ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 89 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/11
     3 ᠰᠠᠷ᠎ᠠ ᠶᠢᠨ 8 ᠠᠴᠠ 9 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 89 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ 2024 ᠣᠨ ᠤ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠣᠯᠣᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠯᠦᠸᠧ ᠵᠢᠶᠦ᠋ᠨ ᠶᠤᠸᠠᠨ ᠤᠨ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠪᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠳᠤ ᠲᠤᠮᠢᠯᠠᠬᠤ ᠳᠠᠶᠢᠴᠢᠯᠠᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶᠠᠨ  ᠤ ᠱᠦᠵᠢ ᠵᠠᠩ ᠪᠠᠶ ᠴᠧᠩ ᠤᠨ ᠡᠮᠦᠨᠡᠲᠦ ᠬᠡᠰᠡᠭ ᠤᠨ ᠬᠤᠰᠢᠭᠤ ᠰᠢᠶᠠᠨ ᠤ ᠡᠯᠡᠰᠦᠷᠬᠡᠭ ᠭᠠᠵᠠᠷ ᠢ ᠵᠠᠰᠠᠬᠤ ᠵᠢᠴᠢ ︽ᠵᠢᠷᠭᠤᠭᠠᠨ ᠢᠨᠵᠧᠨᠧᠷᠢᠩ︾ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠠ ᠰᠢᠯᠤᠭᠤᠨ ᠬᠥᠬᠡ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ᠂ ᠵᠠᠷᠯᠠᠯ ᠨᠡᠶᠢᠲᠡᠯᠡᠬᠦ᠂ ᠭᠤᠤᠯᠳᠠᠯᠭ᠎ᠠ ᠲᠠᠢ ᠲᠥᠷᠥᠯ ᠵᠦᠶᠯ᠂ ᠠᠷᠠᠯᠵᠢᠶ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠤᠯᠤᠨ ︽ᠵᠢᠷᠭᠤᠭᠠᠨ ᠢᠨᠵᠧᠨᠧᠷᠢᠩ︾ ᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠤᠨᠤᠰᠤᠨ᠂ ᠪᠦᠬᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠰᠦᠯ ᠢ ᠬᠢᠨᠠᠨ ᠵᠥᠪᠯᠡᠵᠦ᠂ ᠬᠠᠮᠢᠶ᠎ᠠ ᠲᠠᠢ ᠠᠵᠢᠯ ᠢ ᠪᠠᠶᠢᠷᠢᠯᠠᠭᠤᠯᠤᠭᠰᠠᠨ ᠪᠠᠶᠢᠨ᠎ᠠ᠃     ᠬᠤᠷᠠᠯ ᠠᠴᠠ᠂ ᠪᠥᠬᠦ ᠣᠷᠣᠨ᠂ ᠪᠥᠬᠦ ᠠᠶᠢᠮᠠᠭ ᠤᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠢᠮᠠᠬᠳᠠ ︽ᠲᠡᠷᠢᠭᠦᠨ ᠢᠨᠵᠧᠨᠧᠷᠢᠩ︾ ᠪᠣᠯᠭᠠᠵᠤ᠂ ᠪᠣᠳᠠᠲᠤ ᠪᠠᠶᠢᠳᠠᠯ ᠢ ᠦᠨᠳᠦᠰᠦᠯᠡᠨ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠶᠯᠡᠰ ᠤᠨ ᠲᠣᠭᠤᠷᠢᠨ ᠳᠤ ᠡᠬᠢ ᠪᠠᠶᠠᠯᠢᠭ ᠤᠨ ᠳᠠᠪᠠᠭᠤᠯᠢᠭ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ᠂ ᠬᠦᠷᠢᠶᠡᠯᠡᠩ ᠲᠣᠭᠤᠷᠢᠭ ᠤᠨ ᠪᠠᠶᠢᠷᠢ ᠲᠣᠭᠲᠠᠭᠠᠯᠲᠠ ᠵᠡᠷᠭᠡ ᠣᠨᠴᠠᠯᠢᠭ ᠳᠠᠪᠠᠭᠤᠯᠢᠭ ᠢ ᠴᠢᠩᠭ᠎ᠠ ᠠᠩᠬᠠᠷᠴᠤ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠪᠣᠯᠤᠨ ᠠᠵᠤ ᠠᠬᠤᠶᠢᠯᠠᠯ ᠤᠨ ᠪᠠᠯᠠ ᠣᠷᠣᠭᠤᠯᠬᠤ ᠬᠠᠨᠳᠤᠰᠢ ᠶᠢ ᠨᠠᠷᠢᠨ ᠬᠢᠨᠠᠮᠠᠭᠠᠶ ᠵᠠᠳᠠᠯᠤᠨ ᠰᠤᠳᠤᠯᠵᠤ ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠂ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠶ ᠠᠷᠭ᠎ᠠ ᠬᠡᠮᠵᠢᠶ᠎ᠡ᠂ ᠨᠠᠩ ᠲᠦᠷᠭᠡᠨ ᠠᠵᠢᠯᠯᠠᠭ᠎ᠠ ᠪᠠᠷ ᠠᠷᠠᠯᠵᠢᠶᠠᠴᠢᠨ ᠤᠷᠢᠵᠤ ᠪᠠᠯᠠ ᠣᠷᠣᠭᠤᠯᠬᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤ ᠰᠢᠨ᠎ᠡ ᠰᠢᠪᠲᠤᠯᠤᠯᠲᠠ ᠭᠠᠷᠭᠠᠬᠤ ᠶᠢ ᠠᠬᠢᠭᠤᠯᠬᠤ ᠬᠡᠷᠡᠭᠲᠡᠶ᠃ ᠵᠠᠰᠠᠭ ᠤᠨ ᠣᠷᠳᠣᠨ ᠪᠠ ᠠᠷᠠᠯᠵᠢᠶᠠᠴᠢᠨ ᠤ ᠬᠤᠭᠤᠷᠣᠨᠳᠣᠬᠢ ᠬᠠᠷᠢᠴᠠᠭ᠎ᠠ ᠪᠣᠯᠤᠨ ᠠᠷᠠᠯᠵᠢᠶ᠎ᠠ ᠡᠷᠬᠢᠯᠡᠬᠦ ᠰᠢᠯᠢᠳᠡᠭ ᠣᠷᠴᠢᠨ ᠢ ᠢᠳᠡᠪᠬᠢᠲᠡᠢ ᠪᠠᠶᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠦᠨᠡᠨᠴᠢ ᠢᠲᠡᠭᠡᠮᠵᠢᠲᠡᠢ ᠨᠡᠶᠢᠭᠡᠮ ᠤᠨ ᠣᠷᠴᠢᠨ ᠢ ᠡᠭᠦᠳᠴᠦ᠂ ᠨᠡᠩ ᠤᠯᠠᠨ ᠠᠷᠠᠯᠵᠢᠶᠠᠴᠢᠨ ᠢ ᠮᠠᠨ ᠤ ᠬᠤᠰᠢᠭᠤᠨ ᠳᠤ ᠢᠷᠡᠭᠦᠯᠵᠦ ᠪᠡᠯᠡ ᠣᠷᠣᠭᠤᠯᠤᠨ ᠦᠢᠯᠡᠰ ᠪᠤᠰᠬᠠᠬᠤ ᠶᠢ ᠳᠡᠮᠵᠢᠬᠦ ᠬᠡᠷᠡᠭᠳᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠠᠶᠢᠮᠠᠭ ᠤᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠲᠤᠶᠢᠯᠪᠤᠷᠢᠳᠠᠢ ᠵᠠᠰᠠᠬᠤ ᠳᠠᠶᠢᠯᠠᠯᠳᠤᠭᠠᠨ ᠲᠠᠢ ᠤᠶᠠᠯᠳᠤᠭᠤᠯᠵᠤ᠂ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠤᠨ᠂ ᠵᠦᠶ ᠵᠣᠬᠢᠰᠲᠠᠶ ᠲᠦᠯᠦᠪᠵᠢᠬᠦᠯᠵᠦ᠂ ᠣᠲᠣ ᠶᠢᠨ ᠪᠠᠶᠢᠭ᠎ᠠ ᠨᠥᠬᠦᠴᠡᠯ ᠢᠶᠠᠨ ᠦᠨᠳᠦᠰᠦᠯᠡᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠠᠵᠤ ᠦᠶᠯᠡᠰ ᠤᠨ ᠬᠥᠭᠵᠢᠯᠲᠡ ᠶᠢ ᠵᠢᠯᠣᠭᠤᠳᠴᠤ᠂ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠤᠨ᠂ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠬᠦ ᠬᠡᠷᠡᠭᠲᠡᠶ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠬᠤ ᠠᠵᠢᠯ ᠤᠨ ᠱᠠᠭᠠᠷᠳᠠᠯᠭ᠎ᠠ ᠶᠣᠰᠣᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠡᠯ᠎ᠡ ᠵᠦᠢᠯ ᠤᠨ ᠠᠵᠢᠯ ᠳᠤ ᠪᠦᠬᠦ ᠬᠦᠴᠦᠨ ᠢᠶᠠᠷ ᠢᠶᠠᠨ ᠬᠠᠮᠵᠢᠯᠴᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃      ᠬᠤᠷᠠᠯ ᠠᠴᠠ ᠱᠠᠭᠠᠷᠳᠠᠭᠰᠠᠨ ᠨᠢ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠴᠢᠬᠤᠯᠠ ᠪᠠᠶᠢᠷᠢᠯᠠᠭᠤᠯᠤᠯᠲᠠ ᠪᠠᠶᠢᠵᠦ ᠡᠷᠬᠡᠪᠰᠢ ᠰᠠᠶᠢᠲᠤᠷ ᠪᠡᠶᠡᠯᠡᠭᠦᠯᠬᠦ ᠴᠢᠬᠤᠯᠠ ᠡᠭᠦᠷᠭᠡ ᠪᠣᠯᠤᠨ᠎ᠠ᠃ ᠬᠠᠮᠢᠶ᠎ᠠ ᠪᠥᠬᠦᠶ ᠭᠠᠵᠠᠷ ᠣᠷᠣᠨ ᠤ ᠰᠠᠯᠠᠭ᠎ᠠ ᠮᠥᠴᠢᠷ ᠨᠢ ᠲᠥᠷᠥ ᠶᠢᠨ ᠪᠣᠳᠣᠯᠭ᠎ᠠ ᠶᠢ ᠰᠠᠶᠢᠳᠤᠷ ᠣᠶᠢᠯᠠᠭᠠᠵᠤ᠂ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠨ᠂ ᠤᠨᠤᠪᠴᠢᠳᠠᠢ ᠵᠤᠯᠭᠠᠭᠤᠯᠵᠤ᠂ ᠰᠡᠳᠬᠢᠮᠵᠢ  ᠶᠢᠨ ᠵᠠᠭᠪᠤᠷ ᠲᠤ ᠰᠢᠨ᠎ᠡ ᠶᠢ ᠡᠭᠦᠳᠦᠨ᠂ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ᠂ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠪᠠ ᠠᠵᠤ ᠦᠶᠯᠡᠰ ᠢ ᠬᠥᠭᠵᠢᠭᠦᠯᠬᠦ ᠶᠢ ᠬᠠᠮᠵᠢᠯᠴᠠᠨ ᠠᠬᠢᠭᠤᠯᠬᠤ ᠬᠡᠷᠡᠭᠳᠡᠢ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠠᠷᠭ᠎ᠠ ᠬᠡᠮᠵᠢᠶ᠎ᠡ ᠠᠪᠴᠤ᠂ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠨᠢᠭᠡᠳᠦᠯᠲᠡᠢ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠬᠤ ᠶᠢ ᠪᠠᠷᠢᠮᠲᠠᠯᠠᠵᠤ᠂ ︽ᠵᠢᠷᠭᠤᠭᠠᠨ ᠢᠨᠵᠧᠨᠧᠷᠢᠩ︾ ᠢ ᠪᠦᠬᠦ ᠬᠤᠰᠢᠭᠤᠨ ᠤ ᠲᠣᠭᠲᠠᠭᠠᠭᠰᠠᠨ ᠬᠠᠷᠠᠯᠲᠠ ᠡᠭᠦᠷᠭᠡ ᠪᠠ ᠡᠨᠡ ᠵᠢᠯ ᠤᠨ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠤᠨ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠦᠨᠡᠨᠴᠢ ᠢᠲᠡᠭᠡᠮᠵᠢ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠢᠲᠡᠭᠡᠮᠵᠢ ᠶᠢᠨ ᠪᠠᠶᠢᠭᠤᠯᠤᠯᠲᠠ ᠶᠢᠨ ᠲᠣᠭᠤᠷᠢᠨ ᠳᠤ ᠵᠣᠬᠢᠴᠠᠭᠤᠯᠤᠨ ᠠᠬᠢᠭᠤᠯᠵᠤ᠂ ᠨᠢᠭᠡ ᠴᠣᠭᠴᠠᠵᠢᠭᠤᠯᠤᠨ ᠨᠠᠶᠢᠳᠠᠪᠤᠷᠢᠵᠢᠭᠤᠯᠬᠤ ᠬᠡᠷᠡᠭᠳᠡᠢ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ  ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠲᠦᠭᠡᠮᠡᠯᠵᠢᠯᠲᠡ ᠶᠢᠨ ᠬᠡᠮᠵᠢᠶ᠎ᠡ ᠪᠠ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢ ᠬᠠᠮᠠᠭᠠᠯᠠᠵᠤ ᠠᠰᠢᠭᠯᠠᠬᠤ᠂ ᠤᠬᠠᠭᠤᠯᠵᠤ ᠳᠡᠯᠭᠡᠨ ᠦᠵᠡᠭᠦᠯᠬᠦ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠡᠦᠬᠡ  ᠶᠢᠨ ᠳᠤᠷᠠᠰᠬᠠᠯᠲᠤ ᠵᠦᠶᠯᠡᠰ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠲᠦᠪᠰᠢᠨ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠰᠡᠨ ᠪᠠᠶᠢᠨ᠎ᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃      ᠬᠤᠰᠢᠭᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠣᠯᠣᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠬᠤ ᠲᠤᠰᠬᠠᠶ ᠲᠤᠰᠢᠶᠠᠯᠲᠠᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶ᠎ᠠ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠭᠤᠤᠯ ᠤᠳᠤᠷᠢᠳᠤᠯᠭ᠎ᠠ᠂ ᠡᠯ᠎ᠡ ᠬᠠᠮᠢᠶ᠎ᠠ ᠪᠥᠬᠦᠶ ᠳᠡᠳ᠋ ᠬᠤᠰᠢᠭᠤ ᠳᠠᠷᠤᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ᠂ ᠠᠶᠢᠮᠠᠭ ᠤᠨ ᠰᠣᠶᠣᠯ ᠤᠨ ᠥᠪ ᠢ ᠬᠠᠮᠠᠭᠠᠯᠠᠬᠤ ᠰᠤᠳᠤᠯᠭᠠᠨ ᠤ ᠲᠥᠪ᠂ ᠡᠯ᠎ᠡ ᠰᠤᠮᠤ ᠪᠠᠯᠭᠠᠰᠤ ︵ᠲᠠᠯᠠᠪᠠᠶ︶ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠤᠷᠤᠯᠴᠠᠭᠰᠠᠨ ᠪᠠᠶᠢᠨ᠎ᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号