤ ᠠᠵᠢᠯ ᠠᠴᠠ ᠪᠠᠨ ᠰᠠᠯᠬᠤ᠂ ᠠᠵᠢᠯ ᠠᠴᠠ ᠪᠠᠨ ᠠᠮᠠᠷᠠᠬᠤ ︵ᠠᠵᠢᠯ ᠠᠴᠠ | ᠪᠠᠨ ᠪᠠᠭᠤᠬᠤ︶ ᠲᠦᠷᠣ ᠶᠢᠨ ᠪᠣᠳᠣᠯᠭ᠎ᠠ ᠶᠢᠨ ᠨᠠᠶᠢᠳᠠᠪᠣᠷᠢᠵᠢᠭᠤᠯᠣᠯᠳᠠ᠂ ᠬᠠᠮᠢᠶᠠᠷᠣᠯᠳᠠ ᠦᠢᠯᠡᠴᠢᠯᠡᠬᠡᠨ ᠤ ᠠᠵᠢᠯ | ᠢ ᠬᠠᠷᠢᠭᠤᠴᠠᠨ᠎ᠠ᠃ ᠪᠦᠭᠦ ᠬᠤᠰᠢᠭᠤᠨ ᠤ ᠲᠡᠬᠡᠳᠣ ᠲᠡᠰ ᠤᠨ ᠲᠣᠰᠬᠠᠢ ᠮᠡᠷᠬᠡᠵᠢᠯᠳᠡᠨ ᠤ ᠠᠵᠢᠯ ᠠᠴᠠ ᠪᠠᠨ | ᠠᠮᠠᠷᠠᠬᠤ ᠨᠠᠰᠣ ᠶᠢ ᠣᠷᠳᠣᠳᠬᠠᠭᠰᠠᠨ ᠵᠢᠴᠢ ᠠᠵᠢᠯ ᠠᠴᠠ ᠪᠠᠨ ᠠᠮᠠᠷᠠᠭᠰᠠᠳ ᠪᠠᠭᠤᠭᠰᠠᠳ ᠤᠨ ᠵᠠᠷᠣᠳᠠᠯ ᠶᠢ | ᠲᠣᠬᠢᠷᠠᠭᠤᠯᠬᠤ ᠪᠠ ᠠᠵᠢᠯ ᠦᠢᠯᠡᠰ ᠤᠨ ᠨᠢᠬᠡᠴᠡ ᠶᠢᠨ ᠠᠵᠢᠯᠳᠠᠨ᠂ ᠪᠠᠶᠢᠭᠤᠯᠭ᠎ᠠ ᠶᠢᠨ ᠦᠢᠯᠡᠴᠢᠯᠡᠬᠡᠨ ᠤ | ᠠᠵᠢᠯᠳᠠᠨ ᠤ ᠴᠠᠯᠢᠩ᠂ ᠱᠠᠩᠨᠠᠯ᠂ ᠨᠦᠭᠦᠪᠦᠷᠢ ᠮᠦᠩᠭᠦ ᠶᠢ ᠲᠣᠬᠢᠷᠠᠭᠤᠯᠬᠤ ᠶᠢ ᠬᠢᠨᠠᠨ ᠵᠦᠪᠰᠢᠶᠡᠷᠡᠭᠦ ᠠᠵᠢᠯ ᠢ | ᠬᠠᠷᠢᠭᠤᠴᠠᠨ᠎ᠠ᠃ | ︵ᠵᠢᠷᠭᠤᠭ᠎ᠠ︶ ᠭᠦᠳᠡᠯᠮᠣᠷᠢ ᠶᠢᠨ ᠬᠠᠷᠢᠴᠠᠭ᠎ᠠ ᠶᠢᠨ ᠬᠠᠣᠯᠢ ᠲᠣᠭᠳᠠᠭᠠᠯ ᠤᠨ ᠲᠠᠰᠤᠭ᠃ ᠭᠤᠣᠯ ᠡᠭᠦᠷᠬᠡ | ᠬᠠᠷᠢᠭᠤᠴᠠᠯᠭ᠎ᠠ᠄ ᠭᠦᠳᠡᠯᠮᠣᠷᠢ ᠠᠵᠢᠯᠳᠠᠨ ᠤ ᠶᠠᠪᠣᠳᠠᠯ ᠤᠨ ᠮᠠᠷᠭᠤᠯᠳᠣᠭᠠᠨ ᠢ ᠣᠷᠢᠳᠴᠢᠯᠠᠨ ᠰᠡᠷᠬᠡᠶᠢᠯᠡᠭᠦ ᠠᠵᠢᠯ ᠢ | ᠦᠷᠨᠢᠭᠦᠯᠭᠦ ᠶᠢ ᠬᠠᠷᠢᠭᠤᠴᠠᠨ ᠵᠢᠯᠣᠭᠤᠳᠣᠨ᠎ᠠ᠃ ᠬᠤᠰᠢᠭᠤᠨ ᠤ ᠭᠦᠳᠡᠯᠮᠣᠷᠢ ᠠᠵᠢᠯᠳᠠᠨ ᠤ ᠶᠠᠪᠣᠳᠠᠯ ᠤᠨ | ᠮᠠᠷᠭᠤᠯᠳᠣᠭᠠᠨ ᠢ ᠭᠦᠨᠳᠠᠯᠠᠨ ᠠᠴᠠ ᠲᠠᠰᠣᠯᠬᠤ ᠺᠣᠮᠢᠰ ᠤᠨ ᠡᠳᠣᠷ ᠲᠣᠳᠣᠮ ᠤᠨ ᠠᠵᠢᠯ ᠢ ᠲᠠᠭᠠᠭᠠᠨ ᠬᠢᠵᠣ᠂ | ᠬᠤᠰᠢᠭᠤᠨ ᠤ ᠭᠦᠳᠡᠯᠮᠣᠷᠢ ᠠᠵᠢᠯᠳᠠᠨ ᠤ ᠶᠠᠪᠣᠳᠠᠯ ᠤᠨ ᠮᠠᠷᠭᠤᠯᠳᠣᠭᠠᠨ ᠢ ᠭᠦᠨᠳᠠᠯᠠᠨ ᠠᠴᠠ ᠲᠠᠰᠣᠯᠬᠤ ᠺᠣᠮᠢᠰ ᠤᠨ | ᠬᠠᠷᠢᠶᠠᠯᠠᠬᠤ ᠬᠡᠪᠴᠢᠶᠡᠨ ᠳᠠᠬᠢ ᠭᠦᠳᠡᠯᠮᠣᠷᠢ ᠠᠵᠢᠯᠳᠠᠨ ᠤ ᠶᠠᠪᠣᠳᠠᠯ ᠤᠨ ᠮᠠᠷᠭᠤᠯᠳᠣᠭᠠᠨ ᠤ ᠬᠡᠷᠡᠭ ᠢ ᠬᠠᠣᠯᠢ | ᠶᠣᠰᠣᠭᠠᠷ ᠰᠢᠢᠳᠪᠣᠷᠢᠯᠡᠵᠣ᠂ ᠬᠤᠰᠢᠭᠤᠨ ᠤ ᠲᠣᠳᠣᠷᠠᠬᠢ ᠴᠢᠬᠤᠯᠠ ᠶᠡᠭᠡ ᠬᠠᠮᠳᠣ ᠶᠢᠨ ᠭᠦᠳᠡᠯᠮᠣᠷᠢ ᠠᠵᠢᠯᠳᠠᠨ ᠤ | ᠶᠠᠪᠣᠳᠠᠯ ᠤᠨ ᠮᠠᠷᠭᠤᠯᠳᠣᠭᠠᠨ ᠢ ᠵᠣᠬᠢᠴᠠᠭᠤᠯᠣᠨ ᠰᠢᠢᠳᠪᠣᠷᠢᠯᠡᠨ᠎ᠡ᠃ ᠪᠦᠭᠦ ᠬᠤᠰᠢᠭᠤᠨ ᠤ ᠭᠦᠳᠡᠯᠮᠣᠷᠢ ᠠᠵᠢᠯᠳᠠᠨ | ᠤ ᠶᠠᠪᠣᠳᠠᠯ ᠤᠨ ᠮᠠᠷᠭᠤᠯᠳᠣᠭᠠᠨ ᠢ ᠡᠶᠡᠳᠠᠭᠦᠯᠵᠣ ᠭᠦᠨᠳᠡᠯᠡᠨ ᠠᠴᠠ ᠲᠠᠰᠣᠯᠣᠭᠰᠠᠨ ᠪᠠᠶᠢᠳᠠᠯ ᠤᠨ ᠲᠤᠭ᠎ᠠ ᠪᠦᠷᠢᠳᠬᠡᠯ | ᠤᠨ ᠮᠡᠳᠡᠭᠦᠯᠭᠦ ᠭᠦᠰᠣᠨᠣᠭ᠍ᠳᠣ ᠪᠣᠯᠣᠨ ᠶᠡᠷᠣᠩᠬᠡᠶᠢᠯᠡᠨ ᠵᠠᠳᠠᠯᠠᠬᠤ ᠠᠵᠢᠯ ᠢ ᠬᠠᠷᠢᠭᠤᠴᠠᠨ᠎ᠠ᠂ ᠠᠵᠢᠯ ᠠᠴᠠ ᠪᠣᠯᠣᠭᠰᠠᠨ | ᠬᠡᠮᠳᠣᠯ ᠤᠨ ᠲᠡᠰ ᠪᠠ ᠠᠵᠢᠯ ᠤᠨ ᠨᠦᠯᠣᠬᠡᠨ ᠤ ᠡᠪᠡᠳᠴᠢᠨ ᠠᠴᠠ ᠪᠣᠯᠣᠭᠰᠠᠨ ᠬᠡᠮᠳᠣᠯ ᠤᠨ ᠲᠡᠰ ᠢ ᠬᠢᠨᠡᠨ | ᠲᠣᠭᠳᠠᠭᠠᠬᠤ ᠠᠵᠢᠯ ᠢ ᠵᠣᠬᠢᠶᠠᠨ ᠪᠠᠶᠢᠭᠤᠯᠵᠣ ᠮᠡᠳᠡᠭᠦᠯᠣᠨ ᠭᠦᠷᠬᠡᠨ᠎ᠡ᠃ | ᠭᠦᠳᠡᠯᠮᠣᠷᠢ ᠶᠢᠨ ᠬᠠᠷᠢᠴᠠᠭ᠎ᠠ ᠶᠢᠨ ᠲᠣᠬᠠᠢ ᠲᠦᠷᠣ ᠶᠢᠨ ᠪᠣᠳᠣᠯᠭ᠎ᠠ ᠬᠠᠣᠯᠢ ᠲᠣᠭᠳᠠᠭᠠᠯ ᠢ ᠲᠣᠣᠱᠯᠠᠭᠤᠯᠣᠨ | ᠬᠡᠷᠡᠭᠵᠢᠭᠦᠯᠣᠨ᠎ᠡ᠃ ᠪᠦᠭᠦ ᠬᠤᠰᠢᠭᠤᠨ ᠤ ᠭᠦᠳᠡᠯᠮᠣᠷᠢ ᠶᠢᠨ ᠬᠠᠷᠢᠴᠠᠭ᠎ᠠ ᠶᠢ ᠲᠣᠬᠢᠷᠠᠭᠤᠯᠬᠤ ᠦᠨᠳᠣᠰᠣᠨ ᠲᠦᠷᠢᠮ | ᠢ ᠲᠣᠭᠳᠠᠭᠠᠵᠣ᠂ ᠡᠯ᠎ᠡ ᠲᠦᠷᠣᠯ ᠤᠨ ᠭᠦᠮᠣᠨ ᠬᠡᠷᠡᠭᠯᠡᠭᠦ ᠨᠢᠬᠡᠴᠡ ᠶᠢᠨ ᠭᠦᠳᠡᠯᠮᠣᠷᠢ ᠶᠢᠨ ᠪᠠᠳᠣᠯᠠᠭ᠎ᠠ ᠶᠢᠨ ᠲᠦᠷᠢᠮ | ᠲᠣᠭᠳᠠᠭᠠᠯ ᠶᠢ ᠲᠠᠩᠰᠠᠯᠠᠭᠤᠯᠣᠨ ᠬᠢᠨᠠᠨ ᠪᠠᠶᠢᠴᠠᠭᠠᠬᠤ᠂ ᠭᠦᠳᠡᠯᠮᠣᠷᠢ ᠶᠢᠨ ᠬᠡᠷ᠎ᠡ ᠶᠢᠨ ᠬᠠᠮᠢᠶᠠᠷᠣᠯᠳᠠ᠂ ᠬᠠᠮᠳᠣ ᠶᠢᠨ | ᠬᠡᠷ᠎ᠡ ᠶᠢ ᠬᠢᠨᠠᠨ ᠬᠠᠷᠭᠤᠭᠤᠯᠵᠣ ᠲᠠᠩᠰᠠᠯᠠᠬᠤ ᠶᠢ ᠬᠠᠷᠢᠭᠤᠴᠠᠨ᠎ᠠ᠃ ᠣᠯᠣᠰ ᠤᠨ ᠦᠮᠴᠢᠯᠡᠯ ᠤᠨ ᠠᠵᠣ ᠠᠬᠤᠶᠢᠯᠠᠯ | ᠤᠨ ᠠᠵᠢᠯ ᠤᠨ ᠪᠠᠶᠢᠷᠢ ᠠᠴᠠ ᠪᠠᠨ ᠪᠠᠭᠤᠭᠰᠠᠨ ᠠᠵᠢᠯᠳᠠᠨ ᠠᠵᠢᠯᠴᠢᠨ ᠤ ᠭᠦᠳᠡᠯᠮᠣᠷᠢ ᠶᠢᠨ ᠬᠠᠷᠢᠴᠠᠭ᠎ᠠ ᠶᠢ | ᠰᠢᠢᠳᠪᠣᠷᠢᠯᠡᠭᠦ᠂ ᠠᠵᠣ ᠠᠬᠤᠶᠢᠯᠠᠯ ᠤᠨ ᠠᠵᠣ ᠠᠬᠤᠢ ᠶᠢᠨ ᠴᠢᠨᠠᠷᠳᠠᠢ ᠭᠦᠮᠣᠨ ᠬᠠᠰᠣᠬᠤ ᠪᠠ ᠭᠦᠳᠡᠯᠮᠣᠷᠢ | ᠦᠢᠯᠡᠴᠢᠯᠡᠭᠡ ᠲᠣᠮᠢᠯᠠᠬᠤ ᠲᠦᠷᠣ ᠶᠢᠨ ᠪᠣᠳᠣᠯᠭ᠎ᠠ ᠶᠢ ᠲᠣᠭᠤᠷᠪᠢᠨ ᠲᠣᠭᠳᠠᠭᠠᠨ᠎ᠠ᠃ ᠠᠵᠣ ᠠᠬᠤᠶᠢᠯᠠᠯ ᠤᠨ | ᠠᠵᠢᠯᠳᠠᠨ ᠠᠵᠢᠯᠴᠢᠨ ᠤ ᠠᠵᠢᠯᠯᠠᠬᠤ ᠴᠠᠭ᠂ ᠠᠮᠠᠷᠠᠯᠳᠠ ᠪᠠ ᠠᠮᠠᠷᠠᠯᠳᠠ ᠶᠢᠨ ᠴᠢᠯᠣᠬᠡ ᠠᠪᠬᠤ ᠲᠦᠷᠢᠮ᠂ ᠲᠦᠷᠣᠯ | ᠰᠠᠳᠣᠨ ᠢᠶᠠᠨ ᠡᠷᠬᠢᠵᠣ ᠦᠵᠡᠭᠦ ᠴᠢᠯᠣᠬᠡᠨ ᠤ ᠲᠦᠷᠢᠮ᠂ ᠠᠵᠢᠯᠳᠠᠨ ᠠᠵᠢᠯᠴᠢᠨ ᠤ ᠠᠰᠠᠷᠠᠮᠵᠢ ᠶᠢᠨ ᠲᠦᠷᠢᠮ | ᠪᠣᠯᠣᠨ ᠡᠮᠡᠭᠳᠠᠢ ᠠᠵᠢᠯᠴᠢᠨ᠂ ᠨᠠᠰᠣᠨ ᠳᠤ ᠭᠦᠷᠣᠬᠡᠳᠣᠢ ᠠᠵᠢᠯᠴᠢᠨ ᠵᠢᠴᠢ ᠣᠨᠴᠠᠭᠠᠢ ᠢᠨᠵᠧᠨᠧᠷᠢᠩ ᠤᠨ | ᠭᠦᠳᠡᠯᠮᠣᠷᠢ ᠶᠢᠨ ᠪᠠᠳᠣᠯᠠᠭ᠎ᠠ ᠶᠢᠨ ᠲᠦᠷᠣ ᠶᠢᠨ ᠪᠣᠳᠣᠯᠭ᠎ᠠ ᠶᠢ ᠬᠢᠨᠠᠯᠳᠠ ᠲᠠᠯᠪᠢᠨ ᠬᠡᠷᠡᠭᠵᠢᠭᠦᠯᠣᠨ᠎ᠡ᠃ ᠭᠦᠳᠡᠯᠮᠣᠷᠢ | ᠶᠢᠨ ᠵᠢᠱᠢᠶᠡᠴᠢ ᠶᠢ ᠬᠢᠨᠠᠨ ᠲᠣᠭᠳᠠᠭᠠᠬᠤ ᠳᠤ ᠣᠷᠣᠯᠴᠠᠨ᠎ᠠ᠃ ᠠᠵᠣ ᠠᠬᠤᠶᠢᠯᠠᠯ ᠤᠨ ᠠᠵᠢᠯᠳᠠᠨ ᠠᠵᠢᠯᠴᠢᠨ ᠤ | ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠳᠠ ᠶᠢᠨ ᠬᠤᠷᠸ᠎ᠡ ᠲᠣᠬᠢᠷᠠᠭᠤᠯᠣᠯ ᠡᠵᠡᠮᠳᠡᠯ ᠤᠨ ᠲᠦᠷᠣ ᠶᠢᠨ ᠪᠣᠳᠣᠯᠭ᠎ᠠ | ᠪᠠ ᠴᠠᠯᠢᠩ ᠦᠭᠭᠦ ᠶᠢ ᠬᠢᠨᠠᠨ ᠬᠠᠮᠢᠶᠠᠷᠬᠤ ᠬᠠᠮᠢᠶ᠎ᠠ ᠪᠦᠭᠦᠢ ᠲᠦᠷᠣ ᠶᠢᠨ ᠪᠣᠳᠣᠯᠭ᠎ᠠ ᠶᠢ ᠲᠣᠣᠱᠯᠠᠭᠤᠯᠣᠨ | ᠨᠠᠶᠢᠳᠠᠪᠣᠷᠢᠵᠢᠭᠤᠯᠣᠨ᠎ᠠ᠃ ᠣᠯᠣᠰ ᠤᠨ ᠦᠮᠴᠢᠯᠡᠯ ᠤᠨ ᠠᠵᠣ ᠠᠬᠤᠶᠢᠯᠠᠯ ᠤᠨ ᠴᠠᠯᠢᠩ ᠤᠨ ᠶᠡᠷᠣᠩᠬᠡᠢ ᠲᠤᠭ᠎ᠠ ᠶᠢᠨ | ᠬᠠᠮᠢᠶᠠᠷᠣᠯᠳᠠ ᠪᠠ ᠠᠵᠣ ᠠᠬᠤᠶᠢᠯᠠᠯ ᠤᠨ ᠬᠠᠷᠢᠭᠤᠴᠠᠯᠭᠠᠳᠠᠨ ᠤ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠳᠠ ᠶᠢ | ᠵᠢᠯᠣᠭᠤᠳᠣᠨ ᠬᠢᠨᠠᠨ᠎ᠠ᠃ ᠠᠵᠣ ᠠᠬᠤᠶᠢᠯᠠᠯ ᠤᠨ ᠴᠠᠯᠢᠩ ᠤᠨ ᠵᠢᠯᠣᠭᠤᠳᠬᠤ ᠱᠣᠭᠤᠮ᠂ ᠪᠦᠭᠦ ᠬᠤᠰᠢᠭᠤᠨ ᠤ | ᠬᠠᠮᠤᠭ ᠤᠨ ᠲᠣᠣᠷ᠎ᠠ ᠴᠠᠯᠢᠩ ᠤᠨ ᠪᠠᠷᠢᠮᠵᠢᠶ᠎ᠠ ᠶᠢ ᠨᠡᠶᠢᠳᠡᠯᠡᠭᠦ ᠶᠢᠨ ᠬᠠᠮᠳᠣ ᠬᠢᠨᠠᠯᠳᠠ ᠲᠠᠯᠪᠢᠵᠣ ᠬᠡᠷᠡᠭᠵᠢᠭᠦᠯᠣᠨ᠎ᠡ᠃ | ᠬᠤᠯᠪᠣᠭᠳᠠᠯ ᠪᠦᠭᠦᠢ ᠰᠠᠯᠠᠭ᠎ᠠ ᠮᠦᠴᠢᠷ ᠲᠠᠢ ᠬᠠᠮᠳᠣᠷᠠᠨ ᠠᠵᠣ ᠠᠬᠤᠶᠢᠯᠠᠯ ᠤᠨ ᠴᠠᠯᠢᠩ ᠤᠨ ᠲᠣᠳᠣᠷ᠎ᠠ ᠭᠠᠳᠠᠨᠠᠬᠢ | ᠣᠷᠣᠯᠭ᠎ᠠ ᠳᠤ ᠬᠢᠨᠠᠯᠳᠠ ᠲᠠᠯᠪᠢᠵᠣ ᠪᠠᠶᠢᠴᠠᠭᠠᠬᠤ ᠠᠵᠢᠯ ᠢ ᠦᠷᠨᠢᠭᠦᠯᠣᠨ᠎ᠡ᠃ ᠭᠦᠳᠡᠯᠮᠣᠷᠢ ᠶᠢᠨ ᠬᠠᠷᠢᠴᠠᠭ᠎ᠠ ᠶᠢᠨ | ᠭᠤᠷᠪᠠᠨ ᠲᠠᠯ᠎ᠠ ᠶᠢᠨ ᠵᠣᠬᠢᠴᠠᠭᠤᠯᠬᠤ ᠠᠵᠢᠯ ᠳᠤ ᠣᠷᠣᠯᠴᠠᠵᠣ᠂ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ | ᠬᠠᠮᠳᠣᠷᠠᠨ ᠪᠦᠭᠦ ᠬᠤᠰᠢᠭᠤᠨ ᠤ ᠮᠠᠯᠴᠢᠨ ᠲᠠᠷᠢᠶᠠᠴᠢᠨ ᠭᠦᠴᠣ ᠶᠠᠪᠣᠭᠴᠢ ᠤᠨ ᠠᠵᠢᠯ ᠤᠨ ᠶᠡᠷᠣᠩᠬᠡᠶᠢᠯᠡᠭᠰᠡᠨ | ᠴᠢᠨᠠᠷᠳᠠᠢ ᠲᠦᠯᠣᠪᠵᠢᠭᠦᠯᠬᠡ ᠶᠢ ᠵᠣᠬᠢᠶᠠᠨ ᠪᠠᠶᠢᠭᠤᠯᠣᠨ ᠲᠣᠭᠳᠠᠭᠠᠵᠣ᠂ ᠬᠤᠯᠪᠣᠭᠳᠠᠯ ᠪᠦᠭᠦᠢ ᠴᠢᠬᠤᠯᠠ ᠶᠡᠭᠡ | ᠠᠰᠠᠭᠤᠳᠠᠯ ᠢ ᠵᠣᠬᠢᠴᠠᠭᠤᠯᠣᠨ ᠰᠢᠢᠳᠪᠣᠷᠢᠯᠡᠵᠣ᠂ ᠲᠠᠷᠢᠶᠠᠴᠢᠨ ᠮᠠᠯᠴᠢᠨ ᠭᠦᠴᠣ ᠶᠠᠪᠣᠭᠰᠠᠳ ᠤᠨ ᠬᠠᠣᠯᠢ ᠶᠣᠰᠣᠨ | ᠤ ᠡᠷᠬᠡ ᠠᠰᠢᠭ ᠢ ᠬᠠᠮᠠᠭᠠᠯᠠᠨ᠎ᠠ᠃ | ᠣᠯᠣᠰ᠂ ᠦᠪᠡᠷᠳᠡᠬᠡᠨ ᠵᠠᠰᠠᠬᠤ ᠣᠷᠣᠨ᠂ ᠠᠶᠢᠮᠠᠭ ᠤᠨ ᠭᠦᠳᠡᠯᠮᠣᠷᠢ ᠶᠢᠨ ᠪᠠᠳᠣᠯᠠᠭ᠎ᠠ ᠶᠢᠨ ᠬᠠᠣᠯᠢ ᠴᠠᠭᠠᠵᠠ | ᠬᠠᠣᠯᠢ ᠲᠣᠭᠳᠠᠭᠠᠯ ᠶᠢ ᠣᠬᠠᠭᠤᠯᠬᠤ ᠶᠢᠨ ᠬᠠᠮᠳᠣ ᠭᠦᠮᠣᠨ ᠬᠡᠷᠡᠭᠯᠡᠭᠦ ᠨᠢᠬᠡᠴᠡ ᠪᠣᠯᠣᠨ ᠭᠦᠳᠡᠯᠮᠣᠷᠢᠯᠡᠭᠴᠢ ᠶᠢ | ᠰᠢᠮᠳᠠᠭᠤᠯᠵᠣ ᠪᠠᠶᠢᠭᠠᠳ ᠲᠣᠣᠱᠯᠠᠭᠤᠯᠣᠨ ᠬᠡᠷᠡᠭᠵᠢᠭᠦᠯᠣᠨ᠎ᠡ᠃ ᠭᠦᠳᠡᠯᠮᠣᠷᠢ ᠶᠢᠨ ᠪᠠᠳᠣᠯᠭ᠎ᠠ ᠶᠢᠨ ᠬᠢᠨᠠᠨ | ᠪᠠᠶᠢᠴᠠᠭᠠᠬᠤ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠭᠦ ᠠᠵᠢᠯ ᠢ ᠬᠠᠷᠢᠭᠤᠴᠠᠨ ᠵᠢᠯᠣᠭᠤᠳᠴᠣ᠂ ᠬᠠᠣᠯᠢ | ᠬᠡᠷᠡᠭᠵᠢᠭᠦᠯᠭᠦ ᠴᠢᠳᠠᠪᠣᠷᠢ ᠶᠢᠨ ᠪᠠᠶᠢᠭᠤᠯᠣᠯᠳᠠ ᠶᠢ ᠴᠢᠩᠭᠠᠳᠬᠠᠨ᠎ᠠ᠃ ᠵᠠᠰᠠᠭ ᠵᠠᠬᠢᠷᠭᠠᠨ ᠤ ᠰᠢᠢᠳᠪᠣᠷᠢᠯᠡᠭᠦ ︵ | ᠰᠢᠢᠳᠬᠡᠭᠦ︶ ᠬᠡᠷᠡᠭ ᠢ ᠬᠠᠣᠯᠢ ᠶᠣᠰᠣᠭᠠᠷ ᠭᠠᠷᠭᠠᠬᠤ ᠪᠦᠭᠡᠳ ᠠᠷᠠᠳ ᠤᠨ ᠰᠢᠭᠦᠭᠦ ᠬᠤᠷᠢᠶ᠎ᠠ ᠳᠤ ᠠᠯᠪᠠᠳᠠᠨ | ᠭᠦᠢᠴᠡᠳᠬᠡᠭᠦᠯᠭᠦ ᠠᠵᠢᠯ ᠢ ᠬᠠᠣᠯᠢ ᠶᠣᠰᠣᠭᠠᠷ ᠭᠤᠶᠣᠴᠢᠯᠠᠬᠤ ᠶᠢ ᠬᠠᠷᠢᠭᠤᠴᠠᠨ᠎ᠠ᠃ ᠭᠦᠳᠡᠯᠮᠣᠷᠢ ᠶᠢᠨ ᠬᠢᠨᠠᠨ | ᠪᠠᠶᠢᠴᠠᠭᠠᠭᠴᠢ ᠶᠢᠨ ᠬᠠᠣᠯᠢ ᠭᠡᠷᠡᠭᠵᠢᠭᠦᠯᠭᠦ ᠬᠠᠮᠢᠶᠠᠷᠣᠯᠳᠠ ᠶᠢᠨ ᠠᠵᠢᠯ ᠢ ᠬᠠᠷᠢᠭᠤᠴᠠᠨ᠎ᠠ᠃ ᠠᠵᠣ ᠠᠬᠤᠶᠢᠯᠠᠯ ᠤᠨ | ᠢᠳᠡᠬᠡᠮᠵᠢ ᠶᠢᠨ ᠰᠢᠰᠲ᠋ᠧᠮ ᠶᠢᠨ ᠪᠠᠶᠢᠭᠤᠯᠣᠯᠳᠠ ᠶᠢᠨ ᠠᠵᠢᠯ ᠢ ᠲᠦᠷᠣᠭᠦᠯᠡᠨ ᠠᠬᠢᠭᠤᠯᠬᠤ ᠶᠢ ᠬᠠᠷᠢᠭᠤᠴᠠᠨ᠎ᠠ᠃ | ᠲᠠᠪᠣᠳᠣᠭᠠᠷ ᠵᠦᠢᠯ ᠤᠷᠤᠨᠲᠤᠭᠠ ᠪᠠ ᠲᠣᠰᠢᠶᠠᠯ ᠤᠨ ᠲᠤᠭ᠎ᠠ ᠄ ᠭᠦᠮᠣᠨ ᠤ ᠭᠦᠴᠣᠨ ᠤ ᠡᠬᠢ ᠪᠠᠶᠠᠯᠢᠭ | ᠪᠠ ᠨᠡᠶᠢᠬᠡᠮ ᠤᠨ ᠪᠠᠳᠣᠯᠠᠭ᠎ᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ ᠶᠢᠰᠣᠨ ᠭᠦᠮᠣᠨ᠃ | ᠲᠣᠪᠴᠢᠶᠠᠨ ᠲᠠᠷᠤᠭ᠎ᠠ ᠨᠢᠬᠡ ᠨᠡᠷ᠎ᠡ᠂ ᠲᠡᠳ᠋ ᠲᠣᠪᠴᠢᠶᠠᠨ ᠲᠠᠷᠤᠭ᠎ᠠ ᠬᠤᠶᠠᠷ ᠨᠡᠷ᠎ᠡ ᠲᠣᠬᠢᠷᠠᠭᠤᠯᠵᠠᠢ᠃ | ᠵᠢᠷᠭᠤᠳᠣᠭᠠᠷ ᠵᠦᠢᠯ ᠠᠵᠢᠯ ᠦᠢᠯᠡᠰ ᠤᠨ ᠨᠢᠬᠡᠴᠡ ᠄ ᠭᠦᠮᠣᠨ ᠤ ᠭᠦᠴᠣᠨ ᠤ ᠡᠬᠢ ᠪᠠᠶᠠᠯᠢᠭ ᠪᠠ ᠨᠡᠶᠢᠬᠡᠮ | ᠤᠨ ᠪᠠᠳᠣᠯᠠᠭ᠎ᠠ ᠶᠢᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠬᠡᠴᠡ ᠶᠢᠨ ᠪᠠᠶᠢᠷᠢᠯᠠᠭᠤᠯᠣᠯᠳᠠ᠂ ᠡᠭᠦᠷᠬᠡ | ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠢᠯᠡᠰ ᠢ ᠠᠰ ᠳᠤᠨᠢ ᠲᠣᠭᠳᠠᠭᠠᠨ᠎ᠠ᠃ | ᠲᠣᠯᠣᠳᠣᠭᠠᠷ ᠵᠦᠢᠯ ᠲᠠᠶᠢᠯᠪᠣᠷᠢᠯᠠᠯᠳᠠ ᠬᠢᠭᠦ ᠡᠷᠬᠡ ᠪᠠ ᠲᠣᠬᠢᠷᠠᠭᠤᠯᠣᠯᠳᠠ ᠬᠢᠭᠦ ᠵᠢᠷᠣᠮ᠄ ᠲᠣᠰ ᠲᠣᠭᠳᠠᠭᠠᠯ ᠢ | ᠲᠣᠮᠳᠠᠳᠣ ᠣᠯᠣᠰ ᠤᠨ ᠡᠪ ᠬᠠᠮᠳᠣ ᠨᠠᠮ ᠤᠨ ᠰᠢᠯᠣᠭᠤᠨ ᠭᠦᠬᠡ ᠬᠤᠰᠢᠭᠤᠨ ᠤ ᠬᠤᠷᠢᠶᠠᠨ ᠤ ᠪᠠᠶᠢᠭᠤᠯᠣᠮᠵᠢ ᠶᠢᠨ | ᠣᠷᠣᠨ ᠲᠤᠭ᠎ᠠ ᠶᠢᠨ ᠵᠦᠪᠯᠡᠯ ᠤᠨ ᠠᠯᠪᠠᠨ ᠬᠡᠷ ᠠᠴᠠ ᠬᠠᠷᠢᠭᠤᠴᠠᠨ ᠲᠠᠶᠢᠯᠪᠣᠷᠢᠯᠠᠨ᠎ᠠ᠃ ᠲᠡᠭᠦᠨ ᠤ | ᠲᠣᠬᠢᠷᠠᠭᠤᠯᠣᠯᠳᠠ ᠶᠢ ᠪᠠᠶᠢᠭᠤᠯᠣᠮᠵᠢ ᠶᠢᠨ ᠣᠷᠣᠨ ᠲᠣᠭᠠᠨ ᠤ ᠵᠦᠪᠯᠡᠯ ᠤᠨ ᠠᠯᠪᠠᠨ ᠬᠡᠷ ᠠᠴᠠ ᠲᠣᠭᠳᠠᠭᠠᠭᠰᠠᠨ | ᠲᠡᠰ ᠲᠠᠷᠠᠭᠠᠯᠠᠯ ᠶᠣᠰᠣᠭᠠᠷ ᠭᠦᠢᠴᠡᠳᠬᠡᠭᠦ ᠬᠡᠷᠡᠭᠳᠠᠢ᠃ | ᠨᠠᠢᠮᠠᠳᠣᠭᠠᠷ ᠵᠦᠢᠯ ᠬᠡᠷᠡᠭᠵᠢᠭᠦᠯᠭᠦ ᠴᠠᠭ ᠬᠤᠭᠤᠴᠠᠭ᠎ᠠ᠄ ᠲᠣᠰ ᠲᠣᠭᠳᠠᠭᠠᠯ ᠢ 2019 ᠣᠨ ᠤ 3 ᠳ᠋ᠣᠭᠠᠷ | ᠰᠠᠷ᠎ᠠ ᠶᠢᠨ 1 ᠤ ᠡᠳᠣᠷ ᠠᠴᠠ ᠡᠬᠢᠯᠡᠵᠣ ᠬᠡᠷᠡᠭᠵᠢᠭᠦᠯᠣᠨ᠎ᠡ᠃ | |