ᠰᠢᠯᠤᠭᠤᠨ ᠬᠥᠬᠡ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶ᠎ᠠ
ᠨᠡᠶᠢᠲᠡᠯᠡᠭᠰᠡᠨ ᠴᠠᠭ᠄
2024/2/27
    ᠰᠢᠯᠤᠭᠤᠨ ᠬᠥᠬᠡ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠠᠶᠢᠭᠤᠯᠤᠮᠵᠢ ᠶᠢᠨ ᠥᠭᠡᠷᠡᠴᠢᠯᠡᠯᠲᠡ ᠳᠤᠮᠳᠠ ᠤᠤᠯ ᠤᠨ ᠤᠯᠤᠰ ᠠᠴᠠ ᠭᠠᠵᠠᠷ ᠰᠢᠷᠣᠶ ᠡᠬᠢ ᠪᠠᠶᠠᠯᠢᠭ ᠤᠨ ᠲᠣᠪᠴᠢᠶ᠎ᠠ ᠨᠡᠷ᠎ᠡ ᠪᠠᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠡᠵᠦ ᠬᠠᠯᠠᠵᠠᠶ᠃ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠲᠤ ᠬᠠᠷᠢᠶᠠᠯᠠᠭᠳᠠᠨ᠎ᠠ᠃ ᠳᠣᠲᠣᠭᠠᠳᠤ ᠳᠠᠭᠠᠨ ᠶᠡᠷᠦᠩᠬᠡᠶᠢᠯᠡᠭᠰᠡᠨ ᠠᠯᠪᠠᠨ ᠭᠡᠷ᠂ ᠪᠠᠶᠢᠭᠠᠯᠢ ᠶᠢᠨ ᠡᠬᠢ ᠪᠠᠶᠠᠯᠢᠭ ᠤᠨ ᠥᠮᠴᠢᠯᠡᠭᠴᠢ ᠶᠢᠨ ᠡᠷᠬᠡ ᠠᠰᠢᠭ ᠬᠢᠭᠡᠳ ᠬᠡᠷᠡᠭᠴᠡᠭᠡ ᠶᠢ ᠵᠠᠬᠢᠷᠤᠨ ᠬᠠᠮᠢᠶᠠᠷᠴᠤ ᠨᠡᠭᠡᠭᠡᠨ ᠠᠰᠢᠭᠯᠠᠬᠤ ᠲᠠᠰᠤᠭ᠂ ᠤᠯᠤᠰ  ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠲᠠᠰᠤᠭ᠂ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠨ ᠬᠢᠨᠠᠨ ᠬᠡᠮᠵᠢᠵᠦ ᠡᠷᠬᠡ ᠶᠢ ᠨᠤᠲᠠᠯᠠᠨ ᠳᠠᠩᠰᠠᠯᠠᠬᠤ ᠵᠢᠴᠢ ᠬᠡᠮᠵᠢᠨ ᠵᠢᠷᠤᠭᠯᠠᠬᠤ ᠲᠠᠰᠤᠭ᠂ ᠠᠭᠤᠷᠬᠠᠢ ᠶᠢᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠵᠢᠴᠢ ᠤᠯᠤᠰ  ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢ ᠰᠡᠷᠭᠦᠭᠡᠬᠦ ᠲᠠᠰᠤᠭ᠂ ᠲᠥᠷᠥ ᠶᠢᠨ ᠪᠣᠳᠣᠯᠭ᠎ᠠ  ᠬᠠᠤᠯᠢ ᠲᠣᠭᠲᠠᠭᠠᠯ ᠬᠢᠭᠡᠳ ᠬᠠᠤᠯᠢ ᠬᠡᠷᠡᠭᠵᠢᠭᠦᠯᠵᠦ ᠬᠢᠨᠠᠨ ᠪᠠᠶᠢᠴᠠᠭᠠᠬᠤ ᠳᠠᠰᠤᠭ ᠵᠡᠷᠭᠡ 6 ᠡᠭᠦᠷᠭᠡ ᠴᠢᠳᠠᠪᠤᠷᠢᠲᠤ ᠲᠠᠰᠤᠭ ᠭᠠᠷᠭᠠᠵᠤ᠂  ᠳᠣᠣᠷ᠎ᠠ ᠪᠠᠨ ᠥᠯᠥ ᠬᠥᠳᠡᠯᠬᠦ ᠬᠥᠷᠥᠩᠭᠡ  ᠶᠢ  ᠳᠠᠩᠰᠠᠯᠠᠬᠤ ᠲᠥᠪ ᠪᠠ  ᠬᠠᠤᠯᠢ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠬᠤ ᠶᠡᠭᠡ ᠠᠩᠭᠢ ᠭᠡᠵᠦ ᠬᠤᠶᠠᠷ ᠬᠤᠶᠠᠳᠤᠭᠠᠷ ᠳᠡᠰ ᠤᠨ ᠠᠵᠢᠯ ᠦᠶ᠋ᠯᠡᠰ ᠤᠨ ᠨᠢᠭᠡᠴᠡ᠂  ᠶᠢᠰᠣᠨ ᠦᠨᠳᠦᠰᠦᠨ  ᠱᠠᠲᠣᠨ ᠤ ᠰᠠᠯᠪᠤᠷᠢ ᠭᠠᠷᠭᠠᠪᠠ᠃ ᠣᠳᠣᠬᠠᠨ ᠳᠤ ᠲᠣᠪᠴᠢᠶᠠᠨ ᠳᠤ ᠵᠠᠰᠠᠭ ᠵᠠᠬᠢᠷᠭᠠᠨ ᠤ ᠪᠠᠶᠢᠭᠤᠯᠭ᠎ᠠ  ᠶᠢᠨ ᠬᠢᠨᠠᠨ ᠳᠤᠭᠲᠠᠭᠠᠭᠰᠠᠨ ᠣᠷᠣᠨ ᠲᠤᠭ᠎ᠠ 13 ᠨᠡᠷ᠎ᠡ ᠪᠠᠶᠢᠵᠦ᠂  ᠡᠭᠦᠨ ᠳᠤ ᠠᠵᠢᠯᠯᠠᠵᠤ ᠪᠠᠶᠢᠭ᠎ᠠ ᠣᠷᠣᠨ ᠲᠤᠭ᠎ᠠ ᠨᠢ 12 ᠬᠥᠮᠦᠨ᠂ ᠠᠯᠪᠠᠨ ᠶᠠᠪᠤᠳᠠᠯ ᠳᠤ  ᠣᠷᠣᠯᠴᠠᠭᠰᠠᠨ10 ᠬᠥᠮᠦᠨ᠂ ᠠᠵᠢᠯ ᠦᠢᠯᠡᠰ ᠤᠨ ᠨᠢᠭᠡᠴᠡ ᠶᠢᠨ ᠠᠵᠢᠯ ᠳᠤ ᠪᠠᠶᠢᠭ᠎ᠠ ᠠᠵᠢᠯᠲᠠᠨ 26 ᠬᠥᠮᠦᠨ᠂ ᠡᠭᠦᠨ ᠳᠤ᠄ ᠨᠠᠮ ᠤᠨ ᠬᠡᠰᠢᠭᠦᠨ32 ᠬᠥᠮᠦᠨ᠂ ᠠᠵᠢᠯ ᠳᠤ ᠪᠠᠶᠢᠭ᠎ᠠ ᠨᠠᠮ ᠤᠨ ᠭᠡᠰᠢᠭᠦᠨ 26 ᠬᠥᠮᠦᠨ᠂  ᠠᠵᠢᠯ ᠤᠨ ᠠᠮᠠᠷᠠᠯᠲᠠ ᠪᠠᠨ ᠠᠪᠤᠭᠰᠠᠨ ᠨᠠᠮ ᠤᠨ ᠭᠡᠰᠢᠭᠦᠨ 6 ᠬᠥᠮᠦᠨ ᠪᠠᠶᠢᠨ᠎ᠠ᠃      ᠭᠤᠤᠯ ᠡᠭᠦᠷᠭᠡ ᠬᠠᠷᠢᠭᠤᠴᠠᠯᠭ᠎ᠠ ᠄ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠠᠯ᠎ᠠ ᠪᠠᠷ ᠬᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ  ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠠᠷᠠᠳ ᠨᠡᠶᠢᠲᠡ ᠶᠢᠨ ᠥᠮᠴᠢᠯᠡᠯ ᠤᠨ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ᠂ ᠤᠢ ᠰᠢᠭᠤᠶ᠂ ᠨᠤᠲᠤᠭ ᠪᠡᠯᠴᠢᠭᠡᠷ᠂ ᠴᠢᠭᠢᠭᠯᠢᠭ ᠭᠠᠵᠠᠷ᠂ ᠤᠰᠤ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠥᠮᠴᠢᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠ ᠪᠤᠢ ᠪᠦᠬᠦᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠬᠡᠷᠡᠭᠴᠡᠭᠡ ᠶᠢ ᠵᠠᠬᠢᠷᠤᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠶᠢ ᠭᠦᠶ᠋ᠴᠡᠳᠬᠡᠨ᠎ᠡ᠃ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠶᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠶ ᠨᠤᠲᠠᠯᠠᠨ ᠲᠣᠭᠲᠠᠭᠠᠬᠤ ᠪᠠ ᠥᠯᠥ ᠬᠥᠳᠡᠯᠬᠦ ᠬᠥᠷᠥᠩᠭᠡ  ᠶᠢᠨ ᠡᠷᠬᠡ ᠶᠢ ᠨᠤᠲᠠᠯᠠᠨ ᠳᠠᠩᠰᠠᠯᠠᠬᠤ ᠠᠵᠢᠯ᠃ ᠤᠯᠤᠰ ᠠᠴᠠ ᠲᠣᠭᠲᠠᠭᠠᠭᠰᠠᠨ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠶ ᠡᠷᠬᠡ ᠶᠢ ᠨᠤᠲᠠᠯᠠᠨ ᠳᠠᠩᠰᠠᠯᠠᠬᠤ᠂ ᠡᠷᠬᠡ ᠶᠢᠨ ᠬᠠᠷᠢᠶ᠎ᠠ ᠶᠢ ᠪᠠᠶᠢᠴᠠᠭᠠᠬᠤ᠂ ᠥᠯᠥ ᠬᠥᠳᠡᠯᠬᠦ ᠬᠥᠷᠥᠩᠭᠡ ᠶᠢ ᠬᠡᠮᠵᠢᠨ ᠵᠢᠷᠤᠬᠤ᠂ ᠮᠠᠷᠭᠤᠯᠳᠤᠭᠠᠨ ᠢ ᠡᠶᠡᠳᠡᠭᠦᠯᠦᠨ ᠰᠢᠢᠳᠪᠦᠷᠢᠯᠡᠵᠦ᠂᠂ᠪᠠᠷᠢᠮᠵᠢᠶ᠎ᠠ᠂ ᠵᠢᠷᠤᠮᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠬᠦ ᠠᠵᠢᠯ᠂ ᠪᠠᠶᠢᠭᠠᠯᠢ ᠶᠢᠨ ᠡᠬᠢ ᠪᠠᠶᠠᠯᠢᠭ ᠢ ᠵᠦᠶ ᠵᠣᠬᠢᠰᠲᠠᠶ ᠨᠡᠭᠡᠭᠡᠨ ᠠᠰᠢᠭᠯᠠᠬᠤ ᠠᠵᠢᠯ᠂ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮ ᠢ ᠪᠠᠶᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠠᠮᠢ ᠠᠬᠤᠶ ᠶᠢ ᠰᠡᠷᠭᠦᠭᠡᠬᠦ ᠶᠢ ᠨᠢᠭᠡᠳᠦᠯᠲᠡᠶ ᠲᠥᠯᠥᠪᠯᠡᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠠᠵᠢᠯ ᠲᠥᠷᠥᠯ ᠪᠠ ᠭᠠᠵᠠᠷ ᠰᠢᠨᠵᠢᠯᠡᠭᠡᠨ ᠤ ᠠᠵᠢᠯ ᠢ ᠬᠠᠮᠢᠶᠠᠷᠤᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠬᠡᠮᠵᠢᠨ ᠵᠢᠷᠤᠭᠯᠠᠬᠤ ᠭᠠᠵᠠᠷ ᠵᠦᠶ ᠶᠢᠨ ᠮᠡᠳᠡᠭᠡ ᠵᠠᠩᠭᠢ ᠶᠢᠨ ᠬᠠᠮᠢᠶᠠᠷᠤᠯᠲᠠ᠃ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ  ᠲᠦᠯᠬᠢᠨ ᠠᠬᠢᠭᠤᠯᠤᠨ᠎ᠠ᠃ ᠬᠤᠰᠢᠭᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠵᠦᠪᠰᠢᠶᠠᠷᠡᠯ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠱᠠᠩᠨᠠᠯ᠂ ᠵᠠᠰᠠᠭ ᠵᠠᠬᠢᠷᠭᠠᠨ ᠤ ᠬᠢᠨᠠᠨ‌‍ᠪᠠᠶᠢᠴᠠᠭᠠᠯᠲᠠ᠂ ᠵᠠᠰᠠᠭ ᠵᠠᠬᠢᠷᠭᠠᠨ ᠤ ᠲᠠᠲᠠᠪᠤᠷᠢᠯᠠᠯᠲᠠ᠂ ᠪᠤᠰᠤᠳ ᠡᠷᠬᠡ ᠵᠡᠷᠭᠡ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠪᠣᠯᠤᠨ ᠤᠯᠤᠰ  ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠤᠨ ᠴᠢᠬᠤᠯᠠ ᠶᠡᠭᠡ ᠴᠢᠭᠯᠡᠯᠲᠡ ᠲᠥᠷᠥ ᠶᠢᠨ ᠪᠣᠳᠣᠯᠭ᠎ᠠ᠂ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠬᠠᠣᠯᠢ ᠴᠠᠭᠠᠵᠠ ᠲᠣᠭᠲᠠᠭᠠᠯ  ᠢ ᠬᠡᠷᠡᠭᠵᠢᠬᠦᠯᠦᠭᠰᠡᠨ ᠪᠠᠶᠢᠳᠠᠯ ᠤᠨ ᠲᠤᠬᠠᠶ ᠪᠠᠶᠢᠴᠠᠭᠠᠵᠤ ᠨᠠᠶᠢᠳᠠᠪᠤᠷᠢᠵᠢᠭᠤᠯᠤᠨ᠎ᠠ᠃ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠵᠢᠴᠢ ᠬᠡᠮᠵᠢᠨ ᠵᠢᠷᠤᠬᠤ ᠬᠠᠤᠯᠢ ᠠᠴᠠ ᠵᠥᠷᠢᠴᠡᠭᠰᠡᠨ ᠬᠡᠷᠡᠭ᠂ᠪᠠᠶᠢᠭᠠᠯᠢ ᠶᠢᠨ ᠡᠬᠢ ᠪᠠᠶᠠᠯᠢᠭ ‍ᠦᠨ‌ᠡᠯ᠎ᠡ ᠵᠦᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠦ ᠶᠢᠨ ᠪᠤᠳᠤᠯᠭ᠎ᠠ ᠶᠢᠨ ᠬᠠᠤᠯᠢ  ᠬᠡᠷᠡᠭᠵᠢᠬᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠪᠠᠶᠢᠭᠠᠯᠢ ᠶᠢᠨ ᠡᠬᠢ ᠪᠠᠶᠠᠯᠢᠭ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ  ᠬᠠᠷᠢᠭᠤᠴᠠᠵᠤ᠂ ᠲᠤᠬᠠᠶᠢᠯᠠᠭᠰᠠᠨ ᠠᠵᠢᠯ  ᠪᠠ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠲᠡᠷᠢᠬᠦᠨ ᠳᠤ ᠲᠠᠯᠪᠢᠵᠦ᠂ ᠱᠠᠭᠠᠷᠳᠠᠯᠭ᠎ᠠ ᠶᠣᠰᠣᠭᠠᠷ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠢ ᠬᠦᠢᠴᠡᠳᠭᠡᠨ᠎ᠡ᠃ ᠬᠤᠰᠢᠭᠤᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢ ᠨᠢᠭᠡᠳᠦᠯᠲᠡᠶ ᠬᠠᠮᠢᠶᠠᠷᠤᠨ ᠵᠣᠬᠢᠴᠠᠭᠤᠯᠤᠨ᠎ᠠ᠃                                                                                                            ᠰᠢᠯᠤᠭᠤᠨ ᠬᠥᠬᠡ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号