ᠰᠢᠷᠭᠠᠭᠤ ᠬᠦᠳᠡᠯᠮᠦᠷᠢ ᠠᠴᠠ ᠰᠢᠨ᠎ᠡ ᠠᠮᠢᠳᠤᠷᠠᠯ
ᠨᠡᠶᠢᠲᠡᠯᠡᠭᠰᠡᠨ ᠴᠠᠭ᠄
2024/3/11
    — ᠮᠠᠯᠴᠢᠨ ᠰᠤᠶᠤᠯᠳᠤ ᠶᠢᠨ ᠬᠢ ᠶᠢ ᠰᠤᠷᠪᠤᠯᠵᠢᠯᠠᠭᠰᠠᠨ ᠳᠡᠮᠳᠡᠭᠯᠡᠯ                  ᠴᠢᠮᠡᠭᠡᠯᠡᠭᠴᠢ ᠲᠤ᠋ ᠤᠶᠤᠨᠪᠢᠯᠢᠭ᠌      ᠵᠤᠷᠢᠭᠰᠠᠨ ᠦᠢᠯᠡᠰ ᠤᠨ ᠢᠶᠠᠨ ᠲᠦᠯᠦᠭᠡ ᠵᠤᠷᠢᠭᠳᠠᠢ ᠴᠢᠷᠮᠠᠶᠢᠵᠦ᠂ ᠬᠤᠶᠠᠷ ᠭᠠᠷ ᠬᠦᠳᠡᠯᠮᠦᠷᠢ ᠵᠢᠳᠬᠦᠯ ᠎ ᠢᠶᠠᠷ ᠪᠤᠰᠬᠠᠭᠰᠠᠨ ᠠᠮᠢᠳᠤᠷᠠᠯ ᠤᠨ ᠳᠠᠭᠳᠤ ᠦᠵᠡᠰᠭᠦᠯᠡᠩ ᠮᠦᠷᠳᠡᠭᠡᠨ ᠪᠠᠬᠢᠯᠢᠭ᠌ ᠪᠠᠶᠢᠳᠠᠭ ᠪᠢᠯᠡ︕      ᠰᠢᠯᠤᠭᠤᠨ ᠬᠦᠭᠡ ᠬᠤᠰᠢᠭᠤᠨ ᠤ ᠨᠠᠷᠠᠳᠤ ᠰᠤᠮᠤᠨ ᠤ ᠮᠠᠯᠴᠢᠨ ᠰᠤᠶᠤᠯᠳᠤ ᠨᠠᠷᠠᠨᠳᠤᠶᠠᠭ᠎ᠠ ᠬᠤᠶᠠᠷ ᠤᠨ ᠠᠶᠢᠯ ᠭᠡᠷ ᠪᠤᠯᠤᠭᠰᠠᠨ ᠠᠴᠠ ᠪᠠᠨ ᠠᠪᠤᠭᠠᠳ ᠠᠮᠵᠢᠯᠳᠠ ᠳᠤ ᠬᠦᠷᠦᠭᠰᠡᠨ ᠦᠨᠦᠳᠦᠷ ᠬᠦᠷᠳᠡᠯᠡᠭᠢ ᠵᠠᠮ ᠮᠦᠷ ᠤᠨ ᠡᠩᠭᠦᠯ ᠲᠤᠩᠬᠤᠯ ᠪᠡᠷᠭᠡ ᠪᠠᠷᠳᠠᠭ᠎ᠠ ᠶᠢ ᠶᠠᠷᠢᠬᠤ ᠳᠤ ᠤᠯᠠᠨ ᠦᠯᠢᠭᠡᠷ ᠠᠭᠤᠯᠤᠭᠳᠠᠭᠰᠠᠨ ᠪᠠᠶᠢᠳᠠᠭ᠃
微信图片_20240311163306.jpg
微信图片_20240311163310.jpg
微信图片_20240311163316.jpg
微信图片_20240311163320.jpg
     ᠳᠡᠳᠡ ᠬᠤᠶᠠᠷ 1990 ᠤᠨ ᠳᠤ ᠠᠶᠢᠯ ᠪᠤᠯᠬᠤ ᠦᠶ᠎ᠡ ᠳᠤ ᠲᠤᠰᠬᠠᠢ ᠤᠷᠤᠨ ᠰᠠᠭᠤᠴᠠ ᠦᠭᠡᠢ᠂  ᠮᠠᠯ ᠤᠨᠤᠭ᠎ᠠ ᠨᠢ ᠴᠦᠭᠡᠭᠡᠨ ᠠᠮᠢᠳᠤᠷᠠᠯ ᠤᠨ ᠰᠠᠭᠤᠷᠢ ᠠᠨᠠᠢ ᠪᠠᠶᠢᠵᠦ᠂ ᠬᠤᠪᠢᠳᠠᠵᠤ ᠤᠯᠤᠭᠰᠠᠨ ᠭᠠᠭᠴᠠ ᠬᠦᠮᠦᠨ ᠤ ᠭᠠᠵᠠᠷ ᠨᠢ 260 ᠮᠤ᠋ ᠯᠡ ᠨᠤᠳᠤᠭ ᠪᠤᠯᠬᠤᠷ ᠠᠷᠭ᠎ᠠ ᠪᠤᠰᠤ ᠰᠤᠮᠤᠨ ᠤ ᠲᠦᠪ ᠲᠤ ᠬᠡᠷ ᠲᠦᠷᠢᠶᠡᠰᠦᠯᠡᠨ ᠨᠢᠯᠬ᠎ᠠ ᠬᠡᠦᠬᠡᠳ ᠢᠶᠠᠨ ᠬᠠᠷᠠᠵᠤ ᠬᠠᠷᠠᠭᠠᠯᠵᠠᠬᠤ ᠶᠢᠨ ᠳᠠᠭᠠᠤ ᠬᠦᠴᠦᠨ ᠤ ᠠᠵᠢᠯ ᠬᠢᠵᠦ ᠪᠠᠭ᠎ᠠ ᠰᠠᠭ᠎ᠠ ᠮᠦᠩᠭᠦ ᠲᠦᠭᠦᠷᠢᠭ ᠤᠯᠤᠨ ᠡᠳᠦᠷ ᠬᠤᠨᠤᠭ ᠢ ᠦᠩᠭᠡᠷᠡᠭᠦᠯᠵᠦ ᠪᠠᠶᠢᠵᠠᠢ᠃ ᠰᠤᠮᠤᠨ ᠤ ᠲᠦᠪ ᠭᠡᠵᠦ ᠠᠶᠢᠯ ᠴᠦᠭᠡᠨ ᠤᠯᠢᠭᠳᠠᠶᠢᠬᠠᠨ ᠬᠦᠯᠦᠰᠦ ᠵᠤᠭᠤᠰ ᠤᠯᠴᠢᠬᠠᠮᠠᠷ ᠠᠵᠢᠯ ᠴᠦ ᠦᠭᠡᠢ ᠪᠤᠯᠬᠤᠷ ᠰᠤᠶᠤᠯᠳᠤ ᠨᠠᠷᠠᠨᠳᠤᠶᠠᠭ᠎ᠠ ᠬᠤᠶᠠᠭᠤᠯᠠ ᠬᠡᠳᠦᠨ ᠮᠠᠯ ᠎ ᠢᠶᠠᠨ ᠡᠭᠡᠴᠢ ᠬᠦᠷᠭᠡᠨ ᠠᠬ᠎ᠠ ᠶᠢᠨ ᠳᠠᠭᠠᠨ ᠨᠡᠶᠢᠳᠠᠵᠤ ᠦᠭᠭᠦᠭᠡᠳ ᠵᠤᠷᠢᠭ ᠢᠶᠠᠨ ᠬᠦᠪᠴᠢᠯᠡᠨ ᠨᠢᠯᠬ᠎ᠠ ᠪᠠᠨ ᠳᠠᠭᠠᠭᠤᠯᠵᠤ ᠠᠯᠤᠰ ᠬᠤᠯᠠ ᠬᠦᠬᠡᠬᠤᠳᠠ ᠶᠢ ᠵᠤᠷᠢᠵᠦ ᠨᠢᠭᠡᠨ ᠰᠢᠨ᠎ᠡ ᠠᠮᠢᠳᠤᠷᠠᠯ ᠤᠨ ᠵᠠᠮ ᠢ ᠡᠯᠭᠦᠭᠰᠡᠨ ᠪᠠᠶᠢᠨ᠎ᠠ᠃
