ᠰᠢᠯᠤᠭᠤᠨ ᠬᠥᠬᠡ ᠬᠤᠰᠢᠭᠤᠨ ᠤ ᠴᠠᠭᠠᠨ ᠢᠳᠡᠭᠡᠨ ᠤ ᠦᠵᠡᠬᠦᠯᠬᠡ ᠨᠢ ᠵᠢᠭᠤᠯᠴᠢᠯᠠᠭᠴᠢᠳ ᠤᠨ ᠪᠠᠭ᠋ᠠᠷᠬᠠᠯ ᠳᠤ ᠬᠦᠷᠴᠦ ᠪᠠᠶᠢᠨ᠎ᠠ
ᠨᠡᠶᠢᠲᠡᠯᠡᠭᠰᠡᠨ ᠴᠠᠭ᠄
2024/3/14
       ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠰᠣᠶᠣᠯ ᠢ ᠤᠯᠠᠮ ᠨᠢᠭᠡ ᠠᠯᠬᠤᠮ ᠤᠬᠠᠭᠤᠯᠤᠨ᠂ ᠳᠡᠯᠭᠡᠨ ᠦᠵᠡᠭᠦᠯᠵᠦ᠂ ᠤᠯᠠᠮᠵᠢᠯᠠᠨ ᠵᠠᠯᠭᠠᠮᠵᠢᠯᠠᠬᠤ ᠶᠢᠨ ᠲᠣᠰᠠᠳᠠ᠂ 3 ᠰᠠᠷ᠎ᠠ ᠶᠢᠨ 12 - 13 ᠤ ᠡᠳᠦᠷ ᠪᠤᠯᠳᠠᠯ᠎ᠠ ᠦᠵᠡᠰᠬᠦᠯᠡᠩᠳᠦ ᠰᠠᠶᠢᠬᠠᠨ ᠬᠤᠯᠠᠨ ᠰᠢᠷᠭ᠎ᠠ ᠳᠠᠭ᠎ᠠ ᠶᠢᠨ ᠡᠯᠡᠰᠥᠨ ᠲᠤ ᠭᠡᠭᠡᠷᠯᠡᠨ ᠠᠶᠠᠯᠠᠬᠤ ᠮᠠᠰᠢᠨ ᠲᠡᠷᠬᠡᠨ ᠤ  ᠣᠷᠣᠯᠳᠣᠭᠠᠨ ᠤ ᠰᠢᠯᠤᠭᠤᠨ ᠬᠦᠬᠡ ᠬᠤᠰᠢᠭᠤᠨ ᠳᠠᠬᠢ ᠤᠷᠤᠯᠳᠤᠭᠠᠨ ᠶᠠᠪᠤᠠᠠᠳᠠᠬᠤ ᠲᠠᠰᠢᠷᠠᠮ ᠢᠶᠠᠷ᠂ ᠮᠠᠨ ᠤ ᠬᠤᠰᠢᠭᠤ  ᠴᠠᠭᠠᠨ ᠢᠳᠡᠬᠡᠨ ᠤ ᠵᠣᠭᠤᠭ ᠤᠨ ᠦᠷᠦᠬᠡᠨ ᠳᠤ ᠴᠠᠭᠠᠨ ᠢᠳᠡᠭᠡᠨ ᠤ  ᠥᠵᠡᠬᠦᠯᠭᠡ ᠡᠷᠬᠢᠯᠡᠵᠤ᠂ ᠤᠷᠤᠯᠳᠤᠭᠠᠨ ᠳᠤ ᠣᠷᠣᠯᠴᠠᠭᠰᠠᠳ ᠪᠠ ᠵᠤᠭᠠᠴᠠᠭᠰᠠᠳ ᠲᠤ ᠠᠮᠲᠠᠲᠤ ᠢᠳᠡᠭᠡᠨ  ᠢᠶᠠᠨ  ᠲᠠᠨᠢᠯᠴᠠᠭᠤᠯᠥᠯ᠎ᠠ᠃      ᠰᠤᠷᠪᠤᠯᠵᠢᠯᠠᠭᠴᠢ ᠠᠬᠤᠶ ᠲᠠᠯᠠᠪᠠᠶ ᠳᠤ ᠬᠦᠷᠬᠦ ᠳᠤ᠂ ᠣᠯᠠᠨ ᠤ ᠰᠠᠶᠢᠨ ᠮᠡᠳᠡᠳᠡᠭ ᠤᠯᠠᠮᠵᠢᠯᠠᠯᠲᠤ ᠴᠠᠭᠠᠨ ᠢᠳᠡᠭᠡᠨ ᠥᠷᠥᠮ᠎ᠡ᠂ ᠪᠢᠰᠢᠯᠠᠭ᠂ ᠬᠤᠷᠤᠳ᠂ ᠰᠢᠷ᠎ᠠ ᠲᠣᠰᠣ᠂ ᠰᠦᠨ ᠰᠢᠬᠢᠷ ᠵᠡᠷᠬᠡ ᠰᠢᠨ᠎ᠡ ᠰᠣᠷᠭᠤᠭ ᠴᠠᠭᠠᠨ ᠢᠳᠡᠭᠡ  ᠶᠢ ᠦᠵᠡᠭᠦᠯᠭᠡ ᠶᠢᠨ ᠲᠣᠭᠤᠷᠢᠭ ᠲᠤ ᠲᠡᠯᠬᠡᠨ ᠲᠠᠯᠪᠢᠵᠦ᠂ ᠤᠯᠠᠮᠵᠢᠯᠠᠯᠲᠤ ᠴᠠᠭᠠᠨ ᠢᠳᠡᠭᠡᠨ ᠤ ᠲᠤᠬᠠᠶ ᠬᠥᠮᠦᠰ ᠳᠤ ᠨᠡᠩ ᠢᠯᠡᠬᠦᠦ ᠣᠶᠢᠯᠠᠭᠠᠭᠤᠯᠵᠦ᠂  ᠥᠩᠭᠡ ᠦᠨᠦᠷ ᠨᠢ ᠪᠦᠷᠢᠳᠦᠭᠰᠡᠨ‌‍ᠴᠠᠭᠠᠨ‌ᠢᠳᠡᠭᠡᠨ ᠨᠢ ᠤᠷᠤᠯᠳᠤᠭᠠᠨ ᠳᠤ ᠣᠷᠣᠯᠴᠠᠭᠰᠠᠳ ᠪᠠ ᠵᠢᠭᠤᠯᠴᠢᠯᠠᠭᠴᠢᠳ ᠤᠨ ᠠᠩᠬᠠᠷᠤᠯ ᠢ  ᠶᠡᠬᠡᠪᠡᠷ  ᠳᠠᠲᠠᠵᠤ ᠪᠠᠶᠢᠯ᠎ᠠ᠃   ᠲᠤᠰ ᠤᠳᠠᠭᠠᠨ ᠤ ᠴᠠᠭᠠᠨ ᠢᠳᠡᠭᠡᠨ ᠤ ᠥᠵᠡᠬᠦᠯᠭᠡ ᠨᠢ ᠰᠢᠯᠤᠭᠤᠨ ᠬᠦᠬᠡ ᠬᠤᠰᠢᠭᠤᠨ ᠤ ᠥᠪᠡᠷᠮᠢᠴᠡ ᠰᠣᠶᠣᠯ ᠤᠨ ᠠᠭᠤᠯᠤᠭᠳᠠᠬᠤᠨ ᠢ ᠳᠡᠯᠭᠡᠨ  ᠥᠵᠡᠬᠦᠯᠵᠣ ᠂  ᠰᠢᠯᠤᠭᠤᠨ ᠬᠥᠬᠡ ᠬᠤᠰᠢᠭᠤᠨ ᠤ ᠤᠯᠠᠮᠵᠢᠯᠠᠯᠲᠤ ᠠᠮᠲᠠᠲᠤ ᠢᠳᠡᠭᠡᠨ ᠤ ᠰᠣᠶᠣᠯ ᠬᠢᠭᠡᠳ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠢᠯᠤᠭᠤᠨ ᠬᠥᠬᠡ ᠬᠤᠰᠢᠭᠤᠨ ᠤ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢ ᠦᠷᠬᠡᠳᠬᠡᠭᠰᠡᠨ ᠪᠠᠶᠢᠨ᠎ᠠ᠃
微信图片_20240314115140.jpg
微信图片_20240314115123.jpg
微信图片_20240314115145.jpg
微信图片_20240314115148.jpg
 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号