ᠤᠶᠤᠨ ᠤ ᠰᠠᠭᠠᠥᠨ ᠲᠠᠢ ᠵᠡᠮᠳᠡᠭ ᠬᠡᠦᠬᠡᠳ ᠤᠳ ᠢ ᠡᠷᠬᠢᠨ‌ᠦᠵᠡᠵᠤ ᠬᠠᠯᠠᠮᠵᠢᠯᠠᠪᠠ
ᠨᠡᠶᠢᠲᠡᠯᠡᠭᠰᠡᠨ ᠴᠠᠭ᠄
2024/3/14
     3 ᠰᠠᠷ᠎ᠠ ᠶᠢᠨ 12 ᠤᠨ ᠡᠳᠦᠷ᠂ ᠰᠢᠯᠤᠭᠤᠨ ᠬᠥᠬᠡ ᠬᠤᠰᠢᠭᠤᠨ ᠤ ᠵᠢᠶᠦ᠋ᠨ ᠲᠧᠩ ᠠᠳᠤᠭᠤᠨ ᠦᠶᠯᠡᠰ ‍ᠦᠨ‌‍ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠰᠢᠯᠤᠭᠤᠨ ᠬᠥᠬᠡ ᠬᠤᠰᠢᠭᠤᠨ ᠤ ᠰᠠᠶᠢᠨ ᠮᠠᠯᠴᠢᠨ ᠮᠠᠯ ᠠᠵᠤ ᠠᠬᠤᠶ  ᠶᠢᠨ ᠮᠡᠷᠭᠡᠵᠢᠯ ᠤᠨ ᠦᠶᠯᠡᠴᠢᠯᠡᠭᠡᠨ ᠤ ᠬᠢᠵᠠᠭᠠᠷᠲᠤ ᠺᠣᠮᠫᠠᠨᠢ᠂ ᠰᠢᠯᠤᠭᠤᠨ ᠬᠥᠬᠡ ᠬᠤᠰᠢᠭᠤᠨ ᠤ ᠪᠤᠯᠠᠭ ᠬᠡᠭᠡᠷ᠎ᠡ  ᠶᠢᠨ ᠮᠣᠷᠢᠲᠤ ᠴᠡᠷᠢᠭ ᠤᠨ ᠭᠠᠵᠠᠷ ᠵᠡᠷᠭᠡ ᠶᠢᠰᠦᠨ ᠺᠣᠮᠫᠠᠨᠢ ᠬᠠᠮᠲᠤᠷᠠᠨ ᠤᠶᠤᠨ ᠤ ᠰᠠᠭᠠᠥᠨ ᠲᠠᠢ ᠵᠡᠮᠳᠡᠭ ᠬᠡᠦᠬᠡᠳ  ᠢ  ᠲᠤᠰᠠᠯᠠᠬᠤ ᠠᠵᠢᠯᠯᠠᠭ᠎ᠠ ᠥᠷᠨᠢᠭᠦᠯᠪᠡ᠃     ᠲᠤᠰ ᠬᠠᠨᠳᠢᠪ ‍ᠤᠨ‌ᠠᠵᠢᠯᠯᠠᠭ᠎ᠠ ᠪᠠᠷ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠨᠢ ︽ᠡᠬᠢᠯᠡᠯᠲᠡ︾ᠤᠶᠤᠨ ᠤ ᠰᠠᠭᠠᠥᠨ ᠲᠠᠢ ᠣᠨᠴᠠᠭᠠᠶ ᠬᠡᠦᠬᠡᠳ ᠤᠨ ᠴᠡᠴᠡᠷᠯᠢᠭ ᠲᠤ ᠨᠡᠶᠢᠳᠡ3000 ᠲᠦᠬᠦᠷᠢᠭ ᠤᠨ ᠦᠷᠳᠡᠭ ᠪᠦᠬᠦᠢ 15 ᠤᠭᠤᠲᠠ ᠲᠤᠲᠤᠷᠭ᠎ᠠ᠂ 15 ᠤᠭᠤᠲᠠ ᠭᠤᠯᠢᠷ᠂ 6 ᠬᠠᠶᠢᠷᠴᠠᠭ ᠰᠦ᠂ 20 ᠢᠵᠢ ᠪᠢᠴᠢᠭ ᠤᠨ ᠬᠡᠷᠡᠭᠰᠡᠯ  ᠬᠥᠷᠭᠡᠵᠠᠢ᠃    ᠠᠵᠤ ᠠᠬᠤᠶᠢᠯᠠᠯ ᠤᠨ ᠬᠠᠷᠢᠭᠤᠴᠠᠯᠭᠠᠲᠠᠨ ᠨᠠᠷ ᠬᠡᠦᠬᠡᠳ ᠤᠨ ᠴᠡᠴᠡᠷᠯᠢᠭ ᠤᠨ ᠵᠠᠬᠢᠷᠤᠯ ᠴᠣᠯᠮᠣᠨᠴᠡᠴᠡᠭ ᠲᠠᠢ ᠶᠠᠷᠢᠯᠴᠠᠵᠤ᠂ ᠬᠡᠦᠬᠡᠳ ᠤᠨ ᠡᠳᠦᠷ ᠲᠤᠲᠤᠮ ᠤᠨ ᠠᠮᠢᠳᠤᠷᠠᠯ᠂ ᠰᠤᠷᠤᠯᠭ᠎ᠠ ᠶᠢᠨ ᠪᠠᠶᠢᠳᠠᠯ ᠢ ᠣᠶᠢᠯᠠᠭᠠᠭᠰᠠᠨ ᠪᠥᠭᠡᠳ ᠬᠤᠶᠢᠰᠢᠳᠠ ᠦᠷᠭᠦᠯᠵᠢᠯᠡᠨ  ᠠᠩᠬᠠᠷᠤᠨ ᠬᠠᠯᠠᠮᠵᠢᠯᠠᠵᠤ ᠂ ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢ ᠰᠠᠶᠢᠲᠤᠷ ᠭᠦᠶᠴᠡᠳᠬᠡᠨ᠎ᠡ ᠭᠡᠵᠦ ᠢᠯᠡᠳᠬᠡᠪᠡ᠃    ᠲᠤᠰ ᠤᠳᠠᠭᠠᠨ ᠤ ᠠᠵᠢᠯᠯᠠᠭ᠎ᠠ ᠨᠢ ᠡᠷᠬᠡ ᠲᠡᠭᠰᠢ᠂ ᠬᠠᠷᠢᠯᠴᠠᠠ‌‍ᠬᠦ᠋ᠨᠳᠦᠳᠬᠡᠬᠦ᠂  ᠬᠠᠶᠢᠷ᠎ᠠ ᠬᠠᠯᠠᠮᠵᠢ ᠶᠢ ᠬᠡᠦᠬᠡᠳ ᠤᠨ ᠰᠡᠳᠬᠢᠯ ᠳᠤ  ᠬᠦᠷᠬᠡᠨ᠂  ᠲᠡᠳᠡᠨ ᠤ ᠪᠠᠶᠠᠷ ᠬᠥᠷ ᠲᠠᠢ ᠦᠰᠦᠨ ᠪᠣᠶᠢᠵᠢᠬᠤ  ᠳᠤ  ᠬᠡᠷᠡᠯ ᠬᠡᠬᠡ ᠬᠦᠰᠡᠯ ᠡᠷᠡᠮᠡᠯᠵᠡᠯ ᠣᠯᠭᠤᠠᠠᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号