ᠬᠤᠯᠠᠨ ᠰᠢᠷᠭ᠎ᠠ ᠲᠠᠭ᠎ᠠ ᠶᠢᠨ ᠡᠯᠡᠰᠦᠨ ᠲᠤ ᠬᠡᠬᠡᠷᠯᠡᠨ ᠠᠶᠠᠯᠠᠬᠤ ᠮᠠᠰᠢᠨ ᠲᠡᠷᠬᠡᠨ ᠤ ᠰᠢᠯᠤᠭᠤᠨ ᠬᠥᠬᠡ ᠬᠤᠰᠢᠭᠤᠨ ᠳᠠᠬᠢ ᠣᠷᠣᠯᠳᠣᠭᠠᠨ ᠡᠬᠢᠯᠡᠪᠡ
ᠨᠡᠶᠢᠲᠡᠯᠡᠭᠰᠡᠨ ᠴᠠᠭ᠄
2024/3/14
      ᠬᠤᠯᠠᠨ ᠰᠢᠷᠭ᠎ᠠ ᠲᠠᠭ᠎ᠠ ᠶᠢᠨ ᠡᠯᠡᠰᠦᠨ ᠲᠤ ᠬᠡᠬᠡᠷᠯᠡᠨ ᠠᠶᠠᠯᠠᠬᠤ‌ᠮᠠᠰᠢᠨ ᠲᠡᠷᠭᠡᠨ ᠤ ᠣᠷᠣᠯᠳᠣᠭᠠᠨ ᠤ ᠰᠢᠯᠤᠭᠤᠨ ᠬᠥᠬᠡ ᠬᠤᠰᠢᠭᠤᠨ ᠳᠠᠬᠢ ᠤᠷᠤᠯᠳᠤᠭᠠᠨ 3 ᠰᠠᠷ᠎ᠠ ᠶᠢᠨ 13 ᠤ ᠡᠳᠦᠷ ᠡᠬᠢᠯᠡᠵᠦ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠬᠤᠶᠠᠷ ᠮᠢᠩᠭ᠎ᠠ ᠭᠠᠷᠤᠶ‌ᠮᠠᠰᠢᠨᠴᠢᠥᠨ‌‍ᠪᠣᠯᠤᠨ ᠮᠠᠰᠢᠨ ᠲᠡᠷᠬᠡᠨ ᠤ ᠪᠠᠭ᠋ᠠᠳᠠᠳ ᠣᠷᠣᠯᠳᠣᠭᠠᠨ  ᠳᠤ ᠣᠷᠣᠯᠴᠠᠵᠠᠢ᠃    ᠡᠬᠢᠯᠡᠯᠲᠡ ᠶᠢᠨ ᠶᠣᠰᠣᠯᠠᠯ ᠳᠡᠭᠡᠷ᠎ᠡ᠂ ᠰᠢᠯᠤᠭᠤᠨ ᠬᠥᠬᠡ ᠬᠤᠰᠢᠭᠤᠨ ᠤ ᠤᠯᠠᠭᠠᠨᠮᠥ᠋ᠴᠢᠷ ᠤᠨ ᠲᠣᠭᠯᠠᠭᠴᠢᠳ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠪᠠᠷ ᠢᠶᠠᠨ ᠤᠷᠤᠯᠳᠤᠭᠠᠨ ᠳᠤ ᠬᠦᠴᠦ ᠨᠡᠮᠡᠷᠢᠯᠡᠵᠦ᠂ ᠠᠬᠤᠶ ᠲᠠᠯᠠᠪᠠᠶ ᠬᠥᠷ ᠬᠥᠭᠵᠢᠶᠡᠨ ᠢᠶᠠᠷ  ᠪᠢᠯᠬᠠᠯ᠎ᠠ᠃    ᠲᠣᠰ ᠤᠷᠤᠯᠳᠤᠭᠠᠨ ᠤ ᠵᠠᠮ ᠤᠨ ᠤᠷᠲᠤ ᠨᠢ ᠪᠠᠷᠤᠭ 60 ᠺᠢᠯᠣᠮᠧᠲᠷ ᠂ ᠵᠠᠮ ᠳᠠᠭᠠᠤ  ᠡᠯᠡᠰᠤ ᠮᠠᠩᠬ᠎ᠠ᠂ ᠴᠠᠰᠤ ᠮᠥᠰᠥ᠂ ᠨᠠᠭᠤᠷ ᠭᠤᠤᠯ ᠵᠡᠷᠭᠡ ᠭᠠᠵᠠᠷ ᠤᠳ ᠪᠠᠶᠢᠵᠦ  ᠪᠠᠷᠳᠠᠭ᠎ᠠ ᠶᠡᠭᠡ ᠲᠠᠢ ᠪᠠᠶᠢᠯ᠎ᠠ᠃       ᠤᠷᠤᠯᠴᠬᠠᠴᠢ ᠯᠢ ᠪᠣᠣ ᠴᠢ᠄  ︽ᠪᠢ ᠪᠣᠯ ᠣᠷᠳᠣᠰ ᠬᠤᠳᠠ ᠠᠴᠠ ᠢᠷᠡᠭᠰᠡᠨ ᠃ ᠮᠠᠰᠢᠨ ᠲᠡᠷᠭᠡᠨ ᠤ ᠬᠥᠳᠡᠯᠭᠡᠭᠡᠨ ᠳᠤ ᠮᠠᠰᠢ ᠪᠠᠭ᠋ᠠᠳᠠᠢ᠂ ᠪᠢ ᠬᠤᠯᠠᠨ ᠰᠢᠷᠭ᠎ᠠ ᠲᠠᠭ᠎ᠠ ᠵᠢᠨ‌ᠡᠯᠡᠰᠦᠨ ᠲᠤ ᠬᠡᠬᠡᠷᠯᠡᠨ ᠠᠶᠠᠯᠠᠬᠤ ᠮᠠᠰᠢᠨ ᠲᠡᠷᠬᠡᠨ ᠤ ᠣᠷᠣᠯᠳᠣᠭᠠᠨ ᠳᠤ ᠠᠩᠬ᠎ᠠ ᠤᠳᠠᠭ᠎ᠠ ᠣᠷᠣᠯᠴᠠᠵᠤ ᠪᠠᠶᠢᠨ᠎ᠠ᠂  ᠡᠮᠦᠨ᠎ᠡ ᠠᠷᠪᠠ ᠳᠤ ᠣᠷᠣᠬᠤ ᠶᠢ ᠬᠦᠰᠡᠵᠦ ᠪᠠᠶᠢᠨ᠎ᠠ ︾ ᠬᠡᠯ᠎ᠡ᠃
微信图片_20240314115548.png
   ᠣᠶᠢᠯᠠᠭᠠᠭᠰᠠᠨ ᠢᠶᠠᠷ᠂ ᠲᠤᠰ ᠬᠤᠭᠤᠴᠠᠭᠠᠨ ᠤ ᠤᠷᠤᠯᠳᠤᠭᠠᠨ 5 ᠡᠳᠦᠷ ᠶᠠᠪᠤᠭᠳᠠᠵᠤ᠂  ᠪᠦᠬᠦ ᠤᠷᠲᠤ ᠨᠢ 200 ᠺᠢᠯᠣᠮᠧᠲᠷ ᠪᠠᠶᠢᠵᠦ᠂ ᠤᠷᠤᠯᠳᠤᠭᠠᠨ ᠤ ᠵᠠᠮ ᠢ ᠭᠤᠷᠪᠠᠨ ᠬᠡᠰᠡᠭ  ᠬᠤᠪᠢᠶᠠᠨ᠂ ᠨᠢᠭᠡᠳᠦᠭᠡᠷ ᠬᠡᠰᠡᠭ ᠨᠢ ᠰᠢᠯᠢᠩᠬᠤᠲᠠ ᠥᠷᠲᠡᠭᠡ 60 ᠺᠢᠯᠣᠮᠧᠲᠷ᠂ ᠬᠤᠶᠠᠳᠤᠭᠠᠷ ᠬᠡᠰᠡᠭ ᠨᠢ ᠲᠤᠯᠤᠨ‌ᠨᠠᠭᠤᠷ ᠥᠷᠲᠡᠭᠡ 80 ᠺᠢᠯᠣᠮᠧᠲᠷ᠂ ᠭᠤᠷᠪᠠᠳᠤᠭᠠᠷ ᠬᠡᠰᠡᠭ ᠨᠢ ᠰᠢᠯᠤᠭᠤᠨ ᠬᠥᠬᠡ ᠥᠷᠲᠡᠭᠡ 60 ᠺᠢᠯᠣᠮᠧᠲᠷ ᠪᠣᠯᠤᠨ᠎ᠠ᠃      ᠰᠢᠯᠤᠭᠤᠨ ᠬᠥᠭᠡ ᠬᠤᠰᠢᠭᠤᠨ ᠤ ᠬᠢᠯᠢ ᠳ᠋ᠡᠬᠢ‌ᠬᠤᠯᠠᠨ ᠰᠢᠷᠭ᠎ᠠ ᠲᠠᠭ᠎ᠠ ᠶᠢᠨ ᠡᠯᠡᠰᠦᠨ  ᠤ ᠡᠵᠡᠯᠡᠬᠦ ᠲᠠᠯᠠᠪᠠᠶ ᠨᠢ ᠶᠡᠷᠦᠩᠬᠡᠶ ᠲᠠᠯᠠᠪᠠᠶ ᠶᠢᠨ83.7 % ᠶᠢ ᠡᠵᠡᠯᠡᠵᠦ᠂ ᠥᠪᠡᠷᠮᠢᠴᠡ ᠣᠨᠴᠠᠯᠢᠭ ᠪᠥᠬᠦᠶ ᠭᠠᠵᠠᠷ ᠵᠦᠶ ᠶᠢᠨ  ᠪᠠᠶᠢᠷᠢᠰᠢᠯ  ᠨᠢ ᠮᠠᠰᠢᠨ ᠲᠡᠷᠭᠡ ᠬᠡᠭᠡᠷᠡᠯᠡᠨ ᠠᠶᠠᠯᠠᠵᠤ  