微信图片_20240311163258.jpg
       ᠠᠯᠤᠰ ᠤᠨ ᠨᠤᠳᠤᠭ ᠲᠤ ᠢᠷᠡᠭᠡᠳ ᠠᠮᠤᠷ ᠰᠠᠭᠤᠵᠤ ᠨᠡᠩ ᠴᠦ ᠪᠤᠯᠬᠤ ᠦᠭᠡᠢ ᠪᠤᠯᠬᠤᠷ ᠰᠦᠨ ᠤ ᠦᠢᠯᠡᠳᠪᠦᠷᠢ᠂ ᠠᠷᠢᠬᠢᠨ ᠤ ᠦᠢᠯᠡᠳᠪᠦᠷᠢ᠂ ᠰᠠᠭᠠᠯᠢ ᠶᠢᠨ ᠦᠨᠢᠶᠠᠨ ᠤ ᠲᠤᠰᠬᠤᠨ ᠢᠶᠠᠷ ᠬᠡᠦᠬᠡᠳ ᠢᠶᠠᠨ ᠡᠭᠦᠷᠦᠨ ᠬᠦᠴᠦ ᠶᠠᠪᠤᠵᠤ᠂ ᠠᠴᠢᠶᠠᠨ ᠤ ᠮᠠᠰᠢᠨ ᠠᠴᠠ ᠼᠧᠮᠧᠨ᠋ᠲ ᠡᠭᠦᠷᠴᠦ ᠪᠠᠭᠤᠯᠭᠠᠬᠤ᠂ ᠠᠷᠢᠬᠢᠨ ᠯᠤᠩᠬᠤ ᠳᠡᠭᠦᠭᠦ᠂ ᠯᠤᠩᠬᠤᠨ ᠬᠠᠪᠬᠠᠭᠠᠰᠤ ᠳᠡᠭᠦᠭᠦ ᠵᠡᠷᠭᠡ ᠠᠵᠢᠯ ᠪᠤᠯᠭᠠᠨ ᠢ ᠭᠤᠯᠤᠯ ᠦᠭᠡᠢ ᠬᠢᠳᠡᠭ ᠪᠠᠶᠢᠯ᠎ᠠ᠃1996 ᠤᠨ ᠳᠤ ᠵᠢᠷᠭᠤᠭᠠᠨ ᠵᠢᠯ ᠬᠦᠴᠦᠨ ᠤ ᠠᠵᠢᠯ ᠬᠢᠭᠰᠡᠨ ᠳᠡᠷᠡ ᠬᠤᠶᠠᠭᠤᠯᠠ ᠬᠦᠦ ᠨᠢ ᠰᠤᠷᠭᠠᠭᠤᠯᠢ ᠳᠤ ᠰᠠᠭᠤᠬᠤ ᠪᠤᠯᠤᠭᠰᠠᠨ ᠪᠤᠯᠬᠤᠷ ᠲᠦᠷᠦᠭᠰᠡᠨ ᠨᠤᠳᠤᠭ ᠰᠢᠯᠤᠭᠤᠨ ᠬᠦᠭᠡ ᠬᠤᠰᠢᠭᠤᠨ ᠤ ᠪᠠᠨ ᠨᠠᠷᠠᠳᠤ ᠰᠤᠮᠤᠨ ᠳᠠᠭᠠᠨ ᠪᠤᠴᠠᠨ ᠢᠷᠡᠵᠦ᠂ ᠳᠠᠬᠢᠨᠳᠠ ᠮᠠᠯ ᠠᠵᠤ ᠠᠬᠤᠢ ᠲᠠᠢ ᠪᠠᠨ ᠵᠤᠯᠭᠠᠵᠠᠢ᠃      ᠥᠪᠡᠷᠳᠡᠭᠡᠨ ᠲᠤᠰᠬᠠᠢ ᠤᠷᠤᠨ ᠰᠠᠭᠤᠴᠠ ᠪᠠᠶᠢᠬᠤ ᠦᠭᠡᠢ ᠪᠤᠯᠬᠤᠷ ᠡᠬᠢᠯᠡᠭᠡᠳ ᠭᠤᠭᠤᠰᠤᠳᠠᠢ ᠭᠠᠴᠠᠭᠠᠨ ᠳᠤ ᠪᠠᠶᠢᠭ᠎ᠠ ᠡᠬᠡᠴᠢ ᠬᠦᠷᠭᠡᠨ ᠠᠬ᠎ᠠ ᠶᠢᠨ ᠢᠶᠠᠨ ᠮᠠᠯ ᠤᠨᠤᠭ᠎ᠠ ᠶᠢ ᠠᠷᠠᠴᠢᠯᠠᠨ ᠳᠤᠳᠤᠮᠳᠠᠬᠤ ᠶᠢᠨ ᠬᠠᠮᠳᠤ ᠪᠤᠰᠤᠳ ᠎ ᠠᠴᠠ ᠨᠤᠳᠤᠭ ᠲᠦᠷᠢᠶᠡᠰᠦᠯᠡᠨ ᠥᠪᠡᠷ ᠤᠨ ᠬᠡᠳᠦᠨ ᠮᠠᠯ ᠢᠶᠠᠨ ᠦᠰᠭᠡᠵᠦ᠂ ᠡᠨᠡ ᠬᠤᠭᠤᠷᠤᠨᠳᠤ ᠰᠤᠶᠤᠯᠳᠤ ᠳᠤᠭᠤᠭᠠᠴᠢ ᠶᠢᠨ ᠮᠡᠷᠭᠡᠵᠢᠯ ᠤᠨ ᠠᠩᠬᠢ ᠳᠤ ᠰᠤᠷᠤᠯᠴᠠᠨ ᠬᠦᠷᠭᠡᠨ ᠠᠬ᠎ᠠ ᠶᠢᠨ ᠢᠶᠠᠨ ᠡᠷᠬᠢᠯᠡᠵᠦ ᠪᠠᠶᠢᠬᠤ ᠵᠤᠭᠠᠴᠠᠯ ᠎ ᠤᠨ ᠭᠠᠵᠠᠷ ᠲᠤ ᠨᠢ ᠬᠠᠮᠵᠢᠯᠴᠠᠨ ᠲᠤᠰᠬᠠᠢ ᠲᠤᠭᠤᠭᠠᠴᠢ ᠪᠤᠯᠤᠭᠰᠠᠨ ᠪᠠᠶᠢᠨ᠎ᠠ᠃     2020 ᠤᠨ ᠳᠤ ᠬᠦᠦ ᠨᠢ ᠶᠡᠭᠡ ᠰᠤᠷᠭᠠᠭᠤᠯᠢ ᠪᠠᠨ ᠳᠡᠭᠦᠰᠭᠡᠵᠦ ᠤᠯᠠᠨ ᠵᠢᠯ ᠭᠠᠳᠠᠭᠤᠷ ᠶᠠᠪᠤᠭᠰᠠᠨ ᠰᠤᠶᠤᠯᠳᠤ ᠨᠠᠷᠠᠨᠳᠤᠶᠠᠭ᠎ᠠ ᠬᠤᠶᠠᠷ ᠴᠦ ᠨᠤᠳᠤᠭ ᠪᠤᠴᠠᠵᠤ ᠥᠪᠡᠷ ᠤᠨ ᠬᠡᠰᠡᠨ ᠠᠮᠢᠳᠤᠷᠠᠯ ᠲᠠᠢ ᠠᠶᠢᠯ ᠪᠤᠯᠬᠤ ᠭᠡᠰᠡᠨ ᠡᠷᠡᠮᠡᠯᠵᠡᠯ ᠢᠶᠠᠨ ᠬᠦᠢᠴᠡᠳᠭᠡᠭᠦ ᠪᠠᠷ ᠨᠠᠷᠠᠳᠤ ᠰᠤᠮᠤᠨ ᠤ ᠳᠠᠭᠤᠳᠤᠨᠠᠭᠤᠷ ᠭᠠᠴᠠᠭᠠᠨ ᠳᠤ ᠪᠠᠨ ᠢᠷᠡᠵᠦ᠂ ᠤᠳᠤᠬᠢᠴᠢᠯᠠᠭᠰᠠᠨ ᠮᠠᠶ᠋ᠢᠭ ᠤᠨ ᠰᠢᠨ᠎ᠡ ᠪᠠᠶᠢᠰᠢᠩ ᠬᠦᠮᠦᠷᠭᠡ᠂ ᠴᠤᠯ ᠳᠤᠭᠤᠰᠬᠠᠨ ᠪᠦᠲᠦᠴᠡ ᠲᠠᠢ ᠲᠤᠯᠠᠭᠠᠨ ᠫᠧᠩ ᠬᠤᠷᠤᠭ᠎ᠠ ᠪᠠᠷᠢᠵᠦ᠂ ᠬᠤᠷᠢᠨ ᠵᠢᠯ ᠤᠨ ︽ᠲᠤᠭᠤᠷᠢᠨ ᠵᠢᠭᠤᠯᠴᠢᠯᠠᠭᠰᠠᠨ︾ ᠠᠮᠢᠳᠤᠷᠠᠯ ᠢᠶᠠᠨ ᠪᠦᠷᠢᠨ ᠪᠦᠲᠦᠨ ᠰᠠᠭᠤᠷᠢᠰᠢᠭᠰᠠᠨ ᠠᠮᠢᠳᠤᠷᠠᠯ ᠢᠶᠠᠷ ᠰᠤᠯᠢᠵᠦ ᠠᠪᠴᠢᠷᠠᠯ᠎ᠠ᠃
微信图片_20240311163306.jpg
微信图片_20240311162558.jpg
     ᠡᠨᠡ ᠵᠢᠯ ᠡᠳᠡᠨᠡᠶᠢᠬᠢ ᠥᠪᠡᠷ ᠤᠨ ᠬᠢ ᠠᠴᠠ ᠪᠠᠨ ᠭᠠᠳᠠᠨ᠎ᠠ ᠪᠤᠰᠤᠳ ᠠᠴᠠ ᠳᠠᠭᠠᠭᠠᠴᠢᠯᠠᠭᠰᠠᠨ ᠮᠠᠯ ᠲᠠᠢ ᠎ ᠪᠠᠨ ᠨᠡᠶᠢᠳᠡ 80 ᠭᠠᠷᠤᠢ ᠦᠭᠡᠷ᠂ ᠬᠤᠷᠢᠭᠠᠳ ᠬᠤᠨᠢ᠂ ᠴᠦᠭᠡᠪᠦᠷᠢ ᠠᠳᠤᠭᠤ ᠮᠠᠯᠵᠢᠵᠦ᠂ ᠥᠪᠡᠷ ᠤᠨ ᠬᠠᠳᠤᠯᠠᠩ ᠲᠦᠴᠢᠭᠡᠳ ᠲᠤᠨ ᠡᠪᠡᠰᠦ᠂ 50 ᠲᠤᠨ ᠨᠤᠭᠤᠭᠠᠨ ᠳᠠᠷᠤᠰᠢ ᠶᠢᠨ ᠳᠡᠭᠡᠷ᠎ᠡ ᠭᠠᠳᠠᠨ᠎ᠠ ᠠᠴᠠ 15 ᠲᠤᠨ ᠨᠠᠷᠢᠯᠢᠭ ᠪᠤᠷᠳᠤᠭ᠎ᠠ᠂ 200 ᠭᠠᠷᠤᠢ ᠲᠤᠨ ᠨᠤᠭᠤᠭᠠᠨ ᠲᠠᠷᠤᠰᠢ ᠠᠪᠴᠤ ᠮᠠᠯ ᠤᠨ ᠳᠠᠷᠭᠤ ᠬᠦᠴᠦ ᠶᠢ ᠪᠠᠳᠤᠯᠠᠬᠤ ᠳᠡᠭᠡᠷ᠎ᠡ ᠶᠡᠬᠡᠭᠡᠨ ᠰᠠᠨᠠᠭ᠎ᠠ ᠳᠠᠯᠪᠢᠵᠦ᠂ ᠬᠠᠪᠤᠷ ᠤᠨ ᠬᠠᠰᠢᠶᠠᠯᠠᠭ᠎ᠠ ᠶᠢᠨ ᠬᠤᠭᠤᠴᠠᠭᠠᠨ ᠳᠤ ᠬᠡᠷᠡᠭᠰᠡᠬᠦ ᠡᠪᠡᠰᠦ ᠪᠤᠷᠳᠤᠭ᠎ᠠ ᠪᠠᠨ ᠪᠦᠷᠢᠨ ᠬᠦᠢᠴᠡᠳ ᠪᠡᠯᠡᠳᠭᠡᠭᠰᠡᠨ ᠪᠠᠶᠢᠨ᠎ᠠ᠃ ᠰᠤᠶᠤᠯᠳᠤ ᠮᠠᠯ ᠤᠨ ᠡᠭᠦᠯᠳᠡᠷ ᠰᠠᠶᠢᠵᠢᠷᠠᠭᠤᠯᠬᠤ ᠶᠢ ᠴᠢᠬᠤᠯᠠᠴᠢᠯᠠᠨ ᠭᠠᠳᠠᠨ᠎ᠠ ᠭᠠᠵᠠᠷ ᠠᠴᠠ ᠰᠠᠶᠢᠨ ᠡᠭᠦᠯᠳᠡᠷ ᠤᠨ ᠪᠤᠬ᠎ᠠ ᠬᠤᠳᠠᠯᠳᠤᠨ ᠠᠪᠴᠢᠷᠠᠭᠰᠠᠨ ᠪᠦᠭᠡᠳ ᠬᠦᠦ ᠰᠦᠷᠯᠢᠭ ᠨᠢ ᠢᠴᠡᠭᠡᠯ ᠦᠷ᠎ᠡ ᠶᠢᠨ ᠭᠡᠭᠡᠯᠳᠦᠭᠦᠯᠭᠡ ᠶᠢᠨ ᠮᠡᠷᠭᠡᠵᠢᠯ ᠡᠵᠡᠮᠰᠢᠵᠦ᠂ ᠤᠳᠤᠬᠠᠨ ᠪᠤᠯᠳᠠᠯ᠎ᠠ ᠭᠤᠴᠢ ᠤᠷᠴᠢᠮ ᠡᠷᠳᠡ ᠎ ᠶᠢᠨ ᠲᠤᠭᠤᠯ᠂ ᠬᠤᠷᠢᠭᠠᠳ ᠬᠤᠷᠠᠭ᠎ᠠ ᠲᠠᠢ ᠳᠤᠰᠤᠭᠠᠳ ᠪᠤᠶᠢᠵᠢᠯᠳᠠ ᠶᠢᠨ ᠨᠤᠷᠮ᠎ᠠ ᠲᠤᠩ ᠰᠠᠶᠢᠨ ᠪᠠᠶᠢᠨ᠎ᠠ᠃     ᠰᠤᠶᠤᠯᠳᠤ ᠶᠢᠨ ᠬᠢ ᠤᠳᠤ ᠠᠶᠢᠯᠴᠢᠯᠠᠨ ᠬᠡᠶᠢᠴᠢᠯᠡᠬᠦ ᠠᠴᠠ ᠬᠡᠬᠡᠨᠴᠢᠷ ᠮᠠᠰᠢᠨ᠂ ᠠᠵᠢᠯ ᠳᠤ ᠬᠡᠷᠡᠭᠯᠡᠬᠦ ᠠᠴᠠ ᠮᠤᠲ᠋ᠤᠷ᠂  ᠭᠤᠷᠪᠠᠨ ᠬᠦᠷᠳᠦᠳᠦ ᠲᠡᠷᠭᠡ᠂ ᠲᠠᠷᠠᠺᠲ᠋ᠤᠷ᠂ ᠡᠪᠡᠰᠦ ᠬᠠᠳᠤᠵᠤ ᠬᠠᠮᠤᠬᠤ ᠮᠠᠰᠢᠨ᠂ ᠡᠪᠡᠰᠦ ᠪᠤᠷᠳᠤᠭ᠎ᠠ ᠵᠢᠭᠤᠷᠠᠬᠤ ᠮᠠᠰᠢᠨ᠂ ᠠᠴᠢᠵᠦ ᠪᠠᠭᠤᠯᠭᠠᠬᠤ ᠮᠠᠰᠢᠨ ᠤ ᠠᠯᠢᠨ ᠢ ᠨᠢ ᠴᠦ ᠳᠤᠳᠠᠯ ᠦᠭᠡᠢ ᠪᠦᠷᠢᠳᠦᠭᠦᠯᠵᠦ᠂ ᠰᠢᠨ᠎ᠡ ᠢᠷᠡᠭᠡᠳᠦᠢ ᠶᠢᠨ ᠵᠠᠮ ᠢᠶᠠᠷ ᠢᠳᠡᠭᠡᠯ ᠲᠦᠭᠦᠷᠡᠩ ᠵᠠᠮᠨᠠᠵᠤ ᠶᠠᠪᠤᠨ᠎ᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号