| | ᠨᠢᠭᠡ᠂ ᠭᠤᠤᠯ ᠡᠭᠦᠷᠭᠡ ᠬᠠᠷᠢᠭᠤᠴᠠᠯᠭ᠎ᠠ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠪᠠ ᠥᠭᠡᠷᠡᠴᠢᠯᠡᠯᠲᠡ ᠶᠢᠨ ᠲᠠᠯ᠎ᠠ ᠪᠠᠷ ᠬᠢ | ᠬᠠᠤᠯᠢ ᠴᠠᠭᠠᠵᠠ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠤᠯᠤᠰ ᠠᠷᠠᠳ ᠤᠨ | ᠠᠵᠤ ᠠᠬᠤᠶ᠂ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠳᠤᠮᠳᠠ᠂ ᠤᠷᠳᠤ ᠬᠤᠭᠤᠴᠠᠭᠠᠨ ᠤ | ᠲᠥᠯᠥᠪᠵᠢᠭᠦᠯᠭᠡ ᠪᠤᠯᠤᠨ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠨᠢᠭᠡᠳᠦᠯᠲᠡᠶ | ᠲᠥᠯᠥᠪᠵᠢᠭᠦᠯᠭᠡ ᠶᠢᠨ ᠰᠢᠰᠲ᠋ᠧᠮ ᠤᠨ ᠪᠠᠶᠢᠭᠤᠯᠤᠯᠲᠠ ᠶᠢ ᠳᠠᠶᠢᠴᠢᠯᠠᠨ ᠵᠣᠬᠢᠶᠠᠨ ᠪᠠᠶᠢᠭᠤᠯᠵᠤ᠂ ᠬᠤᠰᠢᠭᠤ | ᠱᠠᠲᠤᠨ ᠤ ᠲᠤᠰᠬᠠᠶ ᠲᠥᠯᠥᠪᠵᠢᠭᠦᠯᠭᠡ᠂ ᠣᠷᠣᠨ ᠪᠦᠰᠡ ᠶᠢᠨ ᠲᠥᠯᠥᠪᠵᠢᠭᠦᠯᠭᠡ᠂ ᠣᠷᠣᠨ ᠵᠠᠶ ᠶᠢᠨ | ᠲᠥᠯᠥᠪᠵᠢᠭᠦᠯᠭᠡ ᠬᠢᠭᠡᠳ ᠪᠥᠬᠦ ᠬᠤᠰᠢᠭᠤᠨ ᠤ ᠬᠥᠭᠵᠢᠯᠲᠡ ᠶᠢᠨ ᠶᠡᠷᠦᠩᠬᠡᠢ ᠲᠥᠯᠥᠪᠵᠢᠭᠦᠯᠭᠡ ᠶᠢ ᠨᠢᠭᠡᠳᠦᠯᠲᠡᠶ | ᠲᠥᠯᠥᠪᠯᠡᠨ᠎ᠡ᠃ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠡᠷᠴᠢᠮᠳᠠᠢ ᠪᠠᠶᠢᠭᠤᠯᠤᠨ᠂ ᠴᠢᠨᠠᠷᠯᠢᠭ | ᠬᠥᠭᠵᠢᠯᠲᠡ ᠶᠢ ᠠᠬᠢᠭᠤᠯᠬᠤ ᠶᠡᠷᠦᠩᠬᠡᠶ ᠬᠠᠷᠠᠯᠲᠠ᠂ ᠴᠢᠬᠤᠯᠠ ᠡᠭᠦᠷᠭᠡ ᠵᠢᠴᠢ ᠬᠠᠮᠢᠶ᠎ᠠ ᠪᠦᠬᠦᠢ ᠲᠦᠷᠦ ᠶᠢᠨ | ᠪᠤᠳᠤᠯᠭ᠎ᠠ ᠶᠢ ᠳᠤᠷᠠᠳᠣᠨ᠎ᠠ᠃ ᠴᠢᠬᠤᠯᠠ ᠲᠥᠯᠥᠪᠵᠢᠭᠦᠯᠭᠡ᠂ ᠴᠢᠬᠤᠯᠠ ᠲᠥᠷᠥ ᠶᠢᠨ ᠪᠣᠳᠣᠯᠭ᠎ᠠ ᠪᠣᠯᠤᠨ ᠲᠤᠮᠤ | ᠢᠨᠵᠧᠨᠧᠷᠢᠩ ᠢ ᠦᠨᠡᠯᠡᠨ ᠵᠢᠱᠢᠵᠦ᠂ ᠬᠢᠨᠠᠨ ᠵᠢᠯᠣᠭᠤᠳᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠬᠤᠶᠠᠷ︶ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠶᠢ | ᠨᠢᠭᠡᠳᠦᠯᠲᠡᠶ ᠲᠥᠯᠥᠪᠵᠢᠭᠦᠯᠦᠨ᠂ ᠬᠤᠷᠸ᠎ᠠ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠬᠠᠨᠳᠤᠰᠢ ᠶᠢ | ᠤᠷᠢᠳᠴᠢᠯᠠᠨ ᠰᠡᠷᠡᠮᠵᠢᠯᠡᠭᠦᠯᠦᠨ᠎ᠡ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠤᠰ ᠠᠷᠠᠳ ᠤᠨ ᠠᠵᠤ ᠠᠬᠤᠶ | ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠬᠤ ᠶᠢ ᠬᠠᠷᠢᠭᠤᠴᠠᠬᠤ ᠶᠢᠨ ᠬᠠᠮᠳᠣ | ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠦᠨᠡᠯᠡᠯᠭᠡ ᠬᠢᠵᠦ᠂ ᠠᠶᠤᠯᠭᠦᠶ ᠦᠢᠯᠡᠳᠪᠦᠷᠢᠯᠡᠯ ᠤᠨ ᠰᠠᠭᠤᠷᠢ | ᠲᠥᠬᠦᠭᠡᠷᠦᠮᠵᠢ ᠪᠠ ᠮᠡᠷᠭᠡᠵᠢᠯ ᠤᠨ ᠲᠤᠯᠭᠠᠭᠤᠷᠢᠯᠠᠬᠤ ᠰᠢᠰᠲ᠋ᠧᠮ ᠤᠨ ᠪᠠᠶᠢᠭᠤᠯᠤᠯᠲᠠ ᠶᠢ ᠳᠡᠮᠵᠢᠨ᠎ᠡ᠃ ᠬᠤᠷᠸ᠎ᠠ | ᠠᠵᠤ ᠠᠬᠤᠢ ᠶᠢᠨ ᠥᠭᠡᠷᠡᠴᠢᠯᠡᠯᠲᠡ ᠶᠢ ᠶᠡᠷᠦᠩᠬᠡᠶᠢᠯᠡᠨ ᠵᠣᠬᠢᠴᠠᠭᠤᠯᠵᠤ᠂ ᠬᠤᠷᠸ᠎ᠠ ᠠᠵᠤ ᠠᠬᠤᠢ ᠶᠢᠨ ᠠᠷᠭᠠᠴᠠᠭᠠᠬᠤ | ᠠᠷᠭ᠎ᠠ ᠬᠡᠮᠵᠢᠶ᠎ᠡ ᠶᠢ ᠰᠥᠪᠡᠭᠴᠢᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠤ ᠠᠬᠤᠶ ᠶᠢᠨ | ᠡᠵᠡᠩᠨᠡᠯᠲᠡ ᠶᠢ ᠵᠤᠬᠢᠴᠠᠭᠤᠯᠵᠤ᠂ ᠠᠵᠤ ᠠᠬᠤᠢ ᠶᠢᠨ ᠡᠵᠡᠩᠨᠡᠯᠲᠡ ᠳᠤᠮᠳᠠᠬᠢ ᠴᠢᠬᠤᠯᠠ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠨ᠎ᠡ᠃ | ︵ᠭᠤᠷᠪᠠ︶ ᠠᠵᠤ ᠠᠬᠤᠶ ᠶᠢᠨ ᠳᠣᠭᠳᠠᠯᠴᠠᠭᠠᠨ ᠤ ᠥᠭᠡᠷᠡᠴᠢᠯᠡᠯᠲᠡ ᠶᠢ ᠵᠢᠯᠣᠭᠤᠳᠤᠨ ᠠᠬᠢᠭᠤᠯᠬᠤ ᠶᠢᠨ ᠬᠠᠮᠳᠣ | ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠦᠬᠦᠢ ᠥᠭᠡᠷᠡᠴᠢᠯᠡᠯᠲᠡ ᠶᠢᠨ ᠰᠠᠨᠠᠭᠤᠯᠭ᠎ᠠ ᠳᠤᠷᠠᠳᠤᠨ᠎ᠠ᠃ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠳᠠᠶᠢᠴᠢᠯᠠᠨ ᠠᠬᠢᠭᠤᠯᠵᠤ᠂ ᠥᠮᠴᠢᠯᠡᠬᠦ | ᠡᠷᠬᠡ ᠶᠢᠨ ᠲᠦᠷᠢᠮ ᠪᠠ ᠭᠤᠣᠯ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠥᠭᠡᠷᠡᠴᠢᠯᠡᠬᠦ ᠠᠵᠢᠯ ᠢ ᠵᠣᠬᠢᠴᠠᠭᠤᠯᠤᠨ | ᠠᠬᠢᠭᠤᠯᠵᠤ᠂ ᠦᠨᠳᠦᠰᠦᠨ ᠠᠵᠤ ᠠᠬᠤᠶ ᠶᠢᠨ ᠲᠦᠷᠢᠮ ᠪᠠ ᠤᠳᠤ ᠦᠶ᠎ᠡ ᠶᠢᠨ ᠵᠠᠬ᠎ᠠ ᠳᠡᠯᠭᠡᠭᠦᠷ ᠤᠨ ᠰᠢᠰᠲ᠋ᠧᠮ ᠤᠨ | ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠬ᠎ᠠ | ᠳᠡᠯᠭᠡᠭᠦᠷ ᠲᠤ ᠭᠠᠷᠭᠠᠵᠤ ᠥᠯᠦ ᠪᠣᠯᠬᠤ ᠨᠠᠷᠢᠨ ᠳᠠᠩᠰᠠ ᠶᠢᠨ ᠳᠥᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠠᠷᠠᠳ ᠠᠴᠠ ᠡᠷᠬᠢᠯᠡᠭᠰᠡᠨ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠠᠷᠠᠯᠵᠢᠶ᠎ᠠ ᠬᠤᠳᠠᠯᠳᠣᠭᠠᠨ ᠤ | ᠣᠷᠴᠢᠨ ᠳᠣᠭᠤᠷᠢᠨ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠰᠣᠳᠣᠯᠣᠨ ᠳᠣᠭᠳᠠᠭᠠᠨ᠎ᠠ᠃ | ︵ᠳᠥᠷᠪᠡ︶ ᠠᠵᠢᠯ ᠲᠥᠷᠥᠯ ᠢ ᠬᠠᠮᠢᠶᠠᠷᠬᠤ ᠂ ᠲᠤᠬᠠᠶᠢᠯᠠᠭᠰᠠᠨ ᠠᠵᠢᠯ ᠢ ᠬᠠᠮᠢᠶᠠᠷᠬᠤ᠂ ᠦᠢᠯᠡᠳᠪᠦᠷᠢᠯᠡᠯ | ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠥᠪᠰᠢᠨ ᠢ ᠴᠢᠬᠤᠯᠠᠴᠢᠯᠠᠬᠤ ᠱᠠᠭᠠᠷᠳᠠᠯᠭ᠎ᠠ ᠶᠣᠰᠣᠭᠠᠷ᠂ | ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠳᠠᠬᠢ ᠡᠭᠦᠷᠭᠡ ᠳᠣᠰᠢᠶᠠᠯ ᠢ ᠭᠦᠢᠴᠡᠳᠬᠡᠨ᠎ᠡ᠃ | ︵ᠲᠠᠪᠤ︶ ᠪᠦᠬᠦ ᠨᠡᠶᠢᠭᠡᠮ ᠤᠨ ᠪᠡᠯᠡ ᠣᠷᠣᠭᠤᠯᠤᠯᠲᠠ ᠶᠢ ᠶᠡᠷᠦᠩᠬᠡᠶᠢᠯᠡᠨ ᠬᠠᠮᠢᠶᠠᠷᠴᠤ᠂ ᠪᠦᠬᠦ ᠬᠤᠰᠢᠭᠤᠨ ᠤ ᠪᠡᠯᠡ | ᠣᠷᠣᠭᠤᠯᠤᠯᠲᠠ ᠶᠢ ᠠᠬᠢᠭᠤᠯᠤᠨ᠂ ᠪᠦᠬᠦ ᠬᠤᠰᠢᠭᠤᠨ ᠤ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠶᠡᠷᠦᠩᠬᠡᠶ ᠬᠡᠪᠴᠢᠶ᠎ᠡ ᠪᠠ ᠪᠦᠳᠦᠴᠡ ᠶᠢᠨ ᠳᠣᠬᠢᠷᠠᠭᠤᠯᠤᠯᠳᠠ ᠶᠢ ᠳᠣᠭᠳᠠᠭᠠᠵᠤ᠂ ᠲᠥᠪ ᠪᠠ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠴᠢᠨᠠᠷᠲᠠᠶ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ | ᠢᠳᠡᠪᠬᠢᠲᠡᠶ ᠡᠷᠡᠮᠡᠯᠵᠡᠯᠡᠵᠦ᠂ ᠲᠤᠮᠤ ᠲᠥᠷᠥᠯ ᠵᠦᠢᠯ ᠢ ᠲᠣᠭᠲᠠᠭᠰᠠᠨ ᠡᠷᠬᠡ ᠮᠡᠳᠡᠯ ᠤᠨ ᠳᠣᠳᠣᠷ᠎ᠠ ᠪᠠᠨ ᠬᠢᠨᠠᠨ | ᠵᠦᠪᠰᠢᠶᠡᠷᠡᠵᠦ᠂ ᠳᠠᠩᠰᠠᠯᠠᠬᠤ ᠶᠢᠨ ᠬᠠᠮᠳᠣ ᠬᠢᠨᠠᠨ ᠳᠣᠭᠲᠠᠭᠠᠵᠤ᠂ ᠴᠢᠬᠤᠯᠠ ᠦᠢᠯᠡᠳᠪᠦᠷᠢᠯᠡᠯ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠪᠠ ᠦᠢᠯᠡᠳᠪᠦᠷᠢᠯᠡᠯ ᠤᠨ ᠬᠦᠴᠦᠨ ᠤ ᠪᠠᠶᠢᠷᠢᠯᠠᠭᠤᠯᠤᠯᠲᠠ ᠶᠢ | ᠲᠥᠯᠥᠪᠵᠢᠭᠦᠯᠵᠦ᠂ ᠠᠷᠠᠳ ᠤᠨ ᠳᠣᠮᠳᠠᠬᠢ ᠪᠡᠯᠡ ᠣᠷᠣᠭᠤᠯᠤᠯᠲᠠ ᠶᠢ ᠤᠷᠮᠠᠰᠢᠭᠤᠯᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠴᠢᠬᠤᠯᠠ ᠲᠥᠷᠥᠯ ᠵᠦᠢᠯ ᠢ ᠠᠬᠢᠭᠤᠯᠬᠤ ᠪᠠ ᠵᠣᠬᠢᠴᠠᠭᠤᠯᠬᠤ | ᠠᠵᠢᠯ ᠢ ᠬᠠᠷᠢᠭᠤᠴᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠠᠬᠢ ᠴᠢᠬᠤᠯᠠ | ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ︵ᠵᠢᠷᠭᠤᠭ᠎ᠠ︶ ᠭᠠᠳᠠᠭᠠᠳᠤ ᠪᠡᠯᠡ ᠣᠷᠣᠭᠤᠯᠤᠯᠳᠠ ᠶᠢ ᠠᠰᠢᠭᠯᠠᠭᠰᠠᠨ ᠪᠠᠶᠢᠳᠠᠯ ᠢ ᠪᠠᠶᠢᠴᠠᠭᠠᠨ | ᠨᠠᠶᠢᠳᠠᠪᠤᠷᠢᠵᠢᠭᠤᠯᠤᠨ᠎ᠠ᠃ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠲᠠ ᠳᠤ ᠣᠷᠣᠯᠴᠠᠵᠤ᠂ | ᠭᠠᠳᠠᠭᠰᠢ ᠪᠠᠨ ᠭᠠᠷᠴᠤ ᠠᠷᠠᠯᠵᠢᠶᠠᠯᠠᠬᠤ ᠬᠠᠮᠢᠶ᠎ᠠ ᠪᠦᠬᠦᠢ ᠠᠵᠢᠯ ᠢ ᠨᠢᠭᠡᠳᠣᠯᠳᠠᠢ ᠲᠥᠯᠥᠪᠵᠢᠭᠦᠯᠦᠨ ᠬᠠᠷᠢᠭᠤᠴᠠᠨ᠎ᠠ | ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠳᠠᠭᠠᠳᠣ ᠠᠷᠠᠯᠵᠢᠶᠠᠴᠢᠨ ᠤ ᠪᠡᠯᠡ ᠣᠷᠣᠭᠤᠯᠤᠯᠳᠠ ᠶᠢ | ᠵᠦᠪᠰᠢᠶᠡᠷᠡᠬᠦ ᠨᠠᠵᠠᠭᠠᠶ ᠲᠠᠯ᠎ᠠ ᠶᠢᠨ ᠨᠠᠷᠢᠨ ᠳᠠᠩᠰᠠ ᠶᠢ ᠨᠠᠶᠢᠳᠠᠪᠤᠷᠢᠵᠢᠭᠤᠯᠵᠤ᠂ ᠡᠷᠬᠡ ᠮᠡᠳᠡᠯ ᠤᠨ ᠳᠣᠳᠣᠷ᠎ᠠ ᠪᠠᠨ | ᠭᠠᠳᠠᠭᠠᠳᠣ ᠪᠡᠯᠡ ᠣᠷᠣᠭᠤᠯᠤᠯᠳᠠ ᠶᠢ ᠠᠰᠢᠭᠯᠠᠬᠤ ᠪᠠ ᠭᠠᠳᠠᠭᠠᠳᠣ ᠠᠴᠠ ᠪᠡᠯᠡ ᠣᠷᠣᠭᠤᠯᠤᠭᠰᠠᠨ ᠲᠥᠷᠥᠯ ᠵᠦᠢᠯ ᠢ | ᠬᠢᠨᠠᠨ ᠮᠡᠳᠡᠭᠦᠯᠦᠨ᠎ᠡ᠃ | ︵ᠳᠣᠯᠤᠭ᠎ᠠ︶ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠲᠥᠯᠥᠪᠵᠢᠭᠦᠯᠭᠡ᠂ ᠰᠢᠨ᠎ᠡ ᠬᠡᠯᠪᠡᠷᠢ ᠶᠢᠨ | ᠬᠤᠲᠠ ᠪᠠᠯᠭᠠᠰᠤᠵᠢᠯᠲᠠ ᠶᠢᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠤᠨ᠂ ᠬᠠᠮᠢᠶ᠎ᠠ ᠪᠦᠬᠦᠢ ᠣᠷᠣᠨ ᠪᠦᠰᠡ ᠶᠢᠨ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ | ᠴᠢᠬᠤᠯᠠ ᠣᠷᠣᠨ ᠪᠦᠰᠡ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠳᠣᠬᠠᠢ ᠭᠠᠵᠠᠷ ᠤᠨ ᠢᠶᠠᠨ ᠣᠷᠣᠨ ᠪᠦᠰᠡ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠂ ᠳᠣᠬᠢᠳᠠᠢ | ᠭᠠᠵᠠᠷ ᠨᠡᠭᠦᠯᠭᠡᠨ ᠰᠢᠯᠵᠢᠭᠦᠯᠬᠦ ᠵᠡᠷᠭᠡ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ ᠰᠢᠨ᠎ᠡ | ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠲᠥᠯᠥᠪᠵᠢᠭᠦᠯᠭᠡ ᠶᠢ ᠳᠣᠭᠲᠠᠭᠠᠬᠤ ᠳᠤ ᠣᠷᠣᠯᠴᠠᠬᠤ ᠶᠢᠨ ᠬᠠᠮᠲᠤ | ᠲᠦᠯᠬᠢᠨ ᠠᠬᠢᠭᠤᠯᠤᠨ᠎ᠠ᠃ | ︵ᠨᠠᠢᠮᠠ︶ ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠨᠢᠭᠡᠳᠦᠭᠡᠷ᠂ ᠬᠤᠶᠠᠳᠣᠭᠠᠷ᠂ ᠭᠤᠷᠪᠠᠳᠣᠭᠠᠷ ᠠᠵᠤ ᠦᠢᠯᠡᠰ ᠤᠨ ᠬᠥᠭᠵᠢᠯᠲᠡ ᠶᠢᠨ ᠴᠢᠬᠤᠯᠠ | ᠠᠰᠠᠭᠤᠳᠠᠯ ᠢ ᠵᠣᠬᠢᠴᠠᠭᠤᠯᠬᠤ ᠶᠢᠨ ᠬᠠᠮᠲᠤ ᠬᠠᠮᠢᠶ᠎ᠠ ᠪᠥᠬᠦᠶ ᠬᠥᠭᠵᠢᠯᠲᠡ ᠶᠢᠨ ᠲᠥᠯᠥᠪᠵᠢᠭᠦᠯᠭᠡ ᠶᠢ ᠨᠢᠭᠡᠳᠦᠯᠲᠡᠶ | ᠲᠥᠯᠥᠪᠯᠡᠨ ᠤᠶᠠᠯᠳᠣᠭᠤᠯᠤᠨᠠ᠃ ᠴᠢᠬᠤᠯᠠ ᠰᠠᠭᠤᠷᠢ ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ | ᠵᠣᠬᠢᠴᠠᠭᠤᠯᠤᠨ ᠠᠬᠢᠭᠤᠯᠵᠤ᠂ ᠦᠢᠯᠡᠴᠢᠯᠡᠭᠡᠨ ᠤ ᠦᠢᠯᠡᠰ ᠵᠢᠴᠢ ᠣᠳᠣᠬᠢᠴᠢᠯᠠᠭᠰᠠᠨ ᠪᠠᠷᠠᠭᠠᠨ ᠤ ᠭᠦᠢᠯᠭᠡᠭᠡᠨ ᠤ | ᠦᠢᠯᠡᠰ ᠤᠨ ᠲᠥᠯᠥᠪᠵᠢᠭᠦᠯᠭᠡ ᠶᠢ ᠳᠣᠭᠲᠠᠭᠠᠨ ᠬᠡᠷᠡᠭᠵᠢᠭᠦᠯᠦᠨ᠎ᠡ᠃ ᠬᠡᠷᠡᠭᠯᠡᠭᠡᠨ ᠤ ᠬᠠᠨᠳᠤᠰᠢ ᠶᠢ ᠶᠡᠷᠦᠩᠬᠡᠶᠢᠯᠡᠨ | ᠰᠤᠳᠤᠯᠤᠨ ᠮᠠᠭᠠᠳᠯᠠᠵᠤ᠂ ᠬᠡᠷᠡᠭᠯᠡᠭᠡ ᠶᠢ ᠠᠬᠢᠭᠤᠯᠬᠤ ᠶᠡᠷᠦᠩᠬᠡᠶᠢᠯᠡᠭᠰᠡᠨ ᠴᠢᠨᠠᠷᠲᠠᠶ ᠲᠦᠷᠦ ᠶᠢᠨ ᠪᠤᠳᠤᠯᠭ᠎ᠠ ᠶᠢ | ᠬᠡᠷᠡᠭᠵᠢᠭᠦᠯᠦᠨ᠎ᠡ᠃ | ︵ᠶᠢᠰᠦ︶ ᠰᠢᠨ᠎ᠡ ᠶᠢ ᠡᠭᠦᠳᠬᠦ ᠶᠢ ᠬᠥᠭᠵᠢᠯᠳᠡ ᠶᠢᠨ ᠬᠥᠳᠡᠯᠭᠡᠭᠴᠢ ᠬᠦᠴᠦᠨ ᠪᠣᠯᠭᠠᠵᠤ᠂ ᠡᠭᠦᠳᠦᠯᠳᠡ ᠬᠥᠭᠵᠢᠯᠳᠡ | ᠪᠠ ᠠᠵᠤ ᠠᠬᠤᠢ ᠶᠢᠨ ᠬᠥᠭᠵᠢᠯᠳᠡ ᠶᠢᠨ ᠰᠢᠨ᠎ᠡ ᠬᠦᠳᠡᠯᠭᠡᠭᠴᠢ ᠬᠦᠴᠦᠨ ᠢ ᠡᠭᠦᠳᠬᠦ ᠲᠥᠷᠥ ᠶᠢᠨ ᠪᠤᠳᠣᠯᠭ᠎ᠠ ᠶᠢᠨ | ᠰᠠᠨᠠᠭᠤᠯᠭ᠎ᠠ ᠳᠣᠷᠠᠳᠣᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ ᠭᠦᠨᠵᠡᠭᠡᠶ ᠰᠤᠳᠤᠯᠵᠤ᠂ ᠪᠥᠬᠦ ᠬᠤᠰᠢᠭᠤᠨ ᠤ ᠳᠡᠭᠡᠳᠦ | ᠮᠡᠷᠭᠡᠵᠢᠯ ᠤᠨ ᠠᠵᠤ ᠦᠢᠯᠡᠰ ᠪᠣᠯᠤᠨ ᠲᠥᠯᠥᠪᠵᠢᠭᠦᠯᠭᠡ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ | ᠦᠢᠯᠡᠰ ᠤᠨ ᠬᠥᠭᠵᠢᠯᠳᠡ ᠶᠢ ᠠᠬᠢᠭᠤᠯᠤᠨ᠎ᠠ᠃ ᠠᠵᠤ ᠦᠢᠯᠡᠰ ᠢ ᠨᠡᠭᠡᠭᠡᠨ ᠬᠦᠭᠵᠢᠭᠦᠯᠬᠦ᠂ ᠮᠡᠷᠭᠡᠵᠢᠯ | ᠲᠦᠭᠦᠭᠡᠷᠦᠮᠵᠢ ᠶᠢ ᠲᠥᠭᠡᠮᠡᠯᠵᠢᠭᠦᠯᠦᠨ ᠬᠡᠷᠡᠭᠯᠡᠬᠦ ᠵᠡᠷᠭᠡ ᠲᠠᠯ᠎ᠠ ᠶᠢᠨ ᠴᠢᠬᠤᠯᠠ ᠠᠰᠠᠭᠤᠳᠠᠯ ᠢ ᠵᠤᠬᠢᠴᠠᠭᠤᠯᠤᠨ᠎ᠠ᠃ | ︵ᠠᠷᠪᠠ︶ ᠠᠵᠤ ᠠᠬᠤᠢ ᠶᠢᠨ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ᠂ ᠡᠬᠢ ᠪᠠᠶᠠᠯᠢᠭ ᠤᠨ | ᠠᠮᠤᠷ ᠲᠥᠪᠰᠢᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠮᠤᠷ ᠲᠦᠪᠰᠢᠨ᠂ ᠨᠡᠶᠢᠭᠡᠮ ᠤᠨ ᠠᠮᠤᠷ | ᠲᠦᠪᠰᠢᠨ ᠵᠡᠷᠭᠡ ᠶᠢᠨ ᠠᠶᠤᠯ ᠲᠦᠭᠰᠢᠭᠦᠷᠢ ᠶᠢᠨ ᠳᠠᠯᠳᠠ ᠭᠡᠮ ᠢ ᠰᠤᠳᠤᠯᠤᠨ ᠮᠠᠭᠠᠳᠯᠠᠵᠤ᠂ ᠬᠠᠮᠢᠶ᠎ᠠ ᠪᠥᠬᠦᠶ ᠰᠠᠨᠠᠯ | ᠳᠣᠷᠠᠳᠣᠨ᠎ᠠ᠃ ᠲᠠᠸᠠᠷ ᠤᠨ ᠶᠡᠷᠦᠩᠬᠡᠶ ᠬᠡᠮᠵᠢᠶ᠎ᠡ ᠶᠢ ᠲᠡᠩᠴᠡᠭᠦᠯᠬᠦ ᠪᠠ ᠬᠤᠷᠸ᠎ᠠ ᠳᠣᠬᠢᠷᠠᠭᠤᠯᠭ᠎ᠠ ᠬᠢᠨ᠎ᠡ᠃ | ᠬᠤᠰᠢᠭᠤᠨ ᠤ ᠭᠠᠮᠰᠢᠭ ᠠᠴᠠ ᠠᠪᠤᠷᠠᠨ ᠳᠣᠰᠠᠯᠠᠬᠤ ᠡᠳ᠋ ᠪᠣᠳᠠᠰ ᠤᠨ ᠬᠠᠳᠠᠭᠠᠯᠠᠮᠵᠢ ᠶᠢᠨ ᠲᠥᠯᠥᠪᠵᠢᠭᠦᠯᠭᠡ᠂ | ᠲᠥᠷᠥᠯ ᠵᠦᠢᠯ ᠤᠨ ᠭᠠᠷᠴᠠᠭ ᠪᠠ ᠪᠠᠷᠢᠮᠵᠢᠶ᠎ᠠ᠂ ᠣᠨ ᠤ ᠬᠤᠳᠠᠯᠳᠤᠨ ᠠᠪᠬᠤ ᠲᠥᠯᠥᠪᠯᠡᠭᠡ ᠶᠢ ᠦᠨᠳᠦᠰᠦᠯᠡᠨ᠂ | ᠬᠤᠰᠢᠭᠤᠨ ᠤ ᠭᠠᠮᠰᠢᠭ ᠠᠴᠠ ᠠᠪᠤᠷᠠᠨ ᠳᠣᠰᠠᠯᠠᠬᠤ ᠡᠳ᠋ ᠪᠤᠳᠠᠰ ᠢ ᠬᠠᠳᠠᠭᠠᠯᠠᠬᠤ᠂ ᠰᠣᠯᠢᠬᠤ ᠪᠠ ᠬᠠᠮᠢᠶᠠᠷᠬᠤ | ᠠᠵᠢᠯ ᠢ ᠬᠠᠷᠢᠭᠤᠴᠠᠨ᠎ᠠ᠃ | ︵ᠠᠷᠪᠠᠨ ᠨᠢᠭᠡ︶ ᠨᠡᠶᠢᠭᠡᠮ ᠤᠨ ᠬᠥᠭᠵᠢᠯᠲᠡ᠂ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ ᠶᠢᠨ | ᠲᠥᠷᠥ ᠶᠢᠨ ᠪᠣᠳᠣᠯᠭ᠎ᠠ ᠶᠢ ᠤᠶᠠᠯᠳᠣᠭᠤᠯᠵᠤ᠂ ᠬᠠᠮᠢᠶ᠎ᠠ ᠪᠦᠬᠦᠢ ᠠᠰᠠᠭᠤᠳᠠᠯ ᠢ ᠵᠣᠬᠢᠴᠠᠭᠤᠯᠵᠤ᠂ ᠨᠡᠶᠢᠭᠡᠮ ᠤᠨ | ᠬᠥᠭᠵᠢᠯᠲᠡ᠂ ᠶᠡᠷᠦᠩᠬᠡᠶ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠠ ᠣᠷᠣᠯᠭ᠎ᠠ ᠶᠢᠨ ᠬᠤᠪᠢᠶᠠᠷᠢᠯᠠᠯᠲᠠ ᠶᠢᠨ | ᠲᠦᠷᠢᠮ ᠤᠨ ᠥᠭᠡᠷᠡᠴᠢᠯᠡᠯᠲᠡ ᠶᠢ ᠨᠢᠭᠡᠳᠣᠯᠳᠠᠢ ᠲᠥᠯᠥᠪᠯᠡᠨ ᠠᠬᠢᠭᠤᠯᠤᠨ᠎ᠠ᠃ ᠠᠵᠢᠯ ᠣᠯᠭᠤᠯᠲᠠ ᠶᠢ ᠠᠬᠢᠭᠤᠯᠬᠤ᠂ | ᠨᠡᠶᠢᠭᠡᠮ ᠤᠨ ᠪᠠᠲᠤᠯᠠᠭ᠎ᠠ ᠬᠢᠭᠡᠳ ᠠᠵᠤ ᠠᠬᠤᠶ ᠶᠢ ᠵᠣᠬᠢᠴᠠᠩᠭᠤᠶ ᠪᠠᠷ ᠬᠥᠭᠵᠢᠭᠦᠯᠬᠦ ᠲᠥᠷᠥ ᠶᠢᠨ ᠪᠤᠳᠣᠯᠭ᠎ᠠ ᠶᠢᠨ | ᠰᠠᠨᠠᠯ ᠢ ᠲᠡᠭᠦᠯᠳᠡᠷᠵᠢᠭᠦᠯᠵᠦ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠥᠷᠨᠢᠭᠦᠯᠦᠨ᠎ᠡ᠃ | ︵ᠠᠷᠪᠠᠨ ᠬᠤᠶᠠᠷ︶ ᠳᠠᠭᠠᠭᠠᠮᠠᠭᠠᠢ ᠬᠥᠭᠵᠢᠯᠳᠡ ᠶᠢᠨ ᠲᠥᠯᠥᠪᠵᠢᠭᠦᠯᠭᠡ ᠶᠢ ᠠᠬᠢᠭᠤᠯᠵᠤ᠂ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠠᠮᠢ ᠠᠬᠤᠶ ᠶᠢᠨ ᠣᠷᠴᠢᠨ | ᠳᠣᠭᠤᠷᠢᠨ ᠢ ᠬᠠᠮᠠᠭᠠᠯᠠᠬᠤ ᠪᠠ ᠵᠠᠰᠠᠨ ᠰᠡᠷᠭᠦᠭᠡᠬᠦ ᠂ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ | ᠵᠡᠷᠭᠡ ᠠᠵᠢᠯ ᠢ ᠵᠣᠬᠢᠴᠠᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠯ ᠨᠥᠬᠦᠪᠥᠷᠢ ᠶᠢᠨ | ᠳᠣᠭᠳᠠᠯᠴᠠᠭ᠎ᠠ ᠶᠢ ᠲᠡᠭᠦᠯᠳᠡᠷᠵᠢᠭᠦᠯᠵᠦ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠪᠠ ᠪᠤᠬᠢᠷᠳᠣᠯ | ᠦᠭᠡᠢ ᠦᠢᠯᠡᠳᠪᠦᠷᠢᠯᠡᠯ ᠢ ᠠᠬᠢᠭᠤᠯᠬᠤ ᠬᠠᠮᠢᠶ᠎ᠠ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠡᠨᠧᠷᠭᠢ ᠶᠢᠨ | ᠬᠡᠷᠡᠭᠯᠡᠭᠡ ᠶᠢ ᠬᠢᠵᠠᠭᠠᠷᠯᠠᠬᠤ ᠡᠭᠦᠷᠭᠡ ᠬᠠᠷᠠᠯᠲᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠎ᠠ᠃ | ︵ᠠᠷᠪᠠᠨ ᠭᠤᠷᠪᠠ︶ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠪᠥᠲᠥᠭᠡᠨ ᠪᠠᠶᠢᠭᠤᠯᠤᠯᠲᠠ | ᠬᠢᠭᠡᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠵᠣᠬᠢᠴᠠᠩᠭᠤᠶ ᠪᠠᠷ ᠬᠥᠭᠵᠢᠭᠦᠯᠬᠦ | ᠪᠠᠶᠢᠯᠳᠣᠬᠤ ᠪᠣᠳᠣᠯᠭ᠎ᠠ᠂ ᠲᠥᠯᠥᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠰᠤᠳᠤᠯᠤᠨ᠎ᠠ᠃ ᠬᠠᠮᠢᠶ᠎ᠠ ᠪᠦᠬᠦᠢ ᠲᠤᠮᠤ ᠠᠰᠠᠭᠤᠳᠠᠯ ᠢ ᠵᠣᠬᠢᠴᠠᠭᠤᠯᠵᠤ᠂ ᠴᠡᠷᠢᠭ ᠤᠨ ᠬᠡᠷᠡᠭᠯᠡᠭᠡ | ᠪᠠ ᠠᠷᠠᠳ ᠤᠨ ᠬᠡᠷᠡᠭᠯᠡᠭᠡ ᠶᠢ ᠬᠠᠮᠳᠣᠪᠠᠷ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠲᠦᠯᠬᠢᠨ | ᠠᠬᠢᠭᠤᠯᠵᠤ᠂ ᠤᠯᠤᠰ ᠠᠷᠠᠳ ᠤᠨ ᠠᠵᠤ ᠠᠬᠤᠶ ᠶᠢᠨ ᠲᠠᠶᠢᠴᠢᠯᠠᠯᠳᠠ ᠶᠢᠨ ᠬᠠᠮᠢᠶ᠎ᠠ ᠪᠦᠬᠦᠢ ᠠᠵᠢᠯ ᠢ | ᠵᠣᠬᠢᠴᠠᠭᠤᠯᠤᠨ ᠬᠡᠷᠡᠭᠵᠢᠭᠦᠯᠦᠨ᠎ᠡ᠃ | ︵ᠠᠷᠪᠠᠨ ᠳᠥᠷᠪᠡ︶ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠠᠮᠤ ᠪᠤᠳᠠᠭᠠᠨ ᠤ | ᠭᠦᠢᠯᠭᠡᠭᠡ᠂ ᠨᠥᠭᠡᠴᠡᠯᠡᠯᠲᠡ ᠶᠢᠨ ᠲᠤᠬᠠᠢ ᠲᠥᠷᠥ ᠶᠢᠨ ᠪᠣᠳᠣᠯᠭ᠎ᠠ ᠶᠢ ᠲᠣᠣᠱᠯᠠᠭᠤᠯᠤᠨᠠ᠃ ᠪᠦᠬᠦ ᠬᠤᠰᠢᠭᠤᠨ ᠤ | ᠠᠮᠤ ᠪᠤᠳᠠᠭᠠᠨ ᠤ ᠬᠤᠷᠸ᠎ᠠ ᠲᠣᠬᠢᠷᠠᠭᠤᠯᠭ᠎ᠠ᠂ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠠᠢ ᠪᠣᠯᠭᠠᠬᠤ ᠶᠢ ᠳᠤᠷᠠᠳᠴᠤ᠂ | ᠠᠮᠤ ᠪᠤᠳᠠᠭᠠᠨ ᠤ ᠭᠦᠢᠯᠭᠡᠭᠡᠨ ᠤ ᠶᠡᠷᠦᠩᠬᠡᠶ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠳᠣᠭᠳᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ ᠤᠨ ᠠᠮᠤ ᠪᠤᠳᠠᠭᠠᠨ ᠤ ᠠᠵᠤ ᠠᠬᠤᠶᠢᠯᠠᠯ ᠤᠨ | ᠥᠭᠡᠷᠡᠴᠢᠯᠡᠯᠳᠡ ᠶᠢ ᠠᠬᠢᠭᠤᠯᠤᠨ᠎ᠠ᠃ ᠠᠮᠤ ᠪᠤᠳᠠᠭᠠᠨ ᠤ ᠠᠮᠤᠷ ᠲᠦᠪᠰᠢᠨ ᠢ ᠵᠠᠰᠠᠭ ᠵᠠᠬᠢᠷᠭᠠᠨ ᠤ ᠳᠠᠷᠤᠭ᠎ᠠ | ᠬᠠᠷᠢᠭᠤᠴᠠᠬᠤ ᠲᠦᠷᠢᠮ ᠢ ᠨᠠᠶᠢᠳᠠᠪᠤᠷᠢᠵᠢᠭᠤᠯᠵᠤ᠂ ᠲᠦᠷᠦ ᠶᠢᠨ ᠪᠤᠳᠤᠯᠭ᠎ᠠ ᠶᠢᠨ ᠴᠢᠨᠠᠷᠲᠠᠶ ᠠᠮᠤ ᠪᠤᠳᠠᠭᠠᠨ ᠤ | ᠬᠢᠨᠠᠨ ᠪᠠᠶᠢᠴᠠᠭᠠᠯᠲᠠ ᠶᠢ ᠬᠠᠷᠢᠭᠤᠴᠠᠨ᠎ᠠ᠃ ᠠᠮᠤ ᠪᠤᠳᠠᠭ᠎ᠠ ᠬᠤᠷᠢᠶᠠᠬᠤ᠂ ᠬᠠᠳᠠᠭᠠᠯᠠᠬᠤ᠂ ᠲᠡᠭᠡᠭᠡᠪᠦᠷᠢᠯᠡᠬᠦ | ᠶᠠᠪᠤᠴᠠ ᠳᠠᠬᠢ ᠲᠤᠭ᠎ᠠ ᠬᠡᠮᠵᠢᠶ᠎ᠡ᠂ ᠶᠠᠰᠤ ᠴᠢᠨᠠᠷ᠂ ᠠᠷᠢᠭᠤᠨ ᠴᠡᠪᠡᠷ ᠪᠠ ᠠᠮᠤᠷ ᠲᠦᠪᠰᠢᠨ ᠢ ᠬᠢᠨᠠᠨ ᠪᠠᠶᠢᠴᠠᠭᠠᠵᠤ᠂ | ᠲᠤᠮᠤ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ᠎ᠠ᠃ ᠪᠦᠬᠦ | ᠬᠤᠰᠢᠭᠤᠨ ᠤ ᠠᠮᠤ ᠪᠤᠳᠠᠭᠠᠨ ᠤ ᠭᠦᠢᠯᠭᠡᠭᠡᠨ ᠤ ᠵᠠᠬ᠎ᠠ ᠳᠡᠯᠭᠡᠭᠦᠷ ᠤᠨ ᠳᠣᠭᠳᠠᠯᠴᠠᠭᠠᠨ ᠤ ᠪᠠᠢᠭᠤᠯᠤᠯᠲᠠ ᠶᠢ | ᠬᠠᠷᠢᠭᠤᠴᠠᠵᠤ᠂ ᠠᠮᠤ ᠪᠤᠳᠠᠭ᠎ᠠ ᠬᠤᠳᠠᠯᠳᠤᠨ ᠠᠪᠬᠤ ᠵᠠᠬ᠎ᠠ ᠳᠡᠯᠭᠡᠭᠦᠷ ᠲᠤ ᠭᠠᠷᠬᠤ ᠪᠠᠷᠢᠮᠵᠢᠶ᠎ᠠ ᠶᠢ ᠬᠡᠷᠡᠭᠵᠢᠭᠦᠯᠦᠨ᠎ᠡ | ᠃ ᠠᠮᠤ ᠪᠤᠳᠠᠭᠠᠨ ᠤ ᠭᠦᠢᠯᠭᠡᠭᠡ᠂ ᠡᠵᠡᠩᠨᠡᠯᠲᠡ ᠶᠢᠨ ᠠᠶᠤᠯᠭᠦᠶ ᠦᠢᠯᠡᠳᠪᠦᠷᠢᠯᠡᠯ ᠢ ᠬᠢᠨᠠᠨ ᠬᠠᠮᠢᠶᠠᠷᠬᠤ ᠠᠵᠢᠯ ᠢ | ᠬᠠᠷᠢᠭᠤᠴᠠᠨ᠎ᠠ᠃ | ︵ᠠᠷᠪᠠᠨ ᠲᠠᠪᠤ︶ ᠪᠦᠬᠦ ᠬᠤᠰᠢᠭᠤᠨ ᠤ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠶᠡᠷᠦᠩᠬᠡᠶ ᠲᠥᠯᠥᠪᠵᠢᠭᠦᠯᠭᠡ | ᠪᠠ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠬᠠᠮᠢᠶ᠎ᠠ ᠪᠥᠬᠦᠶ ᠬᠠᠮᠢᠶᠠᠷᠤᠯᠲᠠ ᠶᠢᠨ ᠲᠦᠷᠢᠮ ᠢ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠷᠬᠡ ᠮᠡᠳᠡᠯ ᠳᠣᠳᠣᠷ᠎ᠠ ᠪᠠᠨ ᠠᠮᠤ | ᠪᠤᠳᠠᠭᠠᠨ ᠤ ᠭᠦᠢᠯᠭᠡᠭᠡ᠂ ᠡᠳ᠋ ᠪᠠᠷᠠᠭ᠎ᠠ ᠨᠥᠭᠡᠴᠡᠯᠡᠬᠦ ᠬᠠᠮᠢᠶ᠎ᠠ ᠪᠥᠬᠦᠶ ᠰᠠᠭᠤᠷᠢ ᠲᠦᠭᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠡᠷᠡᠭᠵᠢᠭᠦᠯᠦᠯᠳᠡ ᠶᠢ ᠡᠷᠡᠮᠡᠯᠵᠡᠯᠡᠬᠦ ᠪᠠ ᠬᠢᠨᠠᠨ ᠳᠣᠭᠳᠠᠭᠠᠨ᠎ᠠ᠃ ᠠᠮᠤ | ᠪᠤᠳᠠᠭ᠎ᠠ ᠪᠠ ᠡᠳ᠋ ᠪᠣᠳᠠᠰ ᠢ ᠬᠤᠳᠠᠯᠳᠤᠨ ᠠᠪᠬᠤ᠂ ᠪᠣᠷᠣᠯᠠᠭᠤᠯᠬᠤ ᠵᠢᠴᠢ ᠰᠣᠯᠢᠬᠤ ᠲᠥᠯᠥᠪᠯᠡᠭᠡ ᠶᠢ ᠳᠤᠷᠠᠳᠴᠤ᠂ | ᠬᠡᠷᠡᠭᠯᠡᠭᠡᠨ ᠤ ᠲᠥᠯᠥᠪᠯᠡᠭᠡ ᠶᠢ ᠨᠠᠶᠢᠳᠠᠪᠤᠷᠢᠵᠢᠭᠤᠯᠬᠤ ᠶᠢᠨ ᠬᠠᠮᠳᠣ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠮᠤ | ᠪᠤᠳᠠᠭᠠᠨ ᠤ ᠭᠦᠢᠯᠭᠡᠭᠡ᠂ ᠡᠳ᠋ ᠪᠣᠳᠠᠰ ᠨᠥᠭᠡᠴᠡᠯᠡᠬᠦ ᠡᠳ᠋ ᠤᠨ ᠵᠠᠰᠠᠭ ᠤᠨ ᠭᠠᠶᠢᠯᠢ ᠪᠠ ᠮᠥᠩᠭᠦᠨ ᠭᠦᠢᠯᠭᠡᠭᠡᠨ ᠤ | ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠬᠠᠷᠢᠶ᠎ᠠ | ᠨᠢᠭᠡᠴᠡ ᠶᠢᠨ ᠢᠶᠠᠨ ᠤᠯᠤᠰ ᠤᠨ ᠥᠮᠴᠢᠯᠡᠯᠲᠦ ᠡᠳ᠋ ᠬᠦᠷᠦᠩᠭᠡ ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ | ᠠᠵᠢᠯ ᠲᠦᠷᠦᠯ ᠤᠨ ᠡᠳ᠋ ᠤᠨ ᠶᠠᠪᠤᠳᠠᠯ ᠪᠠ ᠨᠢᠭᠲᠠᠯᠠᠨ ᠪᠤᠳᠤᠬᠤ ᠲᠦᠷᠢᠮ ᠢ ᠨᠠᠶᠢᠳᠠᠪᠤᠷᠢᠵᠢᠭᠤᠯᠤᠨ᠎ᠠ᠃ ᠠᠮᠤ | ᠪᠤᠳᠠᠭ᠎ᠠ ᠬᠥᠮᠥᠷᠭᠡᠯᠡᠨ ᠬᠠᠳᠠᠭᠠᠯᠠᠬᠤ ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ | | ︵ᠠᠷᠪᠠᠨ ᠵᠢᠷᠭᠤᠭ᠎ᠠ︶ ᠡᠨᠧᠷᠭᠢ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠵᠠᠰᠠᠮᠠᠯ ᠵᠠᠮ᠂ ᠰᠢᠤᠳᠠᠨ | ᠵᠡᠷᠭᠡ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠶᠡᠷᠦᠩᠬᠡᠶ ᠲᠥᠯᠥᠪᠵᠢᠭᠦᠯᠭᠡ ᠲᠠᠢ ᠤᠶ᠋ᠯᠠᠳᠣᠭᠤᠯᠤᠨ ᠨᠢᠭᠡᠳᠦᠯᠲᠡᠶ | ᠲᠥᠯᠥᠪᠯᠡᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠨᠧᠷᠭᠢ ᠶᠢᠨ ᠬᠥᠭᠵᠢᠯᠲᠡ ᠶᠢᠨ | ᠲᠥᠯᠥᠪᠵᠢᠭᠦᠯᠭᠡ᠂ ᠴᠢᠬᠤᠯᠠ ᠲᠥᠯᠥᠪᠵᠢᠭᠦᠯᠭᠡ᠂ ᠴᠢᠬᠤᠯᠠ ᠠᠵᠤ ᠦᠢᠯᠡᠰ ᠤᠨ ᠲᠦᠷᠦ ᠶᠢᠨ ᠪᠤᠳᠤᠯᠭ᠎ᠠ᠂ | ᠴᠢᠬᠤᠯᠠ ᠥᠭᠡᠷᠡᠴᠢᠯᠡᠯᠲᠡ ᠶᠢᠨ ᠲᠥᠰᠦᠯ ᠢ ᠲᠣᠭᠲᠠᠭᠠᠬᠤ ᠪᠠ ᠴᠢᠬᠤᠯᠠ ᠪᠡᠯᠡ ᠣᠷᠣᠭᠤᠯᠤᠯᠲᠠ ᠶᠢᠨ ᠲᠥᠷᠥᠯ | ᠵᠦᠢᠯ ᠢ ᠬᠢᠨᠠᠨ ᠬᠠᠷᠭᠤᠭᠤᠯᠬᠤ ᠠᠵᠢᠯ ᠢ ᠥᠷᠨᠢᠭᠦᠯᠦᠨ᠎ᠡ᠃ ᠴᠢᠬᠤᠯᠠ ᠰᠠᠭᠤᠷᠢ ᠲᠥᠬᠦᠭᠡᠷᠦᠮᠵᠢ ᠶᠢᠨ | ᠪᠠᠶᠢᠷᠢᠯᠠᠭᠤᠯᠤᠯᠳᠠ ᠶᠢᠨ ᠰᠠᠨᠠᠯ ᠳᠤᠷᠠᠳᠬᠤ ᠶᠢᠨ ᠬᠠᠮᠲᠤ ᠵᠤᠬᠢᠴᠠᠭᠤᠯᠤᠨ ᠬᠡᠷᠡᠭᠵᠢᠭᠦᠯᠦᠨ᠎ᠡ᠃ ᠳᠣᠭᠳᠠᠭᠰᠠᠨ ᠡᠷᠬᠡ | ᠮᠡᠳᠡᠯ ᠤᠨ ᠳᠣᠳᠣᠷ᠎ᠠ ᠪᠠᠨ ᠲᠡᠮᠦᠷ ᠵᠠᠮ᠂ ᠵᠠᠰᠠᠮᠠᠯ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠰᠢᠤᠳᠠᠨ ᠵᠡᠷᠭᠡ | ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠲᠥᠷᠥᠯ ᠵᠦᠢᠯ ᠢ ᠬᠢᠨᠠᠨ ᠬᠠᠷᠭᠤᠭᠤᠯᠬᠤ ᠶᠢᠨ ᠬᠠᠮᠳᠣ | ᠳᠡᠭᠡᠭᠰᠢ ᠮᠡᠳᠡᠭᠦᠯᠦᠨ᠎ᠡ᠃ | ︵ᠠᠷᠪᠠᠨ ᠳᠣᠯᠤᠭ᠎ᠠ︶ ᠪᠦᠬᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠠᠵᠤ ᠠᠬᠤᠢ ᠶᠢᠨ | ᠬᠠᠮᠲᠤᠷᠠᠯᠴᠠᠭ᠎ᠠ ᠶᠢ ᠵᠤᠬᠢᠴᠠᠭᠤᠯᠬᠤ ᠠᠵᠢᠯ ᠢ ᠬᠠᠷᠢᠭᠤᠴᠠᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ | ᠠᠬᠤᠢ ᠶᠢᠨ ᠬᠠᠮᠲᠤᠷᠠᠯᠴᠠᠭᠠᠨ ᠤ ᠲᠥᠯᠥᠭᠡᠯᠡᠭᠴᠢᠳ ᠤᠨ ᠪᠦᠯᠬᠦᠮ ᠢ ᠵᠣᠬᠢᠴᠠᠭᠤᠯᠬᠤ ᠪᠠ ᠬᠦᠯᠢᠶᠡᠨ ᠠᠪᠬᠤ ᠠᠵᠢᠯ ᠢ | ᠬᠠᠷᠢᠭᠤᠴᠠᠵᠤ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠠᠵᠤ ᠠᠬᠤᠶᠢᠯᠠᠯ ᠢ ᠵᠣᠬᠢᠶᠠᠨ | ᠪᠠᠶᠢᠭᠤᠯᠤᠨ ᠵᠥᠪᠳᠡᠯᠴᠡᠭᠡᠨ ᠤ ᠠᠵᠢᠯᠯᠠᠭ᠎ᠠ ᠳᠤ ᠣᠷᠣᠯᠴᠠᠭᠤᠯᠤᠨ᠎ᠠ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠡᠯ᠎ᠡ ᠲᠥᠷᠥᠯ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠳᠠᠭᠠᠭᠠᠴᠢᠯᠠᠨ ᠡᠷᠬᠢᠯᠡᠨ᠎ᠡ᠃ | ᠭᠠᠳᠠᠨᠠᠬᠢ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠲᠥᠷᠥᠯ ᠵᠦᠢᠯ ᠢ ᠬᠢᠨᠠᠨ ᠵᠥᠪᠰᠢᠶᠡᠷᠡᠵᠦ᠂ ᠳᠠᠩᠰᠠᠯᠠᠬᠤ | ᠠᠴᠠ ᠡᠮᠦᠨᠡᠬᠢ ᠬᠤᠯᠪᠣᠭ᠎ᠠ ᠠᠪᠬᠤ᠂ ᠵᠥᠪᠳᠡᠯᠴᠡᠬᠦ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠭᠠᠳᠠᠭᠰᠢ | ᠨᠡᠭᠡᠭᠡᠨ ᠬᠥᠭᠵᠢᠭᠦᠯᠬᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠤᠬᠠᠭᠤᠯᠭ᠎ᠠ ᠶᠢᠨ ᠠᠵᠢᠯ ᠢ ᠬᠠᠷᠢᠭᠤᠴᠠᠵᠤ᠂ | ᠠᠷᠠᠯᠵᠢᠶᠠᠴᠢᠨ ᠤᠷᠢᠬᠤ ᠮᠡᠳᠡᠭᠡ ᠵᠠᠩᠭᠢ ᠪᠠ ᠠᠷᠠᠯᠵᠢᠶᠠᠴᠢᠨ ᠤᠷᠢᠭᠰᠠᠨ ᠪᠠᠶᠢᠳᠠᠯ ᠢ ᠨᠡᠶᠢᠳᠡᠯᠡᠵᠦ᠂ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠶᠢ ᠤᠬᠠᠭᠤᠯᠬᠤ ᠪᠠ ᠠᠰᠠᠭᠤᠨ ᠯᠠᠪᠯᠠᠬᠤ ᠦᠢᠯᠡᠴᠢᠯᠡᠭᠡ ᠶᠢ | ᠬᠠᠷᠢᠭᠤᠴᠠᠨ᠎ᠠ᠃ ᠪᠦᠬᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠭᠤᠣᠯᠳᠠᠯᠭ᠎ᠠ ᠲᠠᠢ ᠲᠥᠷᠦᠯ | ᠵᠦᠢᠯ ᠢ ᠴᠤᠭᠯᠠᠭᠤᠯᠬᠤ᠂ ᠬᠢᠨᠠᠨ ᠪᠠᠶᠢᠴᠠᠭᠠᠬᠤ᠂ ᠰᠢᠭᠰᠢᠨ ᠰᠣᠩᠭᠤᠬᠤ᠂ ᠬᠠᠳᠠᠭᠠᠯᠠᠬᠤ᠂ ᠲᠠᠨᠢᠯᠴᠠᠭᠤᠯᠬᠤ᠂ | ᠠᠰᠠᠭᠤᠨ ᠯᠠᠪᠯᠠᠬᠤ᠂ ᠨᠡᠶᠢᠲᠡᠯᠡᠬᠦ ᠵᠢᠴᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠦᠯ ᠵᠦᠢᠯ ᠤᠨ | ᠬᠥᠮᠥᠷᠭᠡ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠬᠠᠷᠢᠭᠤᠴᠠᠨ᠎ᠠ᠃ ᠠᠷᠠᠯᠵᠢᠶᠠᠴᠢᠨ ᠤᠷᠢᠵᠤ ᠪᠠᠯᠠ | ᠣᠷᠣᠭᠤᠯᠬᠤ ᠭᠤᠣᠯᠳᠠᠯᠭ᠎ᠠ ᠲᠠᠢ ᠲᠥᠷᠥᠯ ᠵᠦᠢᠯ ᠳᠤ ᠰᠠᠶᠢᠳᠣᠷ ᠦᠢᠯᠡᠴᠢᠯᠡᠭᠡ ᠬᠠᠩᠭᠠᠵᠤ᠂ ᠠᠷᠠᠯᠵᠢᠶᠠᠴᠢᠨ | ᠤᠷᠢᠵᠤ ᠪᠠᠯᠠ ᠣᠷᠣᠭᠤᠯᠬᠤ ᠲᠥᠷᠥᠯ ᠵᠦᠢᠯ ᠤᠨ ᠬᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ᠂ ᠴᠠᠭ | ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠤᠬᠢᠴᠠᠭᠤᠯᠤᠨ᠂ | ᠭᠠᠳᠠᠨᠠᠬᠢ ᠪᠡᠯᠡ ᠣᠷᠣᠭᠤᠯᠤᠯᠳᠠ ᠶᠢᠨ ᠲᠥᠷᠥᠯ ᠵᠦᠢᠯ ᠤᠨ ᠭᠠᠷ ᠭᠦᠢᠴᠡᠳᠭᠡᠯ ᠢ ᠬᠠᠮᠲᠤᠷᠠᠨ ᠭᠦᠢᠴᠡᠳᠬᠡᠨ᠎ᠡ᠃ | ᠪᠡᠯᠡ ᠣᠷᠣᠭᠤᠯᠤᠯᠳᠠ ᠶᠢᠨ ᠣᠷᠴᠢᠨ ᠳᠣᠭᠤᠷᠢᠨ ᠢ ᠡᠷᠴᠢᠮᠳᠠᠢ ᠪᠠᠶᠢᠴᠠᠭᠠᠨ ᠰᠣᠳᠤᠯᠵᠤ᠂ ᠪᠡᠯᠡ | ᠣᠷᠣᠭᠤᠯᠤᠯᠲᠠ ᠶᠢᠨ ᠣᠷᠴᠢᠨ ᠢ ᠰᠢᠯᠢᠳᠡᠭᠵᠢᠭᠦᠯᠬᠦ ᠰᠠᠨᠠᠯ ᠰᠠᠨᠠᠭᠤᠯᠭ᠎ᠠ ᠳᠤᠷᠠᠳᠣᠨ᠎ᠠ᠃ | ︵ᠠᠷᠪᠠᠨ ᠨᠠᠢᠮᠠ︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠢᠨ | ᠲᠣᠭᠤᠷᠢᠨ ᠳᠤ᠂ ᠨᠡᠭᠦᠷᠡᠰᠦ ᠴᠠᠬᠢᠯᠭᠠᠨ᠂ ᠲᠡᠮᠦᠷ ᠵᠠᠮ ᠤᠨ ᠪᠦᠲᠦᠭᠡᠨ ᠪᠠᠶᠢᠭᠤᠯᠤᠯᠲᠠ᠂ ᠨᠢᠰᠬᠡᠯ ᠤᠨ ᠪᠠᠭᠤᠳᠠᠯ ᠤᠨ | ᠪᠦᠲᠦᠭᠡᠨ ᠪᠠᠶᠢᠭᠤᠯᠤᠯᠳᠠ᠂ ᠰᠦ ᠮᠢᠬ᠎ᠠ᠂ ᠠᠭᠤᠷᠬᠠᠢ ᠶᠢᠨ ᠲᠥᠯᠥᠪᠵᠢᠭᠦᠯᠭᠡ ᠶᠢᠨ ᠰᠢᠢᠳᠪᠦᠷᠢᠳᠦ ᠪᠣᠳᠣᠯᠭ᠎ᠠ ᠶᠢ | ᠰᠠᠶᠢᠲᠤᠷ ᠠᠳᠬᠤᠵᠤ᠂ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠢ ᠵᠣᠬᠢᠶᠠᠨ ᠪᠠᠶᠢᠭᠤᠯᠬᠤ᠂ ᠡᠮᠦᠨᠡᠬᠢ | ᠬᠤᠭᠤᠴᠠᠭᠠᠨ ᠤ ᠠᠵᠢᠯ ᠢ ᠭᠦᠢᠴᠡᠳᠬᠡᠬᠦ᠂ ᠵᠣᠬᠢᠴᠠᠭᠤᠯᠬᠤ᠂ ᠠᠬᠢᠭᠤᠯᠬᠤ ᠠᠵᠢᠯ ᠢ ᠬᠠᠷᠢᠭᠤᠴᠠᠨ᠎ᠠ᠃ ᠰᠠᠯᠠᠭ᠎ᠠ | ᠮᠥᠴᠢᠷ ᠢ ᠵᠢᠭᠠᠨ ᠵᠢᠯᠣᠭᠤᠳᠴᠤ ᠪᠠᠶᠢᠭᠠᠳ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠳᠠ ᠶᠢ | ᠰᠠᠶᠢᠲᠤᠷ ᠬᠢᠵᠦ᠂ ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠠᠬᠢ ᠴᠢᠬᠤᠯᠠ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠨ᠎ᠡ᠃ ᠤᠯᠤᠰ ᠤᠨ ᠪᠡᠯᠡ ᠣᠷᠣᠭᠤᠯᠵᠤ᠂ ᠪᠡᠯᠡ ᠬᠤᠷᠠᠮᠳᠣᠭᠤᠯᠬᠤ ᠲᠥᠷᠥ ᠶᠢᠨ | ᠪᠣᠳᠣᠯᠭ᠎ᠠ ᠶᠢ ᠰᠤᠳᠤᠯᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠠᠵᠢᠯ ᠲᠥᠷᠥᠯ ᠲᠠᠢ ᠬᠤᠯᠪᠤᠭᠳᠠᠬᠤ | ᠭᠤᠣᠯᠳᠠᠯᠭ᠎ᠠ ᠲᠠᠢ ᠲᠥᠷᠥᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠬᠠᠨᠳᠣᠰᠢ᠂ ᠬᠦᠷᠢᠶ᠎ᠡ ᠬᠡᠪᠴᠢᠶ᠎ᠡ ᠶᠢ | ᠳᠣᠭᠳᠠᠭᠠᠬᠤ ᠳᠤ ᠵᠢᠯᠤᠭᠤᠳᠣᠯᠭ᠎ᠠ ᠬᠠᠩᠭᠠᠵᠤ᠂ ᠲᠥᠷᠥᠯ ᠵᠦᠢᠯ ᠢ ᠳᠣᠭᠳᠠᠭᠠᠬᠤ᠂ ᠬᠢᠨᠠᠨ ᠵᠥᠪᠰᠢᠶᠡᠷᠡᠬᠦ᠂ ᠪᠡᠯᠡ | ᠮᠥᠩᠭᠦ ᠶᠢ ᠨᠠᠶᠢᠳᠠᠪᠤᠷᠢᠵᠢᠭᠤᠯᠬᠤ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠠᠳᠬᠤᠨ᠎ᠠ᠃ | ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠲᠥᠯᠥᠪᠵᠢᠭᠦᠯᠭᠡ ᠪᠣᠯᠤᠨ ᠣᠨ ᠤ ᠠᠵᠢᠯ ᠤᠨ ᠲᠥᠯᠥᠪᠯᠡᠭᠡ | ᠶᠢ ᠬᠤᠷᠢᠶᠠᠩᠭᠤᠶᠢᠯᠠᠨ ᠬᠢᠨᠠᠨ ᠲᠣᠭᠲᠠᠭᠠᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠤᠳᠤᠷᠢᠳᠤᠯᠭ᠎ᠠ ᠳᠤ ᠮᠡᠳᠡᠭᠦᠯᠦᠨ | ᠬᠢᠨᠠᠨ ᠲᠣᠭᠲᠠᠭᠠᠯᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠭᠤᠣᠯᠳᠠᠯᠭ᠎ᠠ ᠲᠠᠢ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠯᠲᠠ ᠶᠢᠨ ᠪᠠᠶᠢᠳᠠᠯ ᠢ ᠵᠠᠷᠯᠠᠨ ᠨᠡᠶᠢᠳᠡᠯᠡᠬᠦ ᠳᠦᠷᠢᠮ ᠪᠠ ᠮᠡᠳᠡᠭᠡ | ᠵᠠᠩᠭᠢ ᠶᠢᠨ ᠬᠠᠷᠢᠭᠤ ᠲᠤᠰᠬᠠᠬᠤ ᠳᠦᠷᠢᠮ ᠢ ᠪᠠᠶᠢᠭᠤᠯᠵᠤ᠂ ᠲᠥᠷᠥᠯ ᠵᠦᠢᠯ ᠤᠨ ᠠᠬᠢᠯᠲᠠ ᠶᠢᠨ ᠪᠠᠶᠢᠳᠠᠯ ᠢ ᠴᠠᠭ | ᠲᠤᠬᠠᠶ ᠳᠤᠨᠢ ᠣᠶᠢᠯᠠᠭᠠᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ | ᠴᠢᠩᠭᠠᠳᠬᠠᠬᠤ ᠰᠠᠨᠠᠯ᠂ ᠠᠷᠭ᠎ᠠ ᠬᠡᠮᠵᠢᠶ᠎ᠡ ᠶᠢ ᠳᠤᠷᠠᠳᠴᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯ ᠢ | ᠵᠢᠯᠣᠭᠤᠳᠤᠨ᠎ᠠ᠃ | ︵ᠠᠷᠪᠠ ᠶᠢᠰᠦ︶ ᠤᠯᠤᠰ᠂ ᠥᠪᠡᠷᠲᠡᠭᠡᠨ ᠵᠠᠰᠠᠬᠤ ᠣᠷᠣᠨ ᠪᠠ ᠰᠢᠯᠢ ᠶᠢᠨ ᠭᠤᠤᠯ ᠠᠶᠢᠮᠠᠭ ᠤᠨ ᠦᠨ᠎ᠡ ᠬᠠᠩᠰᠢ | ᠪᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠥᠪᠡᠷ ᠤᠨ ᠥᠷᠲᠡᠭ ᠤᠨ ᠪᠠᠶᠢᠴᠠᠭᠠᠯᠳᠠ ᠶᠢᠨ | ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠪᠥᠬᠦ ᠬᠤᠰᠢᠭᠤᠨ ᠤ | ᠦᠨ᠎ᠡ ᠬᠠᠩᠰᠢ ᠶᠢ ᠲᠣᠬᠢᠷᠠᠭᠤᠯᠤᠨ ᠡᠵᠡᠮᠳᠡᠬᠦ ᠬᠠᠷᠠᠯᠲᠠ ᠶᠢ ᠳᠤᠷᠠᠳᠣᠨ᠎ᠠ᠃ ᠪᠦᠬᠦ ᠬᠤᠰᠢᠭᠤᠨ ᠤ | ᠬᠠᠮᠢᠶᠠᠷᠤᠯᠲᠠ ᠶᠢᠨ ᠡᠷᠬᠡ ᠮᠡᠳᠡᠯ ᠤᠨ ᠳᠣᠲᠣᠷᠠᠬᠢ ᠭᠤᠣᠯ ᠪᠣᠯᠬᠤ ᠲᠠᠸᠠᠷ᠂ ᠦᠢᠯᠡᠴᠢᠯᠡᠭᠡᠨ ᠤ ᠦᠨ᠎ᠡ ᠬᠠᠩᠰᠢ | ᠪᠣᠯᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠱᠠᠭᠠᠷᠳᠠᠯᠭ᠎ᠠ ᠶᠣᠰᠣᠭᠠᠷ | ᠡᠯ᠎ᠡ ᠵᠦᠢᠯ ᠤᠨ ᠥᠪᠡᠷ ᠤᠨ ᠥᠷᠲᠡᠭ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠎ᠡ᠃ ᠦᠨ᠎ᠡ ᠬᠠᠩᠰᠢ ᠶᠢ | ᠪᠠᠳᠣᠯᠠᠨ ᠳᠣᠭᠳᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠬᠤᠷᠢ︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ | ᠬᠤᠶᠠᠷ᠂ ᠦᠨᠳᠦᠰᠦᠨ ᠪᠠᠶᠢᠳᠠᠯ | ︵ᠨᠢᠭᠡ︶ ᠤᠳᠤᠷᠢᠳᠤᠯᠭ᠎ᠠ ᠶᠢᠨ ᠲᠤᠰᠢᠶᠠᠯ ᠤᠨ ᠣᠷᠣᠨ ᠲᠤᠭ᠎ᠠ | ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠵᠠᠰᠠᠭ ᠵᠠᠬᠢᠷᠭᠠᠨ ᠤ ᠣᠷᠣᠨ ᠲᠤᠭ᠎ᠠ 11 ᠪᠤᠢ᠃ | ᠡᠷᠬᠢᠯᠡᠭᠴᠢ 1 ᠨᠡᠷ᠎ᠡ᠂ ᠳᠡᠳ᠋ ᠡᠷᠬᠢᠯᠡᠭᠴᠢ 3 ᠨᠡᠷ᠎ᠡ ︵ᠡᠭᠦᠨ ᠳᠤ 1 ᠨᠡᠷ᠎ᠡ ᠨᠢ ᠬᠤᠰᠢᠭᠤ ᠠᠮᠤ ᠪᠤᠳᠠᠭ᠎ᠠ ᠪᠠ ᠡᠳ᠋ | ᠪᠣᠳᠠᠰ ᠨᠥᠭᠡᠴᠡᠯᠡᠬᠦ ᠲᠣᠪᠴᠢᠶᠠᠨ ᠤ ᠳᠠᠷᠤᠭ᠎ᠠ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠤ ᠪᠤᠢ︶᠃ | ᠭᠤᠣᠯᠳᠠᠯᠭ᠎ᠠ ᠲᠠᠢ ᠲᠥᠷᠥᠯ ᠵᠦᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠠᠯᠪᠠᠳᠠᠨ ᠤ | ᠬᠠᠣᠯᠢ ᠶᠢ ᠦᠨᠳᠦᠰᠦᠯᠡᠨ ᠬᠠᠮᠢᠶᠠᠷᠬᠤ ᠣᠷᠣᠨ ᠲᠤᠭ᠎ᠠ 9 ᠪᠣᠢ᠃ ᠡᠷᠬᠢᠯᠡᠭᠴᠢ 1 ᠨᠡᠷ᠎ᠡ᠂ ᠳᠡᠳ᠋ ᠡᠷᠬᠢᠯᠡᠭᠴᠢ 1 | ᠨᠡᠷ᠎ᠡ᠃ | ︵ᠬᠤᠶᠠᠷ︶ ᠣᠷᠣᠨ ᠲᠤᠭ᠎ᠠ ᠵᠢᠴᠢ ᠠᠵᠢᠯᠲᠠᠨ ᠤ ᠪᠠᠶᠢᠳᠠᠯ | ᠨᠡᠶᠢᠲᠡ 22 ᠣᠷᠣᠨ ᠲᠤᠭ᠎ᠠ ᠪᠤᠢ᠃ ᠡᠭᠦᠨ ᠳᠤ᠄ ᠵᠠᠰᠠᠭ ᠵᠠᠬᠢᠷᠭᠠᠨ ᠤ ᠣᠷᠣᠨ ᠲᠤᠭ᠎ᠠ 11᠂ ᠠᠵᠢᠯᠴᠢᠨ ᠤ | ᠣᠷᠣᠨ ᠲᠤᠭ᠎ᠠ 2 ᠪᠤᠢ᠃ ᠠᠯᠪᠠᠲᠠᠨ ᠤ ᠬᠠᠣᠯᠢ ᠶᠢ ᠦᠨᠳᠦᠰᠦᠯᠡᠨ ᠬᠠᠮᠢᠶᠠᠷᠬᠤ ᠣᠷᠣᠨ ᠳᠤᠭ᠎ᠠ 9 ᠪᠤᠢ ︵ | ᠭᠤᠣᠯᠳᠠᠯᠭ᠎ᠠ ᠲᠠᠢ ᠲᠥᠷᠥᠯ ᠵᠦᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ︶᠃ 29 ᠠᠵᠢᠯᠲᠠᠨ | ᠠᠵᠢᠯᠯᠠᠵᠤ ᠪᠤᠢ᠃ ᠡᠭᠦᠨ ᠳᠤ ᠵᠠᠰᠠᠭ ᠵᠠᠬᠢᠷᠭᠠᠨ ᠤ ᠣᠷᠣᠨ ᠳᠤᠭ᠎ᠠ ᠲᠠᠢ 9 ᠬᠥᠮᠦᠨ᠂ ᠠᠵᠢᠯᠴᠢᠨ ᠤ ᠣᠷᠣᠨ | ᠳᠤᠭ᠎ᠠ ᠲᠠᠢ 2 ᠬᠥᠮᠦᠨ᠂ ᠭᠤᠣᠯᠳᠠᠯᠭ᠎ᠠ ᠲᠠᠢ ᠲᠥᠷᠥᠯ ᠵᠦᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠤᠨ 9 ᠬᠥᠮᠦᠨ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ 3 ᠬᠥᠮᠦᠨ᠂ ᠬᠥᠯᠥᠰᠥ ᠣᠯᠭᠤᠮᠵᠢ | ᠠᠳᠠᠯᠢ ᠪᠠᠷ ᠣᠯᠬᠤ 1 ᠬᠥᠮᠦᠨ᠂ ᠲᠦᠷ ᠴᠠᠭ ᠤᠨ ᠠᠵᠢᠯᠳᠠᠨ 5 ᠬᠥᠮᠦᠨ ᠪᠤᠢ᠃ | ︵ᠭᠤᠷᠪᠠ︶ ᠪᠠᠶᠢᠭᠤᠯᠤᠮᠵᠢ ᠶᠢᠨ ᠪᠠᠶᠢᠳᠠᠯ | ᠪᠠᠶᠢᠭᠤᠯᠤᠮᠵᠢ ᠳᠤ ᠠᠯᠪᠠᠨ ᠭᠡᠷ᠂ ᠤᠯᠤᠰ ᠠᠷᠠᠳ ᠤᠨ ᠠᠵᠤ ᠠᠬᠤᠢ ᠶᠢᠨ ᠶᠡᠷᠦᠩᠬᠡᠶᠢᠯᠡᠯ ᠪᠠ ᠬᠥᠭᠵᠢᠯᠳᠡ ᠶᠢᠨ | ᠲᠥᠯᠥᠪᠵᠢᠭᠦᠯᠭᠡ ᠪᠤᠯᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠳᠠᠰᠤᠭ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠪᠠ ᠰᠠᠭᠤᠷᠢ ᠠᠵᠤ ᠦᠢᠯᠡᠰ ᠤᠨ ᠳᠠᠰᠤᠭ᠂ ᠦᠨ᠎ᠡ ᠬᠠᠩᠰᠢ᠂ ᠰᠦᠢᠳᠬᠡᠯ ᠬᠤᠷᠢᠶᠠᠬᠤ ᠪᠠ | ᠡᠨᠧᠷᠭᠢ ᠶᠢᠨ ᠳᠠᠰᠤᠭ᠂ ᠬᠥᠳᠡᠭᠡ ᠲᠣᠰᠬᠤᠨ ᠤ ᠠᠵᠤ ᠠᠬᠤᠶ ᠬᠢᠭᠡᠳ ᠠᠮᠤ ᠪᠤᠳᠠᠭ᠎ᠠ ᠪᠠ ᠡᠳ᠋ ᠪᠤᠳᠠᠰ ᠨᠥᠭᠡᠴᠡᠯᠡᠬᠦ | ᠳᠠᠰᠤᠭ᠂ ᠠᠵᠤ ᠦᠢᠯᠡᠰ ᠢ ᠵᠤᠬᠢᠴᠠᠭᠤᠯᠬᠤ ᠪᠤᠯᠤᠨ ᠣᠷᠴᠢᠨ ᠲᠣᠭᠤᠷᠢᠨ ᠡᠬᠢ ᠪᠠᠶᠠᠯᠢᠭ ᠤᠨ ᠳᠠᠰᠤᠭ᠂ | ᠨᠡᠶᠢᠭᠡᠮ ᠤᠨ ᠬᠥᠭᠵᠢᠯᠲᠡ ᠪᠤᠯᠤᠨ ᠠᠵᠢᠯ ᠣᠯᠭᠤᠯᠲᠠ ᠶᠢᠨ ᠳᠠᠰᠤᠭ ᠪᠤᠢ᠃ | |