| | ᠨᠠᠷᠠᠳᠤ ᠰᠤᠮᠤ ᠨᠢ ᠰᠤᠮᠤᠨ ᠤ ᠬᠠᠷᠢᠶᠠᠨ ᠳᠤ ᠨᠠᠷᠠᠳᠤ ᠮᠠᠩᠬ᠎ᠠ ᠬᠡᠵᠦ ᠪᠠᠶᠢᠳᠠᠭ ᠠᠴᠠ ᠨᠠᠷᠠᠲᠦ ᠭᠡᠵᠦ | ᠨᠡᠷᠡᠯᠡᠳᠡᠭ᠃ ᠨᠠᠷᠠᠲᠤ ᠰᠤᠮᠤ ᠶᠢᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠨᠢ 207 ᠤᠯᠤᠰ ᠤᠨ ᠵᠠᠰᠠᠮᠠᠯ | ᠵᠠᠮ ᠤᠨ 735 ᠺᠢᠯᠣᠮᠧᠲᠷ ᠤᠨ ᠪᠠᠷᠠᠭᠤᠨ ᠲᠠᠯ᠎ᠠ ᠳᠤ ᠪᠠᠷᠤᠭ 6 ᠺᠢᠯᠣᠮᠧᠲᠷ ᠪᠠᠶᠢᠷᠢᠯᠠᠵᠤ᠂ ᠰᠢᠯᠤᠭᠤᠨ ᠬᠦᠬᠡ | ᠬᠤᠰᠢᠭᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠠᠴᠠ 90 ᠺᠢᠯᠣᠮᠧᠲᠷ ᠵᠠᠶᠢᠲᠠᠢ ᠪᠠᠶᠢᠳᠠᠭ᠃ ᠪᠦᠬᠦ | ᠰᠤᠮᠤᠨ ᠤ ᠭᠠᠵᠠᠷ ᠰᠢᠷᠣᠢ ᠶᠢᠨ ᠶᠡᠷᠦᠩᠬᠡᠢ ᠲᠠᠯᠠᠪᠠᠢ 893 ᠲᠡᠭᠰᠢ ᠳᠥᠷᠪᠡᠯᠵᠢᠨᠺᠢᠯᠣᠮᠧᠲᠷ ᠪᠠᠶᠢᠵᠦ᠂ 12 | ᠭᠠᠴᠠᠭ᠎ᠠ 1 ᠨᠡᠶᠢᠭᠡᠮ ᠲᠤᠭᠤᠷᠢᠭ ᠬᠠᠷᠢᠶᠠᠯᠠᠭᠳᠠᠨ᠎ᠠ᠃ ᠶᠡᠷᠦᠩᠬᠡᠶ ᠬᠥᠮᠦᠨ ᠠᠮᠠ ᠨᠢ 2625 ᠡᠷᠦᠬᠡ 5409 | ᠬᠥᠮᠦᠨ᠂ ᠡᠭᠦᠨ ᠳᠤ ᠪᠠᠶᠢᠩᠭᠤ ᠰᠠᠭᠤᠭ᠎ᠠ 1274 ᠡᠷᠦᠬᠡ ᠶᠢᠨ 3214ᠬᠦᠮᠦᠨ᠂ ᠮᠣᠩᠭᠤᠯ ᠦᠨᠳᠦᠰᠦᠲᠡᠨ ᠢᠶᠠᠷ | ᠭᠤᠣᠯ ᠴᠣᠭᠴᠠ ᠪᠤᠯᠭᠠᠭᠰᠠᠨ᠂ ᠬᠢᠳᠠᠳ᠂ ᠮᠤᠩᠭᠤᠷ᠂ ᠮᠠᠨᠵᠤ᠂ ᠬᠤᠲᠣᠩ ᠵᠡᠷᠭᠡ ᠣᠯᠠᠨ ᠦᠨᠳᠦᠰᠦᠲᠡᠨ ᠠᠵᠤ | ᠲᠦᠷᠦᠨ ᠠᠮᠢᠳᠦᠷᠠᠵᠦ ᠪᠠᠶᠢᠭ᠎ᠠ ᠰᠤᠮᠤ ᠪᠤᠯᠤᠨ᠎ᠠ᠃ ᠰᠤᠮᠤᠨ ᠤ ᠬᠢᠯᠢ ᠶᠢᠨ ᠳᠣᠲᠣᠷ᠎ᠠ 207 ᠤᠯᠤᠰ ᠤᠨ ᠵᠠᠮ᠂ | S27 ᠲᠦᠷᠭᠡᠨ ᠵᠠᠮ᠂ ᠰᠢᠯᠢᠨᠬᠤᠳᠡ ᠠᠴᠠ ᠰᠠᠩ ᠤᠨ ᠲᠠᠯᠠᠢ ᠬᠦᠷᠬᠦ ᠲᠡᠮᠦᠷ ᠵᠠᠮ ᠪᠦᠬᠦ ᠬᠢᠯᠢ ᠪᠠᠷ ᠰᠦᠯᠵᠢᠯᠳᠦᠵᠡᠶ | ᠃ ᠭᠠᠵᠠᠷ ᠵᠦᠶ ᠶᠢᠨ ᠪᠠᠶᠢᠷᠢᠰᠢᠯ ᠳᠠᠪᠠᠭᠤᠯᠢᠭ᠂ ᠵᠠᠮ ᠬᠠᠷᠢᠯᠴᠠᠭ᠎ᠠ ᠳᠥᠭᠦᠮ ᠳᠥᠲᠡ᠃ ᠨᠡᠷᠡᠲᠦ ᠰᠤᠮᠤᠨ ᠤ 12 | ᠭᠠᠴᠠᠭᠠᠨ ᠤ ᠵᠠᠮ᠂ ᠴᠠᠬᠢᠯᠭᠠᠨ ᠢ ᠦᠨᠳᠦᠰᠦᠨ ᠳᠡᠭᠡᠨ ᠪᠦᠬᠦᠨ ᠢ ᠪᠦᠷᠬᠦᠭᠦᠯᠵᠦ᠂ ᠰᠠᠭᠤᠷᠢ ᠲᠥᠬᠦᠭᠡᠷᠦᠮᠵᠢ | ᠨᠡᠯᠢᠶᠡᠳ ᠲᠡᠭᠦᠯᠳᠡᠷᠵᠢᠵᠡᠶ᠃ | ᠨᠡᠷᠡᠲᠦ ᠰᠤᠮᠤ ᠪᠣᠯ ᠮᠢᠬᠠᠨ ᠤ ᠦᠬᠡᠷ ᠮᠠᠯᠵᠢᠬᠤ ᠪᠠᠷ ᠭᠤᠤᠯ ᠪᠣᠯᠭᠠᠭᠰᠠᠨ ᠴᠤᠯ ᠮᠠᠯᠵᠢᠬᠤ ᠰᠤᠮᠤ ᠪᠤᠯᠤᠨ᠎ᠠ᠃ | ᠭᠤᠤᠯᠳᠠᠭᠤ ᠰᠢᠮᠧᠨ᠋ᠲ᠋ᠠᠷ ᠦᠬᠡᠷ᠂ ᠠᠩᠬᠢᠰ ᠦᠬᠡᠷ᠂ ᠬᠤᠯᠠᠨᠳ᠋ ᠤᠨ ᠰᠠᠭᠠᠯᠢ ᠶᠢᠨ ᠦᠨᠢᠶ᠎ᠡ ᠪᠠᠷ ᠭᠤᠤᠯ ᠪᠣᠯᠭᠠᠵᠤ᠂ | ᠡᠭᠦᠨ ᠠᠴᠠ ᠭᠠᠳᠠᠨ᠎ᠠ᠂ ᠪᠠᠰᠠ ᠮᠣᠩᠭᠤᠯ ᠮᠣᠷᠢ ᠪᠠ ᠬᠤᠣᠰ ᠪᠥᠬᠦᠲᠦ ᠲᠡᠮᠡᠭᠡ ᠮᠠᠯᠵᠢᠵᠤ ᠪᠠᠶᠢᠨ᠎ᠠ᠃ ᠦᠷ᠎ᠡ ᠶᠢᠨ | ᠵᠢᠯ ᠤᠨ ᠲᠤᠷᠰᠢ᠂ ᠮᠠᠨ ᠤ ᠰᠤᠮᠤᠨ ᠨᠢ ︽ᠬᠤᠨᠢ ᠶᠢ ᠴᠥᠭᠡᠳᠬᠡᠵᠦ᠂ ᠦᠬᠡᠷ ᠢ ᠨᠡᠮᠡᠭᠳᠡᠭᠦᠯᠬᠦ︾ ᠪᠠᠶᠢᠯᠳᠤᠬᠤ | ᠪᠤᠳᠤᠯᠭ᠎ᠠ ᠶᠢ ᠯᠠᠪᠳᠠᠭᠤᠨ ᠢᠶᠠᠷ ᠬᠡᠷᠡᠭᠵᠢᠭᠦᠯᠵᠦ᠂ ᠣᠳᠣ ᠦᠶ᠎ᠡ ᠶᠢᠨ ᠮᠠᠯ ᠠᠵᠤ ᠠᠬᠤᠢ ᠶᠢᠨ ᠬᠥᠭᠵᠢᠯᠲᠡ ᠶᠢ | ᠦᠷᠭᠦᠯᠵᠢᠯᠡᠨ ᠲᠦᠯᠬᠢᠨ ᠠᠬᠢᠭᠤᠯᠵᠤ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠮᠠᠯᠵᠢᠬᠤ ᠬᠡᠪᠴᠢᠶᠡᠵᠢᠯ ᠢᠶᠠᠨ | ᠶᠡᠬᠡᠳᠭᠡᠪᠡ᠃ ᠤᠳᠤ ᠨᠢᠭᠡᠨᠲᠡ 22 ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠪᠤᠶᠢᠵᠢᠭᠤᠯᠵᠤ᠂ ᠰᠢᠮᠧᠨ᠋ᠲ᠋ᠠᠷ | ᠦᠬᠡᠷ ᠤᠨ ᠭᠤᠤᠯ ᠰᠦᠷᠦᠭ ᠨᠢ 12 ᠡᠷᠦᠬᠡ ᠪᠠᠶᠢᠵᠤ᠂ ᠰᠠᠶᠢᠨ ᠡᠭᠦᠯᠳᠡᠷ ᠤᠨ ᠮᠢᠬᠠᠨ ᠤ ᠦᠬᠡᠷ ᠤᠨ ᠡᠵᠡᠯᠡᠬᠦ | ᠨᠤᠷᠮ᠎ᠠ ᠨᠢ 90% ᠳᠤ ᠬᠦᠷᠴᠡᠶ᠃ | ᠨᠠᠷᠠᠲᠤ ᠰᠤᠮᠤ ᠨᠢ ᠬᠤᠯᠠᠨ ᠰᠢᠷᠭ᠎ᠠ ᠲᠠᠭ᠎ᠠ ᠶᠢᠨ ᠥᠷᠥᠴᠡᠨ ᠳᠤ ᠣᠷᠣᠰᠢᠵᠤ᠂ ᠥᠪᠡᠷᠮᠢᠴᠡ ᠣᠨᠴᠠᠯᠢᠭ ᠲᠠᠢ | ᠠᠮᠢ ᠠᠬᠤᠢ ᠶᠢᠨ ᠪᠠᠶᠢᠭᠠᠯᠢ ᠶᠢᠨ ᠡᠬᠢ ᠪᠠᠶᠠᠯᠢᠭ ᠪᠠ ᠡᠯᠪᠡᠭ ᠪᠠᠶᠠᠯᠢᠭ ᠠᠷᠠᠳ ᠤᠨ ᠵᠠᠩ ᠦᠢᠯᠡ ᠶᠢᠨ ᠰᠣᠶᠣᠯ ᠤᠨ | ᠠᠭᠤᠯᠬᠤᠨ ᠲᠠᠢ ᠶᠤᠮ᠂ ᠠᠳᠡ ᠬᠤᠯᠠ ᠤᠢᠢᠷ᠎ᠠ ᠳᠤ ᠠᠯᠳᠠᠷᠰᠢᠭᠰᠠᠨ ᠭᠤᠭᠤᠰᠤᠲᠠᠢ ᠤᠨ ᠭᠤᠣᠯ ᠪᠤᠯᠤᠨ ᠴᠠᠴᠠᠷ | ᠤᠨ ᠭᠤᠣᠯ ᠪᠤᠢ᠃ ᠨᠠᠭᠤᠷ ᠭᠤᠤᠯ ᠨᠢ ᠣᠳᠣᠨ ᠮᠡᠴᠢᠳ ᠰᠢᠭ ᠲᠦᠭᠡᠵᠦ᠂ ᠤᠯᠤᠰ ᠤᠨ ᠲᠠᠰ ᠤᠨ ᠡᠷᠲᠡᠨ ᠤ | ᠬᠠᠶᠢᠯᠠᠰᠤᠨ ᠮᠣᠳᠣᠨ ᠤ ᠬᠠᠮᠠᠭᠠᠯᠠᠯᠲᠠ ᠶᠢᠨ ᠤᠷᠤᠨ ᠪᠠ ᠡᠯᠡᠰᠦᠨ ᠴᠦᠯ ᠤᠨ ᠴᠡᠴᠡᠷᠯᠢᠭ ᠪᠣᠶ᠃ ᠰᠢᠯᠢ ᠶᠢᠨ ᠭᠤᠣᠯ | ᠠᠶᠢᠮᠠᠭ ᠤᠨ ᠮᠢᠩᠭᠠᠨ ᠭᠠᠵᠠᠷ ᠤᠨ ᠦᠵᠡᠮᠵᠢ ᠶᠢᠨ ᠶᠡᠭᠡ ᠵᠠᠮ ᠤᠷᠲᠤ ᠲᠠᠯ᠎ᠠ ᠵᠤᠭᠠᠴᠠᠯ ᠤᠨ ᠲᠥᠪ ᠰᠤᠮᠤᠨ ᠤ ᠬᠢᠯᠢ | ᠳᠣᠲᠣᠷ᠎ᠠ ᠪᠠᠶᠢᠷᠢᠯᠠᠬᠤ ᠶᠢᠨ ᠬᠠᠮᠲᠤ ᠡᠷᠭᠢᠨ ᠲᠣᠭᠤᠷᠢᠨ ᠤ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢ | ᠨᠥᠯᠥᠭᠡᠯᠡᠨ ᠳᠠᠶᠢᠴᠢᠯᠠᠪᠠ᠃ ᠨᠡᠷᠡᠲᠦ ᠰᠤᠮᠤ ᠨᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠬᠠᠮᠠᠭᠠᠯᠠᠭᠰᠠᠨ | ᠰᠠᠭᠤᠷᠢᠨ ᠳᠡᠭᠡᠷ᠎ᠡ᠂ ᠠᠷᠠᠳ ᠤᠨ ᠰᠣᠶᠣᠯ ᠵᠢᠭᠤᠯᠴᠢᠯᠠᠯ ᠢ ᠶᠡᠬᠡᠪᠡᠷ ᠬᠦᠭᠵᠢᠭᠦᠯᠵᠦ᠂ ᠣᠳᠣ ᠪᠤᠯᠬᠤ ᠳᠤ 30 | ᠭᠠᠷᠤᠢ ᠮᠠᠯᠴᠢᠨ ᠠᠶᠢᠯ ᠪᠠᠶᠢᠵᠦ᠂ ᠵᠢᠯ ᠳᠤ ᠵᠤᠭᠠᠴᠠᠭᠰᠠᠳ ᠢ 10 ᠲᠦᠮᠡᠨ ᠬᠥᠮᠦᠨ ᠤᠳᠠᠭ᠎ᠠ ᠠᠴᠠ ᠳᠡᠭᠡᠭᠰᠢ | ᠬᠦᠯᠢᠶᠡᠨ ᠠᠪᠴᠤ᠂ ᠵᠢᠭᠤᠯᠴᠢᠯᠠᠯ ᠤᠨ ᠠᠵᠤ ᠦᠢᠯᠡᠰ ᠤᠨ ᠵᠢᠯ ᠤᠨ ᠣᠷᠣᠯᠭ᠎ᠠ ᠶᠢ 400 ᠭᠠᠷᠤᠢ ᠲᠦᠮᠡᠨ | ᠲᠥᠭᠦᠷᠢᠭ ᠲᠤ ᠬᠦᠷᠪᠡ᠃ | ᠬᠤᠶᠢᠰᠢᠳᠠ ᠨᠡᠷᠡᠲᠦ ᠰᠤᠮᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠨᠢ ᠲᠡᠭᠡᠲᠦ ᠱᠠᠲᠤᠨ ᠤ ᠨᠠᠮ ᠤᠨ | ᠬᠤᠷᠢᠶ᠎ᠠ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠦᠨᠳᠦᠰᠦᠲᠡᠨ ᠨᠦᠭᠦᠳ ᠤᠨ ᠠᠷᠠᠳ | ᠲᠦᠮᠡᠨ ᠢ ᠪᠦᠯᠬᠦᠮᠳᠡᠭᠦᠯᠦᠨ ᠳᠠᠶᠢᠴᠢᠯᠠᠵᠤ᠂ ᠡᠷᠡᠰ ᠰᠢᠭᠤᠷᠬᠠᠶ ᠪᠠᠷ ᠤᠷᠤᠭᠰᠢᠯᠠᠨ ᠳᠠᠪᠰᠢᠵᠤ᠂ ᠰᠢᠨ᠎ᠡ ᠶᠢ ᠡᠭᠦᠳᠴᠦ | ᠂ ᠠᠵᠤ ᠦᠢᠯᠡᠰ ᠤᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠤᠪᠢ ᠪᠡᠶ᠎ᠡ ᠶᠢᠨ ᠬᠥᠭᠵᠢᠯᠲᠡ ᠶᠢᠨ | ᠳᠠᠯᠳᠠ ᠬᠦᠴᠦᠨ ᠢᠶᠠᠨ ᠢᠯᠡᠷᠡᠭᠦᠯᠵᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠪᠠᠶᠠᠨ | ᠬᠦᠴᠦᠷᠬᠡᠭ᠂ ᠠᠷᠠᠳᠴᠢᠯᠠᠭᠰᠠᠨ᠂ ᠪᠣᠯᠪᠠᠰᠤᠨ᠂ ᠡᠶ᠎ᠡ ᠵᠣᠬᠢᠴᠠᠯ ᠲᠠᠢ᠂ ᠦᠵᠡᠰᠬᠦᠯᠡᠩᠲᠦ ᠰᠠᠶᠢᠬᠠᠨ ᠨᠠᠷᠠᠲᠤ | ᠰᠤᠮᠤ ᠶᠢ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠨ᠎ᠡ᠃ | |