ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠥᠪᠯᠡᠨ ᠤᠯᠠᠮᠵᠢᠯᠠᠭᠴᠢ ᠴᠢᠮᠡᠭ
ᠨᠡᠶᠢᠲᠡᠯᠡᠭᠰᠡᠨ ᠴᠠᠭ᠄
2024/3/18
      ᠰᠢᠯᠤᠭᠤᠨ ᠬᠦᠬᠡ ᠬᠤᠰᠢᠭᠤᠨ ᠤ ᠱᠠᠩᠳᠤ ᠪᠠᠯᠭᠠᠰᠣ ᠪᠠᠷ ᠨᠣᠳᠣᠠᠠᠳᠠᠢ ᠴᠢᠮᠡᠭ ᠬᠠᠷᠠᠬᠠᠨ ᠪᠠᠭ᠎ᠠ ᠠᠴᠠ ᠪᠠᠨ‌ᠨᠠᠭᠠᠴᠤ ᠡᠮᠡᠭᠡ ᠶᠢᠨ ᠪᠠᠨ ᠨᠥᠯᠥᠭᠡ ᠪᠠᠷ ᠦᠨᠳᠦᠰᠦᠲᠡᠨ ᠤ ᠬᠤᠪᠴᠠᠰᠤ ᠵᠠᠰᠠᠯ ᠲᠠᠢ ᠰᠠᠯᠤᠰᠢ ᠦᠭᠡᠢ  ᠬᠤᠪᠢ ᠪᠠᠷᠢᠯᠳᠤᠯᠭ᠎ᠠ ᠲᠠᠢ ᠪᠣᠯᠵᠠᠢ᠃ ᠲᠡᠷᠡ 1981 ᠣᠨ ᠳᠤ ᠬᠤᠰᠢᠭᠤ ᠦᠨᠳᠦᠰᠦᠲᠡᠨ ᠤ ᠬᠤᠪᠴᠠᠰᠣᠨ ‍ᠣ‌ᠦᠢᠯᠡᠳᠪᠦᠷᠢ  ᠳᠤ ᠠᠵᠢᠯᠯᠠᠵᠤ  ᠪᠠᠶᠢᠠᠠᠰᠠᠨ ᠢᠶᠠᠨ 2000 ᠣᠨ ᠳᠤ ︽ᠮᠣᠩᠭᠤᠯ ᠶᠤᠸᠠᠨ ᠤ ᠵᠢᠰᠣᠨ ᠬᠤᠪᠴᠠᠰᠣ ᠵᠠᠰᠠᠯ︾ ᠤᠨ ᠳᠡᠯᠭᠡᠭᠦᠷ  ᠢ ᠡᠭᠦᠰᠭᠡᠨ ᠪᠠᠶᠢᠭᠤᠯᠵᠦ᠂ ᠣᠳᠣ ᠪᠣᠯᠬᠤ ᠳᠤ  ᠦᠨᠳᠦᠰᠦᠲᠡᠨ ᠤ ᠬᠤᠪᠴᠠᠰᠤ ᠵᠠᠰᠠᠯ  ᠤᠨ ᠤᠶᠤᠳᠠᠯ ᠤᠨ ᠭᠠᠵᠠᠷ ᠡᠷᠬᠢᠯᠡᠭᠡᠥᠨ ᠳᠥᠴᠢᠨ ᠭᠤᠷᠪᠠᠳᠠᠬᠢ ᠵᠢᠯ ᠢᠶᠠᠨ ᠪᠣᠯᠵᠦ ᠪᠠᠶᠢᠨ᠎ᠠ᠃       ᠲᠥᠴᠢᠬᠡᠳ ᠵᠢᠯ ᠤᠨ ᠲᠣᠷᠰᠢ ᠳᠤ᠂ ᠴᠢᠮᠡᠭ  ᠭᠠᠳᠠᠨ᠎ᠠ‌ᠬᠤᠳᠠ ᠤᠷᠤᠨ ᠳᠤ ᠬᠦᠷᠴᠦ ᠬᠤᠪᠴᠠᠰᠤ ᠡᠰᠬᠡᠬᠦ ᠪᠠ ᠵᠠᠬᠪᠣᠷ ‍ᠤᠨ‌ᠮᠡᠷᠭᠡᠵᠢᠯ  ᠰᠤᠷᠤᠯᠴᠠᠵᠤ᠂ ᠰᠢᠰᠲ᠋ᠧᠮ ᠲᠠᠢ ᠰᠤᠳᠤᠯᠤᠨ ᠰᠤᠷᠤᠯᠴᠠᠬᠤ ᠶᠢᠨ ᠲᠠᠭᠠᠣ ᠲᠠᠰᠣᠷᠠᠯᠳᠠ ᠥᠬᠡᠢ ᠲᠤᠷᠰᠢᠯᠭ᠎ᠠ ᠬᠤᠷᠠᠮᠳᠣᠭᠤᠯᠠᠠᠰᠠᠨ ᠨᠢ ᠲᠡᠭᠦᠨ ᠤ ᠬᠤᠶᠢᠰᠢᠳᠠ ᠶᠢᠨ ᠠᠵᠢᠯ ᠳᠤ ᠰᠠᠶᠢᠨ‌‍ᠰᠠᠭᠤᠷᠢ ᠲᠠᠯᠪᠢᠵᠤ ᠥᠭᠴᠡᠢ᠃ ᠲᠡᠭᠦᠨ ᠤ ᠤᠷᠠᠯᠠᠨ ᠪᠦᠲᠦᠭᠡᠭᠰᠡᠨ ᠮᠣᠩᠭᠤᠯ ᠬᠤᠪᠴᠠᠰᠤ ᠵᠠᠰᠠᠯ ᠨᠢ ᠲᠥᠷᠥᠯ ᠵᠦᠢᠯ ᠤᠯᠠᠨ᠂ ᠶᠠᠩᠵᠤ ᠬᠡᠯᠪᠡᠷᠢ ᠪᠦᠷᠢᠨ ᠪᠠᠶᠢᠵᠤ᠂ ᠤᠯᠠᠮᠵᠢᠯᠠᠯᠲᠤ ᠭᠠᠷ ᠤᠷᠠᠯᠠᠯ ᠢ ᠬᠠᠳᠠᠭᠠᠯᠠᠭᠰᠠᠨ ᠰᠠᠭᠤᠷᠢᠨ ᠳᠡᠭᠡᠷ᠎ᠡ᠂ ᠬᠤᠪᠴᠠᠰᠤ ᠵᠠᠰᠠᠯ  ᠤᠨ ᠲᠥᠷᠥᠯ ᠵᠦᠢᠯ᠂ ᠪᠥᠰ ᠪᠠᠷᠠᠭ᠎ᠠ ᠲᠣᠷᠭ᠎ᠠ ᠮᠠᠲ᠋ᠧᠷᠢᠶᠠᠯ ᠤᠨ ᠰᠣᠩᠭᠤᠯᠲᠠ᠂ ᠵᠠᠰᠠᠯ ᠵᠢᠮᠰᠡᠭ ᠤᠨ ᠵᠣᠬᠢᠴᠠᠭᠤᠯᠤᠯᠲᠠ ᠵᠢᠨ‌‍ᠲ᠋ᠠᠯ᠎ᠠ ᠪᠠᠷ ᠥᠪᠡᠷᠮᠢᠴᠡ ᠰᠢᠨ᠎ᠡ ᠡᠭᠦᠳᠦᠯᠲᠡ ᠲᠠᠢ  ᠪᠠᠶᠢᠳᠠᠭ᠃      ᠴᠢᠮᠡᠭ ᠤᠯᠠᠮᠵᠢᠯᠠᠯᠲᠤ ᠮᠣᠩᠭᠤᠯ ᠲᠡᠷᠯᠢᠭ ᠢ ᠬᠢᠬᠦ ᠶᠠᠪᠤᠴᠠ ᠳᠤ ᠪᠠᠨ ᠲᠠᠰᠤᠷᠠᠯᠲᠠ ᠦᠬᠡᠢ ᠰᠢᠨᠡᠴᠢᠯᠡᠵᠦ᠂ ᠤᠯᠠᠮᠵᠢᠯᠠᠯᠲᠤ ᠴᠠᠬᠠᠷ ᠬᠤᠪᠴᠠᠰᠤ ᠵᠠᠰᠠᠯ ᠤᠨ ᠣᠨᠴᠠᠯᠢᠭ ᠢ ᠬᠠᠳᠠᠭᠠᠯᠠᠭᠰᠠᠨ ᠰᠠᠭᠤᠷᠢᠨ ᠲᠡᠭᠡᠷ᠎ᠠ ᠣᠳᠣ ᠦᠶ᠎ᠡ ᠶᠢᠨ ᠬᠤᠪᠴᠠᠰᠤ ᠵᠠᠰᠠᠯ ᠤᠨ  ᠤᠨᠴᠠᠯᠢᠭ ᠲᠠᠢ ᠣᠶᠠᠯᠳᠣᠭᠤᠯᠣᠬᠰᠡᠨ ᠪᠠᠶᠢᠳᠠᠭ᠃ ᠲᠡᠭᠦᠨ ᠤ ᠵᠢᠷᠤᠵᠤ ᠲᠥᠯᠥᠪᠯᠡᠭᠰᠡᠨ ᠰᠢᠯᠤᠭᠤᠨ ᠬᠥᠬᠡ ᠬᠤᠰᠢᠭᠤᠨ ᠤ ᠴᠠᠬᠠᠷ ᠬᠤᠪᠴᠠᠰᠤ ᠵᠠᠰᠠᠯ ᠨᠢ ᠪᠦᠬᠦ ᠤᠯᠤᠰ ᠤᠨ ᠡᠯ᠎ᠡ ᠭᠠᠵᠠᠷ ᠢ᠊ ᠵᠢᠴᠢ‌ᠮᠣᠩᠭᠤᠯ ᠤᠯᠤᠰ᠂ ᠠᠮᠧᠷᠢᠺᠠ᠂ ᠶᠠᠫᠣᠨ᠂ ᠰᠸᠧᠳᠧᠨ᠂ ᠰᠸᠢᠰ᠂ ᠢᠰᠫᠠᠨᠢ ᠵᠡᠷᠭᠡ ᠤᠯᠤᠰ ᠲᠤ ᠴᠣ᠋ ᠪᠣᠷᠣᠯᠠᠭᠤᠯᠤᠭᠳᠠᠵᠤ  ᠪᠣᠢ᠃       ᠴᠢᠮᠡᠭ ᠥᠪᠡᠷ ᠤᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ ᠪᠣᠳᠠᠰ ᠤᠨ ᠪᠤᠰᠤ ᠰᠣᠶᠣᠯ  ᠤᠨ ᠥᠪ ᠢ ᠤᠯᠠᠮᠵᠢᠯᠠᠨ ᠵᠠᠯᠭᠠᠮᠵᠢᠯᠠᠬᠤ ᠶᠢᠨ ᠬᠠᠮᠲᠤ ᠪᠠᠰᠠ ᠪᠣᠯᠪᠠᠰᠤᠷᠠᠯ ᠤᠨ ᠠᠩᠭᠢ ᠡᠷᠬᠢᠯᠡᠬᠦ ᠶᠢ ᠪᠠᠷᠢᠮᠲᠠᠯᠠᠵᠤ᠂ ᠦᠨᠳᠦᠰᠦᠲᠡᠨ ᠤ ᠬᠤᠪᠴᠠᠰᠤ ᠵᠠᠰᠠᠯ  ᠤᠨ ᠤᠷ᠎ᠠ ᠮᠡᠷᠭᠡᠵᠢᠯ ᠢ ᠨᠠᠷᠢᠨ ᠨᠢᠮᠪᠠᠢ ᠤᠯᠠᠮᠵᠢᠯᠠᠵᠤ᠂  ᠣᠯᠠᠨ‌‍ᠰᠢᠯᠢᠳᠡᠭ ᠰᠤᠷᠤᠭᠴᠢ ᠶᠢ ᠬᠦᠮᠦᠵᠢᠬᠦᠯᠵᠡᠢ᠃ ᠲᠡᠭᠦᠨ ᠤ  ᠤᠶᠢᠭ᠎ᠠ ᠦᠭᠡᠢ ᠴᠢᠷᠮᠠᠶᠢᠯᠭ᠎ᠠ ᠪᠠᠷ᠂ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠨᠢ ᠤᠯᠠᠨ ᠤᠳᠠᠭ᠎ᠠ ᠡᠯ᠎ᠡ ᠵᠦᠢᠯ ᠤᠨ ᠠᠵᠢᠯᠯᠠᠭ᠎ᠠ ᠳᠤ ᠤᠷᠢᠭᠳᠠᠨ ᠣᠷᠣᠯᠴᠠᠵᠤ ᠱᠠᠩᠨᠠᠯ ᠬᠦᠷᠳᠡᠵᠡᠢ᠃ ᠲᠡᠷᠡ  ᠤᠷᠢᠳ ᠬᠤᠵᠢᠳ‌‍ᠪᠠᠰᠠ ᠠᠶᠢᠮᠠᠭ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ᠂ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠳᠠᠰ ᠤᠨ ᠪᠤᠰᠤ ᠰᠣᠶᠣᠯ  ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ᠂ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠪᠠᠷ  ᠦᠨᠡᠯᠡᠭᠳᠡᠨ᠂ ᠣᠯᠠᠨ ᠰᠠᠶᠢᠬᠠᠨ ᠢᠷᠠᠭᠤ ᠠᠯᠳᠠᠷ  ᠬᠥᠷᠳᠡᠵᠠᠢ᠃     
微信图片_20240318162241.jpg
微信图片_20240318162256.jpg
微信图片_20240318162300.jpg
微信图片_20240318162303.jpg
微信图片_20240318162308.jpg
微信图片_20240318162312.jpg
微信图片_20240318162315.jpg
微信图片_20240318162318.jpg
  ᠴᠢᠮᠡᠭ᠄ ᠪᠣᠳᠠᠰ ᠤᠨ ᠪᠤᠰᠤ ᠰᠣᠶᠣᠯ ᠤᠨ ᠥᠪ  ᠤᠨ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠤᠯᠠᠮᠵᠢᠯᠠᠭᠴᠢ ᠪᠣᠯᠤᠭᠰᠠᠨ ᠤ ᠬᠤᠪᠢ ᠳᠤ᠂ ᠤᠮᠠᠷᠠᠲᠤ ᠬᠢᠯᠢ ᠶᠢᠨ ᠰᠣᠶᠣᠯ ᠤᠨ ᠦᠨᠳᠦᠰᠦᠲᠡᠨ ᠤ ᠬᠤᠪᠴᠠᠰᠤ ᠵᠠᠰᠠᠯ ᠢ ᠪᠠᠳᠠᠷᠠᠭᠤᠯᠬᠤ ᠪᠠᠷ ᠳᠠᠮᠵᠢᠭᠤᠯᠤᠨ᠂ ᠨᠡᠩ ᠤᠯᠠᠨ ᠬᠥᠮᠦᠨ ᠳᠤ ᠮᠠᠨ ᠤ ᠦᠨᠳᠦᠰᠦᠲᠡᠨ ᠤ ᠬᠤᠪᠴᠠᠰᠤ ᠵᠠᠰᠠᠯ ᠤᠨ ᠰᠣᠶᠣᠯ ᠤᠨ ᠠᠭᠤᠯᠤᠭᠳᠠᠬᠤᠨ ᠢ ᠲᠠᠨᠢᠭᠤᠯᠬᠤ ᠪᠣᠯᠤᠨ᠎ᠠ᠃ ᠪᠢ ᠪᠠᠰᠠ ᠵᠢᠯ ᠪᠦᠷᠢ ᠪᠣᠯᠪᠠᠰᠤᠷᠠᠯ ᠤᠨ ᠠᠩᠭᠢ ᠡᠷᠬᠢᠯᠡᠬᠦ ᠪᠡᠷ‌ᠤᠬᠠᠭᠤᠯᠭ᠎ᠠ ᠶᠢᠨ ᠠᠷᠭ᠎ᠠ ᠵᠠᠮ ᠪᠣᠯᠭᠠᠵᠤ᠂ ᠨᠠᠩᠣᠯᠠᠨ ᠬᠥᠮᠦᠨ ᠲᠤ᠋‌ᠦᠨᠳᠦᠰᠦᠲᠡᠨ ᠤ ᠬᠤᠪᠴᠠᠰᠤ ᠵᠠᠰᠠᠯ ᠤᠨ ᠲᠤᠬᠠᠢ ᠤᠷ᠎ᠠ ᠮᠡᠷᠭᠡᠵᠢᠯ ᠪᠠ ᠲᠠᠬᠦᠨ ᠤ ᠭᠤᠸ᠎ᠠ ᠰᠠᠶᠢᠬᠠᠨ ᠢ ᠮᠡᠳᠡᠷᠡᠬᠦᠯᠬᠦ ᠪᠠᠷ ᠴᠢᠷᠮᠠᠶᠢᠵᠤ ᠪᠤᠢ  ᠬᠡᠯ᠎ᠡ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号