ᠲᠠᠯ᠎ᠠ ᠨᠤᠳᠤᠭ ᠢ ᠪᠡᠶᠡᠴᠢᠯᠡᠨ ᠣᠶᠢᠯᠠᠭᠠᠬᠤ  ᠳᠤ ᠵᠤᠬᠢᠴᠠᠵᠤ ᠥᠷᠭᠡᠨ ᠤᠯᠠᠨ ᠵᠢᠭᠤᠯᠴᠢᠯᠬᠠᠴᠥᠨ ᠤᠨ ᠠᠩᠬᠠᠷᠤᠯ ᠳᠤ ᠬᠥᠷᠴᠤ ᠪᠠᠶᠢᠯ᠎ᠠ᠃ ᠲᠤᠰ ᠠᠵᠢᠯᠯᠠᠭ᠎ᠠ ᠨᠢ ᠨᠠᠩ ᠣᠯᠠᠨ ᠬᠥᠮᠦᠰ  ᠲᠤ ᠬᠤᠯᠠᠨ ᠰᠢᠷᠭ᠎ᠠ ᠲᠠᠭ᠎ᠠ ᠶᠢᠨ ᠮᠠᠩᠬᠠᠨ ᠨᠤᠳᠤᠭ ᠤᠨ ᠦᠵᠡᠰᠭᠦᠯᠡᠩᠳᠦ ᠥᠩᠭᠡ ᠥᠵᠡᠮᠵᠢ ᠵᠢᠨ‌‍ᠲ᠋ᠤᠬᠠᠶ  ᠭᠦᠡ‌ᠣᠶᠢᠯᠠᠭᠠᠯᠲᠠ  ᠲᠠᠢ  ᠪᠤᠯᠭᠠᠵᠤ᠂  ᠬᠤᠶᠢᠰᠢᠳᠠ ᠤᠯᠠᠨ ᠣᠯᠠᠨ ᠨᠠᠷᠠᠲᠤ  ᠮᠠᠰᠢᠨᠴᠢᠥᠨ ᠤᠷᠤᠯᠳᠤᠭᠠᠨ ᠳᠤ ᠣᠷᠣᠯᠴᠠᠵᠤ᠂ ᠰᠢᠯᠤᠭᠤᠨ ᠬᠥᠬᠡ ᠬᠤᠰᠢᠭᠤᠨ ᠤ ᠮᠥᠰᠥ ᠴᠠᠰᠤᠨ ᠤ ᠵᠢᠭᠤᠯᠴᠢᠯᠠᠯ  ᠤᠨ ᠠᠵᠢᠯᠯᠠᠭ᠎ᠠ ᠶᠢ ᠲᠠᠶᠢᠴᠢᠯᠠᠨ ᠬᠥᠭᠵᠢᠬᠦᠯᠬᠦ ᠳᠤ ᠠᠬᠢᠭᠤᠯᠬᠤ ᠦᠢᠯᠡᠳᠦᠯ ᠦᠵᠡᠬᠦᠯᠥᠭᠰᠡᠡ ᠪᠠᠶᠢᠨ᠎ᠠ᠃
微信图片_20240314115525.jpg
微信图片_20240314115552.jpg
微信图片_20240314115557.jpg
微信图片_20240314115601.jpg
微信图片_20240314115606.jpg
微信图片_20240314115610.jpg
微信图片_20240314115613.jpg
微信图片_20240314115616.jpg
微信图片_20240314115620.jpg
微信图片_20240314115623.jpg
微信图片_20240314115627.jpg
微信图片_20240314115631.jpg
微信图片_20240314115634.jpg
 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号