ᠣᠢ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠤᠬᠠᠢ ᠰᠢᠯᠤᠭᠤᠨ ᠬᠥᠬᠡ ᠬᠤᠰᠢᠭᠤᠨ  ᠤ ᠠᠷᠠᠳ ᠤᠨ ᠵᠠᠰᠠᠭ ᠤᠨ ᠣᠷᠳᠣᠨ ᠤ ᠵᠠᠷᠯᠢᠭ
ᠨᠡᠶᠢᠲᠡᠯᠡᠭᠰᠡᠨ ᠴᠠᠭ᠄
2024/3/13
ᠡᠯ᠎ᠡ ᠰᠤᠮᠤ ᠪᠠᠯᠭᠠᠰᠤᠨ ︵ᠲᠠᠯᠠᠪᠠᠢ︶ ᠤ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠬᠤᠰᠢᠭᠤ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠲᠤ᠄     ᠬᠤᠰᠢᠭᠤ ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠭᠰᠠᠨ ᠢᠶᠠᠷ᠂ ᠪᠦᠬᠦ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠡᠭᠦᠰᠬᠦ ᠪᠣᠯᠣᠮᠵᠢ ᠶᠡᠬᠡᠲᠡᠢ ᠭᠠᠵᠠᠷ ᠤᠳ ᠲᠤ ᠴᠢᠩᠭ᠎ᠠ ᠰᠡᠷᠭᠡᠶᠢᠯᠡᠯᠲᠡ ᠶᠢᠨ ᠠᠷᠭ᠎ᠠ ᠪᠣᠳᠤᠯᠭ᠎ᠠ ᠬᠡᠷᠡᠭᠵᠢᠬᠦᠯᠦᠨ᠎ᠡ᠂ ᠲᠣᠣᠷ᠎ᠠ ᠠᠩᠬᠠᠷᠬᠤ ᠵᠦᠢᠯᠡᠰ ᠢ ᠵᠠᠷᠯᠢᠭᠳᠠᠨ ᠮᠡᠳᠡᠭᠳᠡᠶ᠎ᠡ᠄ ᠨᠢᠭᠡ᠂ ᠭᠠᠯ ᠲᠦᠢᠮᠡᠷ ᠢ ᠴᠢᠩᠭ᠎ᠠ ᠰᠡᠷᠭᠡᠶᠢᠯᠡᠬᠦ ᠬᠤᠭᠤᠴᠠᠭ᠎ᠠ    ᠬᠠᠪᠤᠷ᠄ 2024 ᠣᠨ ᠤ 3 ᠰᠠᠷ᠎ᠠ ᠶᠢᠨ 15 ᠠᠴᠠ 6 ᠰᠠᠷ᠎ᠠ ᠶᠢᠨ 15 ᠪᠣᠯᠲᠠᠯ᠎ᠠ    ᠨᠠᠮᠤᠷ᠄ 2024 ᠣᠨ ᠤ 9 ᠰᠠᠷ᠎ᠠ ᠶᠢᠨ 15 ᠠᠴᠠ 11 ᠰᠠᠷ᠎ᠠ ᠶᠢᠨ 15 ᠪᠣᠯᠲᠠᠯ᠎ᠠᠬᠤᠶᠠᠷ᠂ ᠭᠠᠯ ᠲᠦᠢᠮᠡᠷ ᠢ ᠴᠢᠩᠭ᠎ᠠ ᠰᠡᠷᠭᠡᠶᠢᠯᠡᠬᠦ ᠭᠠᠵᠠᠷ ᠣᠷᠣᠨ      ᠬᠤᠰᠢᠭᠤ ᠵᠠᠰᠠᠭ ᠲᠥᠪ᠂ ᠡᠯ᠎ᠡ ᠰᠤᠮᠤ ᠪᠠᠯᠭᠠᠰᠤᠨ ︵ᠲᠠᠯᠠᠪᠠᠶ︶ ᠤ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠭᠠᠴᠠᠭᠠᠨ ︵ᠲᠣᠰᠬᠤᠨ︶ ᠤ ᠰᠠᠭᠤᠭᠠᠯᠢ ᠠᠷᠠᠳ ᠤᠨ ᠲᠣᠭᠤᠷᠢᠭ ᠠᠴᠠ ᠭᠠᠳᠠᠨ᠎ᠠ ᠂ ᠪᠥᠬᠦ ᠬᠤᠰᠢᠭᠤᠨ ᠤ ᠪᠤᠰᠤᠳ ᠣᠷᠣᠨ ᠨᠢ ᠴᠥᠮ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠪᠣᠯᠤᠨ᠎ᠠ᠃ ᠡᠭᠦᠨ ᠳᠤ ᠰᠤᠮᠤ ᠪᠠᠯᠭᠠᠰᠤᠨ ︵ᠲᠠᠯᠠᠪᠠᠶ︶ ᠤ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ  ᠶᠢᠨ ᠵᠥᠪᠯᠡᠯ︶ ᠤ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠣᠷᠣᠨ᠂ ᠨᠤᠭᠤ ᠭᠠᠵᠠᠷ ᠤᠨ ᠴᠡᠴᠡᠷᠯᠢᠭ᠂ ᠠᠮᠢ ᠠᠬᠤᠶ ᠶᠢᠨ ᠬᠦᠷᠢᠶᠡᠯᠡᠩ᠂ ᠬᠤᠯᠠᠨ ᠰᠢᠷᠭ᠎ᠠ ᠲᠠᠭ᠎ᠠ ᠶᠢᠨ ᠣᠶ ᠰᠢᠭᠤᠶ ᠶᠢᠨ ᠲᠠᠯᠠᠪᠠᠶ᠂ ᠪᠠᠭ᠎ᠠ ᠵᠢᠭᠠᠰᠤᠲᠠᠶ ᠨᠠᠭᠤᠷ ᠤᠨ ᠪᠢᠲᠡᠭᠦᠮᠵᠢᠯᠡᠨ ᠬᠠᠮᠠᠭᠠᠯᠠᠬᠤ ᠣᠷᠣᠨ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ ᠶᠢᠨ ᠣᠷᠣᠨ᠂ ᠦᠷᠡᠭᠳᠡᠭᠰᠡᠨ ᠪᠠᠭᠠᠲᠤᠷᠴᠤᠳ ᠤᠨ ᠣᠩᠭᠤᠨ᠂ ᠨᠡᠶᠢᠲᠡ ᠶᠢᠨ ᠣᠩᠭᠤᠨ ︵ᠡᠯ᠎ᠡ ᠭᠠᠴᠠᠭ᠎ᠠ ᠲᠣᠰᠬᠤᠨ ︵ᠬᠤᠪᠢᠶᠠᠷᠢ ᠲᠠᠯᠠᠪᠠᠶ︶ ᠤ ᠬᠠᠷᠢᠶᠠᠨ ᠳᠠᠬᠢ ᠣᠩᠭᠤᠨ ᠪᠤᠯᠠᠰᠢ ᠪᠠᠭᠲᠠᠨ᠎ᠠ︶᠂ ᠣᠪᠣᠭᠠᠨ ᠰᠢᠷᠡᠭᠡ ᠴᠡᠴᠡᠷᠯᠢᠭ᠂ ᠠᠵᠤ ᠦᠶᠯᠡᠰ ᠤᠨ ᠬᠦᠷᠢᠶᠡᠯᠡᠩ ᠤᠨ ᠣᠶᠢᠷ᠎ᠠ ᠬᠠᠪᠢ ᠵᠡᠷᠭᠡ ᠭᠠᠯ ᠤᠨ ᠠᠶᠤᠯ ᠠᠮᠠᠷᠬᠠᠨ ᠡᠭᠦᠰᠳᠡᠭ ᠭᠠᠵᠠᠷ ᠣᠷᠣᠨ᠃ᠭᠤᠷᠪᠠ᠂ ᠬᠠᠮᠢᠶ᠎ᠠ ᠪᠦᠬᠦᠢ ᠱᠠᠭᠠᠷᠳᠠᠯᠭ᠎ᠠ      ︵ᠨᠢᠭᠡ︶ ᠬᠤᠰᠢᠭᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠶᠮᠡᠷ ᠢ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠬᠡᠯᠲᠡᠰ ᠤᠨ ᠡᠯ᠎ᠡ ᠭᠡᠰᠢᠭᠦᠨ ᠨᠢᠭᠡᠴᠡ ᠨᠢ ᠬᠠᠷᠢᠭᠤᠴᠠᠯᠭ᠎ᠠ ᠪᠠᠨ ᠡᠭᠦᠷᠭᠡᠯᠡᠨ ᠬᠠᠷᠢᠯᠴᠠᠨ ᠬᠠᠮᠵᠢᠯᠴᠠᠵᠤ ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠶᠮᠡᠷ ᠢ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠬᠥᠮᠦᠵᠢᠯ ᠢ ᠢᠳᠡᠪᠬᠢᠲᠡᠶ ᠥᠷᠨᠢᠭᠦᠯᠦᠨ᠂ ᠬᠡᠭᠡᠷ᠎ᠡ ᠭᠠᠳᠠᠨᠠᠬᠢ ᠢᠯᠡ ᠭᠠᠯ ᠪᠠ ᠣᠨᠴᠠᠭᠠᠢ ᠬᠦᠮᠦᠰ ᠢ ᠴᠢᠩᠭ᠎ᠠ ᠬᠢᠨᠠᠨ ᠬᠠᠮᠢᠶᠠᠷᠴᠤ᠂ ᠲᠣᠭᠤᠷᠢᠨ ᠪᠠᠶᠢᠴᠠᠭᠠᠯᠲᠠ ᠴᠠᠭᠳᠠᠨ ᠬᠠᠮᠠᠭᠠᠯᠠᠯᠲᠠ ᠪᠠᠨ ᠴᠢᠩᠭᠠᠳᠬᠠᠨ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠠᠩᠭᠠᠮᠵᠢᠲᠠᠢ ᠪᠡᠯᠡᠳᠭᠡᠵᠦ᠂ ᠪᠠᠴᠢᠮ ᠲᠤᠰᠠᠯᠠᠮᠵᠢ ᠶᠢᠨ ᠲᠥᠯᠦᠪᠯᠡᠭᠡ ᠪᠠᠨ ᠪᠣᠯᠪᠠᠰᠤᠷᠠᠩᠭᠤᠢ ᠪᠣᠯᠭᠠᠨ᠂ ᠵᠢᠵᠢᠭᠦᠷ ᠤᠨ ᠳᠥᠷᠢᠮ ᠢ ᠴᠢᠩᠭᠠᠳᠬᠠᠵᠤ᠂ ᠭᠠᠯ ᠤᠨᠲᠠᠷᠠᠭᠠᠬᠤ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ᠂ ᠬᠦᠨᠳᠦ ᠶᠡᠭᠡ ᠭᠠᠯ ᠤᠨ ᠠᠶᠤᠯ ᠭᠠᠷᠬᠤ ᠦᠭᠡᠶ ᠪᠠᠶᠢᠬᠤ ᠪᠠ ᠬᠥᠮᠦᠨ ᠠᠮᠢᠲᠠᠨ ᠦᠬᠦᠵᠦ ᠰᠢᠷᠬᠠᠲᠤᠬᠤ ᠪᠠᠶᠢᠳᠠᠯ ᠭᠠᠷᠬᠤ ᠦᠭᠡᠶ ᠪᠠᠶᠢᠬᠤ ᠶᠢ ᠪᠠᠲᠤᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠠᠶᠤᠯᠭᠦᠢ ᠪᠠᠶᠢᠳᠠᠯ ᠢ ᠬᠠᠮᠠᠭᠠᠯᠠᠬᠤ ᠬᠡᠷᠡᠭᠲᠡᠶ᠃     ︵ᠬᠤᠶᠠᠷ︶ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠠᠮᠠᠷᠬᠠᠨ ᠡᠭᠦᠰᠬᠦ ᠪᠣᠯᠣᠮᠵᠢ ᠲᠠᠢ ᠰᠤᠮᠤ ᠪᠠᠯᠭᠠᠰᠣᠨ ︵ᠲᠠᠯᠠᠪᠠᠶ︶ ᠤ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠵᠢᠭᠤᠯᠴᠢᠯᠠᠯ  ᠤᠨ ᠣᠷᠣᠨ ᠪᠣᠯᠤᠨ ᠭᠤᠣᠯᠳᠠᠯᠭ᠎ᠠ ᠲᠠᠢ ᠨᠣᠭᠤᠭᠠᠷᠠᠭᠤᠯᠤᠯᠲᠠ ᠶᠢᠨ ᠣᠷᠣᠨ ᠤ ᠡᠵᠡᠩᠨᠡᠯᠲᠡ ᠬᠠᠮᠢᠶᠠᠷᠤᠯᠲᠠ ᠶᠢᠨ ᠨᠢᠭᠡᠴᠡ ᠨᠢ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠪᠡᠯᠡᠳᠬᠡᠯ ᠢᠶᠠᠨ ᠰᠠᠶᠢᠨ ᠬᠢᠵᠦ᠂ ᠵᠠᠷᠯᠢᠭ ᠬᠦᠯᠢᠶᠡᠬᠦ ᠳᠤ ᠴᠠᠭ ᠢᠮᠠᠭᠲᠠ ᠪᠡᠯᠡᠬᠡᠨ ᠪᠠᠶᠢᠬᠤ ᠬᠡᠷᠡᠭᠳᠡᠢ᠃ ᠬᠤᠯᠠᠨ ᠰᠢᠷᠭ᠎ᠠ ᠲᠠᠭ᠎ᠠ ᠶᠢᠨ ᠣᠶ ᠰᠢᠭᠤᠶ ᠶᠢᠨ ᠲᠠᠯᠠᠪᠠᠶ ᠨᠢ ᠭᠤᠤᠯ ᠵᠠᠮ ᠤᠨ ᠠᠭᠤᠯᠵᠠᠷ ᠲᠤ ᠪᠠᠶᠢᠴᠠᠭᠠᠬᠤ ᠥᠷᠲᠡᠭᠡ ᠪᠠᠶᠢᠭᠤᠯᠤᠨ ᠠᠭᠤᠯᠠ ᠶᠢ ᠪᠢᠲᠡᠭᠦᠮᠵᠢᠯᠡᠨ ᠭᠠᠯ ᠢ ᠰᠡᠷᠭᠡᠶᠢᠯᠡᠵᠦ᠂ ᠰᠢᠭᠤᠶᠢᠲᠤ ᠣᠷᠣᠨ ᠳᠤ ᠣᠷᠤᠬᠤ ᠬᠥᠮᠦᠰ ᠪᠠ ᠲᠡᠷᠭᠡ ᠤᠨᠤᠭ᠎ᠠ ᠶᠢ ᠴᠢᠩᠭ᠎ᠠ ᠪᠠᠶᠢᠴᠠᠭᠠᠨ ᠳᠡᠩᠰᠡᠯᠡᠵᠦ᠂ ᠢᠯᠡ ᠭᠠᠯ ᠠᠪᠴᠤ ᠣᠷᠣᠬᠤ ᠶᠢ ᠴᠢᠩᠭ᠎ᠠ ᠴᠠᠭᠠᠵᠠᠯᠠᠬᠤ  ᠶᠢᠨ ᠬᠠᠮᠲᠤ ᠰᠢᠭᠤᠶᠢᠲᠤ ᠣᠷᠣᠨ ᠳᠤ ᠣᠷᠤᠬᠤ ᠵᠠᠮ ᠤᠨ ᠠᠭᠤᠯᠵᠠᠷ ᠲᠤ ᠰᠠᠨᠠᠭᠤᠯᠤᠮᠵᠢ ᠶᠢᠨ ᠫᠠᠶᠢᠰᠠ᠂ ᠰᠡᠷᠡᠮᠵᠢ  ᠶᠢᠨ ᠲᠡᠮᠳᠡᠭ ᠲᠠᠯᠪᠢᠬᠤ ᠬᠡᠷᠡᠭᠲᠡᠶ᠃     ︵ᠭᠤᠷᠪᠠ︶ ᠭᠠᠯ ᠲᠦᠢᠮᠡᠷ ᠢ ᠰᠡᠷᠭᠡᠶᠢᠯᠡᠬᠦ ᠬᠤᠭᠤᠴᠠᠭᠠᠨ ᠳᠤ᠂ ᠶᠠᠮᠠᠷᠪᠠ ᠨᠢᠭᠡᠴᠡ ᠪᠠ ᠬᠤᠪᠢ ᠬᠥᠮᠦᠨ ᠭᠡᠳ ᠴᠥᠮ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠪᠣᠯᠣᠮᠵᠢ ᠶᠡᠬᠡᠲᠡᠶ ᠭᠠᠵᠠᠷ ᠣᠷᠣᠨ ᠳᠤ ᠳᠤᠷ᠎ᠠ ᠪᠠᠷ ᠢᠶᠠᠨ ᠣᠷᠣᠵᠤ ᠪᠣᠯᠬᠤ ᠥᠬᠡᠶ᠂ ᠰᠢᠨᠵᠢᠯᠡᠭᠡ ᠮᠡᠷᠭᠡᠵᠢᠯ ᠤᠨ ᠰᠣᠳᠣᠯᠭᠠᠨ ᠪᠣᠶᠣ ᠪᠠᠴᠢᠮ ᠠᠪᠤᠷᠠᠯᠲᠠ᠂ ᠺᠢᠨᠤ᠋ ᠲᠧᠯᠸᠢᠰ ᠤᠨ ᠵᠢᠷᠤᠭ ᠠᠪᠤᠯᠲᠠ ᠵᠡᠷᠭᠡ ᠰᠢᠯᠲᠠᠭᠠᠨ ᠠᠴᠠ ᠪᠣᠯᠵᠤ ᠰᠢᠭᠤᠶᠢᠲᠤ ᠤᠷᠤᠨ ᠳᠤ ᠣᠷᠣᠬᠤ ᠴᠢᠬᠤᠯᠠ ᠱᠠᠭᠠᠷᠳᠠᠯᠭ᠎ᠠ ᠲᠠᠢ ᠪᠣᠯ᠂ ᠬᠠᠤᠯᠢ ᠶᠣᠰᠣᠭᠠᠷ ᠮᠡᠳᠡᠭᠦᠯᠦᠨ ᠵᠥᠪᠰᠢᠶᠡᠷᠡᠭᠦᠯᠵᠦ᠂ ᠵᠥᠪᠰᠢᠶᠡᠷᠡᠭᠰᠡᠨ ᠴᠠᠭ ᠬᠤᠭᠤᠴᠠᠭ᠎ᠠ᠂ ᠭᠠᠵᠠᠷ ᠣᠷᠣᠨ᠂ ᠬᠦᠷᠢᠶ᠎ᠡ ᠬᠡᠪᠴᠢᠶ᠎ᠡ ᠶᠢ ᠴᠢᠩᠭ᠎ᠠ ᠵᠢᠷᠤᠮᠯᠠᠨ ᠳᠠᠭᠠᠬᠤ ᠶᠢᠨ ᠬᠠᠮᠲᠤ ᠬᠤᠰᠢᠭᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠢᠨᠠᠨ ᠬᠠᠮᠢᠶᠠᠷᠤᠯᠲᠠ  ᠶᠢ ᠬᠦᠯᠢᠶᠡᠵᠦ᠂ ᠭᠠᠯ ᠰᠡᠷᠭᠡᠶᠢᠯᠡᠬᠦ ᠴᠢᠬᠤᠯᠠ ᠪᠦᠬᠦᠢ ᠠᠷᠭ᠎ᠠ ᠬᠡᠮᠵᠢᠶ᠎ᠡ ᠶᠢ ᠬᠠᠩᠭᠠᠬᠤ ᠬᠡᠷᠡᠭᠲᠡᠶ᠄    1. ᠭᠠᠯ ᠤᠨ ᠠᠶᠤᠯ ᠶᠡᠬᠡᠲᠡᠶ ᠭᠠᠵᠠᠷ ᠣᠷᠣᠨ ᠳᠤ ᠣᠷᠣᠬᠤ ᠡᠯ᠎ᠡ ᠲᠥᠷᠥᠯ ᠤᠨ ᠮᠠᠰᠢᠨ ᠲᠡᠷᠭᠡ ᠨᠢ ᠲᠣᠭᠲᠠᠭᠠᠯ ᠶᠣᠰᠣᠭᠠᠷ ᠭᠠᠯ ᠰᠡᠷᠭᠡᠶᠢᠯᠡᠬᠦ ᠲᠣᠨᠣᠭᠯᠠᠯ ᠤᠭᠰᠠᠷᠠᠵᠤ᠂ ᠪᠠᠭᠠᠵᠢ ᠬᠡᠷᠡᠭᠰᠡᠯ ᠪᠡᠯᠡᠳᠭᠡᠬᠦ ᠶᠢᠨ ᠬᠠᠮᠲᠤ ᠭᠠᠯ ᠰᠡᠷᠭᠡᠶᠢᠯᠡᠯᠲᠡ ᠶᠢᠨ ᠠᠵᠢᠯᠲᠠᠨ ᠤ ᠬᠢᠨᠠᠨ ᠪᠠᠶᠢᠴᠠᠭᠠᠯᠲᠠ ᠶᠢ ᠬᠦᠯᠢᠶᠡᠬᠦ ᠬᠡᠷᠡᠭᠲᠡᠶ᠃    2. ᠦᠶᠯᠡᠳᠪᠦᠷᠢᠯᠡᠯ ᠤᠨ ᠬᠡᠷᠡᠭᠴᠡᠭᠡ ᠠᠴᠠ ᠭᠠᠯ ᠬᠡᠷᠡᠭᠯᠡᠬᠦ ᠴᠢᠬᠤᠯᠠ ᠲᠠᠢ ᠪᠣᠯ ᠬᠤᠰᠢᠭᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠪᠠᠷ ᠵᠥᠪᠰᠢᠶᠡᠷᠡᠭᠦᠯᠬᠦ ᠬᠡᠷᠡᠭᠲᠡᠶ᠃ ᠭᠠᠯ ᠬᠡᠷᠡᠭᠯᠡᠬᠦ ᠶᠢ ᠵᠥᠪᠰᠢᠶᠡᠷᠡᠭᠰᠡᠨ ᠪᠠᠶᠢᠪᠠᠯ ᠂ ᠭᠠᠯ ᠰᠡᠷᠭᠡᠶᠢᠯᠡᠯᠲᠡ ᠶᠢᠨ ᠴᠠᠷᠠᠭ᠎ᠠ ᠪᠦᠰᠡ ᠭᠠᠷᠭᠠᠵᠤ᠂ ᠭᠠᠯ ᠤᠨᠲᠠᠷᠠᠭᠠᠬᠤ ᠬᠦᠮᠦᠨ ᠲᠤᠬᠢᠷᠡᠭᠤᠯᠦᠠ᠂ ᠪᠠᠭᠠᠵᠢ ᠬᠡᠷᠡᠭᠰᠡᠯ ᠢᠶᠠᠨ ᠪᠡᠯᠡᠨ ᠪᠠᠶᠢᠯᠭᠠᠵᠤ᠂ ᠳᠥᠷᠪᠡᠨ ᠳᠡᠰ ᠠᠴᠠ ᠲᠤᠷᠤᠭᠰᠢᠬᠢ ᠰᠠᠯᠬᠢ ᠲᠠᠢ ᠦᠶ᠎ᠡ ᠳᠤ ᠯᠠ ᠰᠠᠶ᠋ᠢ ᠭᠠᠯ ᠬᠡᠷᠡᠭᠯᠡᠵᠦ ᠪᠣᠯᠬᠤ ᠪᠥᠭᠡᠳ ᠭᠠᠯ ᠬᠡᠷᠡᠭᠯᠡᠬᠦ ᠴᠠᠭ ᠢᠶᠠᠨ ᠣᠶᠢᠷ᠎ᠠ ᠬᠠᠪᠢ ᠶᠢᠨ ᠭᠠᠵᠠᠷ ᠤᠳ ᠲᠠᠭᠠᠨ ᠮᠡᠳᠡᠭᠳᠡᠬᠦ ᠬᠡᠷᠡᠭᠲᠡᠢ᠃ ᠬᠡᠭᠡᠷ᠎ᠡ ᠭᠠᠳᠠᠨ᠎ᠠ ᠭᠠᠯ ᠬᠡᠷᠡᠭᠯᠡᠬᠦ ᠴᠢᠬᠤᠯᠠ ᠲᠠᠢ ᠪᠣᠯ ᠠᠶᠤᠯᠭᠦᠢ ᠭᠠᠵᠠᠷ ᠢ ᠰᠣᠩᠭᠤᠵᠤ᠂ ᠭᠠᠯ ᠰᠡᠷᠭᠡᠶᠢᠯᠡᠯᠲᠡ ᠶᠢᠨ ᠴᠠᠷᠠᠭ᠎ᠠ ᠪᠦᠰᠡ ᠭᠠᠷᠭᠠᠬᠤ ᠪᠤᠶᠤ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠂ ᠭᠠᠯ ᠬᠡᠷᠡᠭᠯᠡᠭᠰᠡᠨ ᠤ ᠳᠠᠷᠠᠭ᠎ᠠ ᠦᠨᠡᠰᠦ ᠴᠤᠭ ᠢᠶᠠᠨ ᠡᠷᠬᠡᠪᠰᠢ ᠲᠤᠶᠢᠯᠪᠤᠷᠢᠲᠠᠶ ᠳᠠᠷᠤᠵᠤ ᠤᠨᠲᠠᠷᠠᠭᠠᠬᠤ ᠬᠡᠷᠡᠭᠲᠡᠶ᠃    3. ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ ᠵᠢᠭᠤᠯᠴᠢᠯᠠᠯ ᠤᠨ ᠲᠡᠷᠭᠡ ᠤᠨᠤᠭ᠎ᠠ ᠪᠣᠶᠣ ᠵᠢᠭᠤᠯᠴᠢᠳ ᠰᠡᠷᠭᠡᠶᠢᠯᠡᠯᠲᠡ ᠶᠢᠨ ᠣᠷᠣᠨ ᠳᠤ ᠣᠷᠤᠬᠤ ᠶᠢ ᠴᠢᠩᠭ᠎ᠠ ᠴᠠᠭᠠᠵᠠᠯᠠᠨ᠎ᠠ᠃    ︵ᠳᠥᠷᠪᠡ︶ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠬᠡᠯᠲᠡᠰ ᠤᠨ ᠡᠯ᠎ᠡ ᠭᠡᠰᠢᠭᠦᠨ ᠨᠢᠭᠡᠴᠡ ᠨᠢ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠵᠢᠵᠢᠭᠦᠷ ᠳᠠᠭᠠᠭᠤᠯᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠭᠠᠯ ᠲᠦᠢᠮᠡᠷ ᠭᠠᠷᠪᠠᠯ ᠳᠠᠷᠤᠶ ᠲᠦᠷᠭᠡᠨ ᠤᠨᠲᠠᠷᠠᠭᠠᠬᠤ ᠶᠢᠨ ᠬᠠᠮᠲᠤ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠮᠡᠳᠡᠭᠦᠯᠬᠦ ᠤᠲᠠᠰᠤ᠄ 12119 ᠳᠥᠷᠪᠡ᠂ ᠬᠠᠷᠢᠭᠤᠴᠠᠯᠭ᠎ᠠ ᠨᠡᠬᠡᠮᠵᠢᠯᠡᠬᠦ     ︵ᠨᠢᠭᠡ︶ ᠲᠡᠮᠦᠷ ᠵᠠᠮ᠂ ᠬᠤᠷᠳᠤᠨ ᠤ ᠵᠠᠮ᠂ ᠴᠠᠬᠢᠯᠭᠠᠨ ᠬᠦᠴᠦ᠂ ᠴᠢᠯᠠᠭᠤᠨ ᠲᠣᠰᠣ᠂ ᠰᠢᠲᠠᠮᠠᠬᠠᠶ ᠬᠡᠶ ᠶᠢᠨ ᠬᠠᠮᠢᠶᠠᠷᠤᠯᠲᠠ ᠶᠢᠨ ᠨᠢᠭᠡᠴᠡ ᠪᠣᠯᠤᠨ ᠦᠶᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠨᠢ ᠬᠡᠭᠡᠷ᠎ᠡ ᠭᠠᠳᠠᠨ᠎ᠠ ᠠᠵᠢᠯ ᠬᠢᠬᠦ ᠳᠡᠭᠡᠨ ᠭᠠᠯ ᠤᠨ ᠠᠶᠤᠯ ᠠᠮᠠᠷᠬᠠᠨ ᠡᠭᠦᠰᠳᠡᠭ ᠭᠠᠵᠠᠷ ᠣᠷᠣᠨ ᠳᠤ ᠭᠠᠯ ᠰᠡᠷᠭᠡᠶᠢᠯᠡᠯᠲᠡ ᠶᠢᠨ ᠴᠠᠷᠠᠭ᠎ᠠ ᠪᠦᠰᠡ ᠪᠣᠯᠤᠨ ᠰᠡᠷᠡᠮᠵᠢ ᠶᠢᠨ ᠲᠡᠮᠳᠡᠭ ᠲᠠᠯᠪᠢᠭᠰᠠᠨ ᠥᠬᠡᠶ ᠪᠣᠯ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠵᠠᠷᠯᠢᠭᠳᠠᠨ ᠵᠠᠯᠠᠷᠠᠭᠤᠯᠵᠤ᠂ ᠬᠤᠪᠢ ᠬᠥᠮᠦᠨ ᠢ 200 ᠠᠴᠠ 2000 ᠲᠥᠭᠦᠷᠢᠭ ᠤᠨ ᠬᠤᠭᠤᠷᠣᠨᠳᠤ ᠲᠣᠷᠭᠠᠵᠤ᠂ ᠬᠠᠮᠲᠤ ᠨᠢᠭᠡᠴᠡ ᠶᠢ 2000 ᠠᠴᠠ 5000 ᠲᠥᠭᠦᠷᠢᠭ ᠤᠨ ᠬᠤᠭᠤᠷᠣᠨᠳᠤ ᠲᠣᠷᠭᠠᠵᠤ ᠰᠢᠳᠬᠡᠨ᠎ᠡ᠃    ︵ᠬᠤᠶᠠᠷ︶ ᠭᠠᠯ ᠰᠡᠷᠭᠡᠶᠢᠯᠡᠬᠦ ᠬᠤᠭᠤᠴᠠᠭᠠᠨ ᠳᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠨᠡᠭᠦᠷᠡᠰᠦ ᠲᠦᠯᠡᠭᠡ᠂ ᠬᠤᠭ ᠨᠣᠪᠰᠢ ᠰᠢᠲᠠᠭᠠᠬᠤ᠂ ᠲᠠᠷᠢᠶ᠎ᠠ ︵ᠳᠠᠯᠠᠩ︶᠂ ᠡᠪᠡᠰᠦ ᠪᠣᠷᠳᠤᠭ᠎ᠠ᠂ ᠡᠰᠢ ᠰᠦᠷᠡᠯ ᠰᠢᠲᠠᠭᠠᠬᠤ᠂ ᠲᠠᠮᠠᠬᠢ ᠲᠠᠲᠠᠬᠤ᠂ ᠴᠠᠭᠠᠰᠤ ᠨᠣᠴᠤᠭᠠᠬᠤ᠂ ᠬᠦᠵᠢ ᠠᠰᠠᠭᠠᠬᠤ᠂ ᠭᠠᠯ ᠰᠢᠷᠠᠬᠤ᠂ ᠬᠡᠭᠡᠷ᠎ᠡ ᠬᠤᠭᠤᠯᠠᠯᠠᠬᠤ ᠪᠠ ᠫᠤᠤᠵᠢᠩ ᠲᠠᠯᠪᠢᠬᠤ᠂ ᠳ᠋ᠧᠩᠯᠦ ᠪᠠᠷᠢᠬᠤ ᠵᠡᠷᠭᠡ ᠠᠵᠢᠯᠯᠠᠭ᠎ᠠ ᠬᠢᠭᠰᠡᠨ ᠪᠠᠶᠢᠪᠠᠯ᠂ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠬᠠᠤᠯᠢ ᠪᠤᠰᠤ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠰᠢᠭᠦᠮᠵᠢᠯᠡᠨ ᠰᠡᠷᠡᠮᠵᠢᠯᠡᠬᠦᠯᠬᠦ ᠶᠢᠨ ᠬᠠᠮᠲᠤ ᠬᠤᠪᠢ ᠬᠥᠮᠦᠨ ᠢ 300 ᠠᠴᠠ 3000 ᠲᠥᠭᠦᠷᠢᠭ ᠤᠨ ᠬᠤᠭᠤᠷᠣᠨᠳᠤ ᠲᠣᠷᠭᠠᠵᠤ᠂ ᠬᠠᠮᠲᠤ ᠨᠢᠭᠡᠴᠡ ᠶᠢ 10000 ᠠᠴᠠ 50000 ᠲᠥᠭᠦᠷᠢᠭ ᠤᠨ ᠬᠤᠭᠤᠷᠣᠨᠳᠤ ᠲᠣᠷᠭᠠᠨ ᠰᠢᠳᠭᠡᠵᠦ᠂   ︽ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠬᠠᠤᠯᠢ︾ ᠶᠢᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠰᠢᠭᠦᠮᠵᠢᠯᠡᠨ ᠵᠠᠯᠬᠠᠭᠠᠬᠤ᠂ ᠲᠦᠷ ᠬᠤᠷᠢᠬᠤ ᠵᠡᠷᠭᠡ ᠰᠢᠳᠭᠡᠯ ᠥᠭᠴᠦ᠂ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠪᠣᠯᠤᠨ᠎ᠠ᠃       ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ            2024 ᠣᠨ ᠤ 3 ᠰᠠᠷ᠎ᠠ ᠶᠢᠨ 12 ᠤ ᠡᠳᠦᠷᠣᠷᠠᠯᠢᠭ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号