ᠰᠢᠯᠣᠭᠤᠨ ᠬᠦᠬᠡ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ
ᠨᠡᠶᠢᠲᠡᠯᠡᠭᠰᠡᠨ ᠴᠠᠭ᠄
2024/2/27
                 ᠬᠤᠰᠢᠭᠤ ᠠᠷᠠᠳ ᠤᠨ ᠰᠢᠬᠦᠬᠦ ᠬᠤᠷᠢᠶ᠎ᠠ ᠨᠢ ᠣᠯᠣᠰ ᠤᠨ ᠰᠢᠬᠦᠨ ᠳᠠᠰᠣᠯᠣᠯᠳᠠ ᠶᠢᠨ ᠪᠠᠶᠢᠭᠤᠯᠭ᠎ᠠ ᠂  ᠳᠡᠬᠦᠨ ᠤ ᠭᠤᠣᠯ ᠡᠬᠦᠷᠭᠡ ᠬᠠᠷᠢᠭᠤᠴᠠᠯᠭ᠎ᠠ ᠪᠣᠯ᠄        ︵ᠨᠢᠬᠡ︶ ᠬᠠᠣᠯᠢ ᠶᠣᠰᠣᠭᠠᠷ ᠦᠨᠳᠣᠰᠣᠨ ᠱᠠᠳᠣᠨ ᠤ ᠠᠷᠠᠳ ᠤᠨ ᠰᠢᠬᠦᠬᠦ ᠬᠤᠷᠢᠶᠠᠨ ᠳᠤ ᠬᠠᠷᠢᠶᠠᠯᠠᠭᠳᠠᠬᠤ᠂ ᠪᠣᠰᠣᠳ ᠦᠨᠳᠣᠰᠣᠨ ᠱᠠᠳᠣᠨ ᠤ ᠠᠷᠠᠳ ᠤᠨ ᠰᠢᠬᠦᠬᠦ ᠬᠤᠷᠢᠶᠠᠨ ᠤ ᠡᠷᠡᠬᠦᠦ ᠤᠨ ᠬᠡᠷᠡᠭ᠂ ᠢᠷᠬᠡᠨ ᠤ ᠬᠡᠷᠡᠭ᠂ ᠵᠠᠰᠠᠭ ᠵᠠᠬᠢᠷᠭᠠᠨ ᠤ ᠬᠡᠷᠡᠭ ᠵᠡᠷᠭᠡ ᠨᠢᠬᠡᠳᠦᠬᠡᠷ ᠰᠢᠬᠦᠯᠳᠠ ᠶᠢᠨ ᠬᠡᠷᠡᠭ ᠢ ᠰᠢᠢᠳᠪᠦᠷᠢᠯᠡᠨ᠎ᠡ᠃        ︵ᠬᠤᠶᠠᠷ︶ ᠰᠢᠯᠢ ᠶᠢᠨ ᠭᠤᠣᠯ ᠠᠶᠢᠮᠠᠭ ᠤᠨ ᠳᠣᠮᠳᠠ ᠵᠡᠷᠬᠡ ᠶᠢᠨ ᠰᠢᠬᠦᠬᠦ ᠬᠤᠷᠢᠶᠠᠨ ᠤ ᠳᠣᠭᠳᠠᠭᠠᠭᠰᠡᠨ ᠳᠠᠬᠢᠨ ᠰᠢᠬᠦᠬᠦ ᠬᠡᠷᠡᠭ ᠵᠢᠴᠢ ᠳᠣᠬᠠᠢ ᠶᠢᠨ ᠬᠦᠮᠦᠨ ᠤ ᠳᠣᠰ ᠬᠤᠷᠢᠶᠠᠨ ᠤ ᠬᠦᠴᠦᠨ ᠲᠠᠢ ᠪᠣᠯᠣᠭᠰᠡᠨ ᠰᠢᠬᠦᠨ ᠳᠠᠰᠣᠯᠣᠯᠳᠠ ᠶᠢ ᠵᠦᠪᠰᠢᠶᠡᠷᠡᠬᠦ ᠦᠬᠡᠢ ᠬᠡᠷᠡᠭ ᠪᠠ ᠡᠯ᠎ᠡ ᠲᠦᠷᠦᠯ ᠤᠨ ᠬᠢᠨᠠᠨ  ᠪᠠᠶᠢᠴᠠᠭᠠᠯᠳᠠ  ᠶᠢᠨ ᠬᠡᠷᠡᠭ ᠢ ᠰᠢᠢᠳᠪᠦᠷᠢᠯᠡᠨ᠎ᠡ᠃        ︵ᠭᠤᠷᠪᠠ︶ ᠬᠠᠣᠯᠢ ᠶᠣᠰᠣᠭᠠᠷ ᠬᠠᠣᠯᠢ ᠴᠠᠭᠠᠵᠠ ᠶᠢᠨ ᠬᠦᠢᠴᠡᠳᠬᠡᠬᠦ ᠡᠷᠬᠡ ᠪᠠ ᠳᠣᠭᠳᠠᠭᠠᠯᠳᠠ ᠶᠢᠨ ᠡᠷᠬᠡ ᠵᠢᠴᠢ ᠣᠯᠣᠰ ᠤᠨ ᠲᠦᠯᠦᠪᠦᠷᠢ ᠳᠣᠭᠳᠠᠭᠠᠬᠤ ᠡᠷᠬᠡ ᠪᠠᠨ ᠬᠡᠷᠡᠭᠵᠢᠬᠦᠯᠦᠨ᠎ᠡ᠃        ︵ᠲᠦᠷᠪᠡ︶ ᠳᠣᠰ ᠬᠤᠷᠢᠶᠠᠨ ᠤ ᠣᠯᠣᠰ ᠲᠦᠷᠦ ᠦᠵᠡᠯ ᠰᠠᠨᠠᠭᠠᠨ ᠤ ᠬᠦᠮᠦᠵᠢᠯ ᠪᠠ ᠳᠣᠰᠬᠠᠢ ᠪᠣᠯᠪᠠᠰᠣᠷᠠᠯ ᠢ ᠵᠣᠬᠢᠶᠠᠨ ᠪᠠᠶᠢᠭᠤᠯᠣᠨ᠎ᠠ᠃        ︵ᠳᠠᠪᠦ︶ ᠦᠨᠳᠣᠰᠣᠨ ᠱᠠᠳᠣᠨ ᠤ ᠬᠠᠣᠯᠢ ᠴᠠᠭᠠᠵᠠ ᠶᠢᠨ ᠪᠦᠷᠢᠳᠬᠡᠯ᠂ ᠪᠠᠶᠢᠴᠠᠭᠠᠨ ᠰᠣᠳᠣᠯᠬᠤ᠂ ᠰᠢᠬᠦᠬᠦ ᠬᠤᠷᠢᠶ᠎ᠠ ᠨᠢ ᠨᠡᠶᠢᠬᠡᠮ ᠤᠨ ᠠᠮᠣᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠳᠤ ᠣᠷᠣᠯᠴᠠᠨ᠎ᠠ᠃       ︵ᠵᠢᠷᠭᠤᠭ᠎ᠠ︶ ᠦᠨᠳᠣᠰᠣᠨ ᠱᠠᠳᠣᠨ ᠤ ᠰᠢᠬᠦᠬᠦ ᠬᠤᠷᠢᠶ᠎ᠠ ᠨᠢ ᠰᠢᠬᠦᠨ ᠳᠠᠰᠣᠯᠣᠯᠳᠠ ᠶᠢᠨ ᠲᠢᠩᠬᠢᠮ᠂ ᠠᠷᠠᠳ ᠤᠨ ᠰᠢᠬᠦᠬᠦ ᠲᠢᠩᠬᠢᠮ ᠤᠨ ᠪᠦᠳᠦᠬᠡᠨ ᠪᠠᠶᠢᠭᠤᠯᠣᠯᠳᠠ᠂ ᠲᠣᠨᠤᠭ ᠲᠦᠬᠦᠬᠡᠷᠦᠮᠵᠢ ᠶᠢᠨ ᠪᠠᠶᠢᠭᠤᠯᠣᠯᠳᠠ ᠵᠢᠴᠢ ᠳᠣᠰ ᠬᠤᠷᠢᠶᠠᠨ ᠤ ᠰᠢᠬᠦᠨ ᠳᠠᠰᠣᠯᠣᠯᠳᠠ ᠶᠢᠨ ᠠᠷᠣ ᠲᠠᠯ᠎ᠠ ᠶᠢᠨ ᠪᠠᠳᠣᠯᠭ᠎ᠠ ᠶᠢᠨ ᠠᠵᠢᠯ ᠢ ᠬᠠᠷᠢᠭᠤᠴᠠᠨ᠎ᠠ᠃        ︵ᠳᠣᠯᠤᠭ᠎ᠠ︶ ᠰᠢᠬᠦᠨ ᠳᠠᠰᠣᠯᠣᠯᠳᠠ ᠶᠢᠨ ᠠᠵᠢᠯ ᠳᠣᠮᠳᠠ ᠬᠠᠣᠯᠢ ᠴᠠᠭᠠᠵᠠ ᠶᠢ ᠣᠬᠠᠭᠤᠯᠵᠣ᠂ ᠠᠷᠠᠳ ᠢᠷᠬᠡᠳ ᠤᠨ ᠣᠬᠠᠮᠰᠠᠷ ᠠᠴᠠ ᠪᠠᠨ ᠦᠨᠳᠣᠰᠣᠨ ᠬᠠᠣᠯᠢ᠂ ᠬᠠᠣᠯᠢ ᠴᠠᠭᠠᠵᠠ ᠶᠢ ᠵᠢᠷᠣᠮᠯᠠᠬᠤ ᠬᠦᠮᠦᠵᠢᠯ ᠢ ᠬᠢᠨ᠎ᠡ᠃        ︵ᠨᠠᠢᠮᠠ︶ ᠪᠣᠰᠣᠳ ᠦᠨᠳᠣᠰᠣᠨ ᠱᠠᠳᠣᠨ ᠤ ᠰᠢᠬᠦᠬᠦ ᠬᠤᠷᠢᠶᠠᠨ ᠤ ᠬᠢᠬᠦ ᠵᠣᠬᠢᠰᠳᠠᠢ ᠠᠵᠢᠯ ᠢ ᠬᠠᠷᠢᠭᠤᠴᠠᠨ᠎ᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号