ᠭᠠᠴᠠᠭᠠᠨ ᠤ ᠬᠠᠮᠲᠤ ᠶᠢᠨ ᠠᠵᠤ ᠠᠬᠤᠶ ᠤᠯᠠᠨ ᠲᠦᠮᠡᠨ ᠳᠤ ᠦᠨᠡᠨᠬᠦ ᠠᠰᠢᠭ ᠬᠦᠷᠳᠡᠭᠡᠵᠦ ᠪᠤᠢ
ᠨᠡᠶᠢᠲᠡᠯᠡᠭᠰᠡᠨ ᠴᠠᠭ᠄
2024/3/11
        ᠣᠶᠢᠷ᠎ᠠ ᠶᠢᠨ ᠵᠢᠯ᠂ ᠰᠢᠯᠤᠭᠤᠨ ᠬᠥᠬᠡ ᠬᠤᠰᠢᠭᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠬᠦᠭᠵᠢᠬᠦᠯᠬᠦ ᠎ ᠶᠢ ᠲᠠᠰᠤᠷᠠᠯᠲᠠ ᠥᠬᠡᠶ ᠰᠦᠪᠡᠭᠴᠢᠯᠡᠵᠦ᠂ ᠬᠠᠮᠲᠤ ᠶᠢᠨ ᠠᠵᠤ ᠠᠬᠤᠶ ᠶᠢᠨ ᠪᠣᠳᠠᠲᠤ ᠬᠦᠴᠦᠨ ᠢ ᠳᠡᠭᠡᠭᠰᠢᠯᠡᠭᠦᠯᠦᠨ᠂ ︽ᠣᠷᠣᠯᠭ᠎ᠠ ᠡᠭᠦᠳᠬᠦ︾ ᠵᠠᠭᠪᠤᠷ ᠢ ᠡᠬᠢᠯᠡᠨ ᠬᠡᠷᠡᠭᠵᠢᠬᠦᠯᠵᠦ᠂ ᠮᠠᠯᠴᠢᠳ ᠲᠤ ᠦᠨᠡᠨᠬᠦ ᠠᠰᠢᠭ ᠬᠦᠷᠳᠡᠭᠡᠵᠦ ᠪᠤᠢ᠃      ᠰᠢᠯᠤᠭᠤᠨ ᠬᠥᠬᠡ ᠬᠤᠰᠢᠭᠤᠨ ᠤ ᠵᠢᠭᠠᠰᠤᠲᠠᠶ ᠰᠤᠮᠤᠨ ᠤ ᠪᠠᠶᠠᠨᠪᠤᠯᠠᠭ ᠭᠠᠴᠠᠭ᠎ᠠ ᠬᠠᠪᠤᠷ ᠤᠨ ᠤᠯᠠᠷᠢᠯ ᠤᠨ ᠲᠡᠵᠢᠭᠡᠯ ᠪᠣᠷᠳᠤᠭ᠎ᠠ ᠳᠤᠲᠠᠭᠳᠠᠵᠤ ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠬᠦ ᠶᠢᠨ ᠲᠥᠯᠥᠭᠡ ᠭᠠᠴᠠᠭᠠᠨ ︽ᠬᠤᠶᠠᠷ ᠵᠥᠪᠯᠡᠯ︾᠎ ᠨᠢ ᠣᠯᠠᠨ ᠲᠦᠮᠡᠨ ᠠᠴᠠ ᠰᠠᠨᠠᠯ ᠬᠤᠷᠢᠶᠠᠵᠤ᠂ ᠮᠠᠯᠴᠢᠳ ᠤᠨ ᠲᠡᠵᠢᠭᠡᠯ ᠪᠣᠷᠳᠣᠭᠠᠨ ᠤ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠪᠥᠬᠦ ᠲᠠᠯ᠎ᠠ ᠪᠠᠷ ᠪᠦᠷᠢᠳᠭᠡᠨ᠂ ᠡᠪᠡᠰᠦ ᠪᠣᠷᠳᠣᠭᠠᠨ ᠤ ᠠᠵᠤ ᠠᠬᠤᠶᠢᠯᠠᠯ ᠎ ᠲᠠᠢ ᠢᠳᠡᠪᠬᠢᠲᠡᠶ ᠬᠠᠷᠢᠴᠠᠵᠤ ᠭᠠᠴᠠᠭᠠᠨ ᠤ ᠬᠠᠮᠲᠤ ᠶᠢᠨ ᠠᠵᠤ ᠠᠬᠤᠶ ᠠᠴᠠ 50%᠎ ᠶᠢᠨ ᠨᠥᠬᠦᠪᠥᠷᠢ ᠥᠭᠬᠦ ᠠᠷᠭ᠎ᠠ ᠬᠡᠯᠪᠡᠷᠢ ᠪᠠᠷ ᠨᠡᠶᠢᠲᠡ 20 ᠲᠦᠮᠡᠨ ᠲᠥᠭᠦᠷᠢᠭ ᠤᠨ ᠪᠠᠯᠠ ᠮᠥᠩᠭᠦ ᠭᠠᠷᠭᠠᠵᠤ᠂ 57 ᠲᠣᠨ ᠳᠡᠵᠢᠭᠡᠯ ᠪᠤᠷᠳᠤᠭ᠎ᠠ ᠤᠷᠤᠭᠤᠯᠤᠭᠰᠠᠨ ᠪᠠᠶᠢᠨ᠎ᠠ᠃      ᠵᠢᠭᠠᠰᠤᠲᠠᠶ ᠰᠤᠮᠤᠨ ᠤ ᠪᠠᠶᠠᠨᠪᠤᠯᠠᠭ ᠭᠠᠴᠠᠭᠠᠨ ᠤ ᠨᠠᠮ ᠤᠨ ᠡᠭᠦᠷ ᠤᠨ ᠱᠦᠵᠢ ᠰᠤᠳᠤᠰᠡᠴᠡᠨ᠄ ︽ᠲᠡᠵᠢᠭᠡᠯ ᠪᠣᠷᠳᠣᠭᠠᠨ ᠤ ᠥᠪᠡᠷ ᠤᠨ ᠥᠷᠲᠡᠭ ᠥᠰᠴᠦ᠂ ᠦᠬᠡᠷ ᠬᠤᠨᠢᠨ ᠤ ᠦᠨ᠎ᠡ ᠳᠣᠤᠷ᠎ᠠ ᠪᠠᠶᠢᠭ᠎ᠠ ᠪᠣᠳᠠᠲᠤ ᠠᠰᠠᠭᠤᠳᠠᠯ ᠎ ᠳᠤ ᠴᠢᠭᠯᠡᠭᠦᠯᠦᠨ ᠮᠠᠨ ᠤ ᠭᠠᠴᠠᠭᠠᠨ ᠤ ᠨᠠᠮ ᠤᠨ ᠡᠭᠦᠷ ᠠᠴᠠ ᠮᠠᠯᠴᠢᠳ ᠤᠨ ᠲᠥᠯᠥᠭᠡᠯᠡᠭᠴᠢᠳ ᠤᠨ ᠶᠡᠭᠡ ᠬᠤᠷᠠᠯ ᠎ ᠢ ᠬᠤᠷᠠᠯᠳᠤᠭᠤᠯᠵᠤ᠂ ᠲᠦᠩᠯᠢᠶᠣᠤ ᠬᠤᠲᠠ ᠶᠢᠨ ᠨᠢᠦ ᠯᠢᠶᠠᠨ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠲᠠᠢ ᠬᠠᠷᠢᠯᠴᠠᠨ᠂ ᠮᠠᠯᠴᠢᠳ ᠲᠤ ᠲᠡᠵᠢᠭᠡᠯ ᠪᠣᠷᠳᠤᠭ᠎ᠠ ᠤᠷᠤᠭᠤᠯᠵᠤ ᠦᠭᠴᠡᠢ︾ ᠭᠡᠯ᠎ᠡ᠃      3 ᠰᠠᠷ᠎ᠠ ᠶᠢᠨ 9᠎ ᠤ ᠡᠳᠦᠷ᠂ ᠲᠤᠰ ᠭᠠᠴᠠᠭᠠᠨ ᠤ 30 ᠭᠠᠷᠤᠢ ᠮᠠᠯᠴᠢᠨ ᠡᠨᠡᠬᠦ ︽ᠠᠷᠠᠳ ᠲᠤ ᠠᠰᠢᠭ ᠬᠦᠷᠲᠡᠭᠡᠬᠦ ᠪᠣᠷᠳᠤᠭ᠎ᠠ︾᠎ ᠶᠢ ᠭᠠᠷᠳᠠᠨ ᠠᠪᠴᠤ᠂ ᠠᠬᠤᠢ ᠲᠠᠯᠠᠪᠠᠶ ᠳᠤ ᠭᠠᠴᠠᠭᠠᠨ ᠤ ︽ᠬᠤᠶᠠᠷ ᠵᠥᠪᠯᠡᠯ︾᠎ ᠤᠨ ᠬᠡᠰᠢᠬᠦᠳ ᠳᠡᠮᠳᠡᠭᠯᠡᠬᠦ᠂ ᠬᠠᠷᠭᠤᠭᠤᠯᠬᠤ᠂ ᠵᠦᠭᠡᠭᠡᠪᠦᠷᠢᠯᠡᠬᠦ ᠵᠡᠷᠭᠡ ᠠᠵᠢᠯ ᠢ ᠶᠠᠭᠠᠷᠠᠯᠳᠠᠢ ᠬᠢᠵᠡᠭᠡᠵᠦ ᠪᠠᠶᠢᠯ᠎ᠠ᠃      ᠮᠠᠯᠴᠢᠨ ᠴᠡᠩᠭᠡᠯᠳᠦ ᠬᠡᠯᠡᠬᠦ ᠳᠡᠭᠡᠨ᠄ ︽ᠮᠠᠨ ᠤ ᠭᠠᠴᠠᠭ᠎ᠠ ᠬᠠᠮᠲᠤ ᠶᠢᠨ ᠠᠵᠤ ᠠᠬᠤᠢ ᠠᠴᠠ 50%᠎ ᠶᠢᠨ ᠪᠡᠯᠡ ᠮᠥᠩᠭᠦ ᠭᠠᠷᠭᠠᠵᠤ᠂ ᠬᠠᠪᠤᠷ ᠤᠨ ᠤᠯᠠᠷᠢᠯ ᠤᠨ ᠡᠪᠡᠰᠦ ᠪᠣᠷᠳᠤᠭ᠎ᠠ ᠲᠤᠳᠠᠭᠳᠠᠵᠤ ᠪᠠᠶᠢᠭ᠎ᠠ ᠦᠶ᠎ᠡ ᠳᠤ ᠲᠡᠵᠢᠭᠡᠯ ᠪᠣᠷᠳᠤᠭ᠎ᠠ ᠬᠦᠷᠭᠡᠵᠦ ᠢᠷᠡᠭᠰᠡᠨ ᠨᠢ ᠮᠠᠯᠴᠢᠨ ᠲᠦᠮᠡᠨ ᠤ ᠠᠵᠤ ᠠᠬᠤᠢ ᠶᠢᠨ ᠳᠠᠷᠤᠭᠠᠰᠤ ᠶᠢ ᠪᠠᠭ᠎ᠠ ᠦᠭᠡᠢ ᠬᠦᠩᠭᠡᠷᠡᠭᠦᠯᠦᠯ᠎ᠡ︾ ᠭᠡᠵᠦ ᠪᠠᠶᠢᠯ᠎ᠠ᠃     ᠮᠠᠯᠴᠢᠨ ᠰᠡᠴᠡᠨᠴᠣᠭᠲᠤ᠄ ︽ᠭᠠᠴᠠᠭᠠᠨ ᠤ ᠬᠠᠮᠲᠤ ᠶᠢᠨ ᠠᠵᠤ ᠠᠬᠤᠶ ᠠᠴᠠ ᠪᠢᠳᠡᠨ ᠳᠤ ᠬᠢᠮᠳᠠ ᠮᠦᠷᠲᠡᠭᠡᠨ ᠴᠢᠨᠠᠷ ᠰᠠᠶᠢᠲᠠᠶ ᠲᠡᠵᠢᠭᠡᠯ ᠪᠣᠷᠳᠤᠭ᠎ᠠ ᠬᠤᠪᠢᠳᠠᠨ ᠦᠭᠴᠦ ᠬᠦᠴᠢᠷᠳᠡᠯ ᠢ ᠰᠢᠶᠳᠪᠦᠷᠢᠯᠡᠭᠰᠡᠨ ᠳᠤ ᠮᠠᠰᠢ ᠪᠠᠶᠠᠷᠯᠠᠵᠤ ᠪᠠᠶᠢᠨ᠎ᠠ︾ ᠭᠡᠯ᠎ᠡ᠃     ᠭᠠᠴᠠᠭᠠᠨ ᠠᠴᠠ ᠮᠠᠯᠴᠢᠳ ᠲᠤ ᠳᠡᠵᠢᠭᠡᠯ ᠪᠤᠷᠳᠤᠭ᠎ᠠ ᠳᠠᠷᠬᠠᠭᠠᠨ ᠦᠭᠭᠦᠭᠰᠡᠨ ᠨᠢ ᠳᠡᠳᠡᠨ ᠤ ᠠᠵᠤ ᠠᠬᠤᠶ ᠎ ᠶᠢᠨ ᠳᠠᠷᠤᠭᠠᠰᠤ ᠶᠢ ᠬᠥᠩᠭᠡᠷᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠮᠠᠯᠴᠢᠨ ᠲᠦᠮᠡᠨ ᠳᠤ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠦᠷ᠎ᠡ ᠠᠰᠢᠭ ᠢ ᠮᠡᠳᠡᠷᠡᠭᠦᠯᠵᠦ᠂ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠦᠨᠡᠨᠬᠦ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号