| ᠰᠢᠯᠤᠭᠤᠨ ᠬᠥᠬᠡ ᠬᠤᠰᠢᠭᠤ ᠠᠰᠢᠭᠲᠠᠶ ᠠᠵᠠ ᠲᠣᠬᠢᠶᠠᠯ ᠢ ᠠᠮᠵᠢᠵᠤ᠂ ᠡᠯ᠎ᠡ ᠨᠢᠭᠡᠴᠡ ᠶᠢᠨ ᠬᠢᠨ ᠢ | ᠳᠠᠶᠢᠴᠢᠯᠠᠨ᠂ ᠬᠠᠪᠤᠷ ᠤᠨ ᠤᠯᠠᠷᠢᠯ ᠤᠨ ᠡᠯᠡᠰᠦ ᠶᠢ ᠵᠠᠰᠠᠵᠤ ᠣᠶᠢᠵᠢᠭᠤᠯᠬᠤ ᠠᠵᠢᠯ ᠢ ᠪᠥᠬᠦ ᠲᠠᠯ᠎ᠠ ᠪᠠᠷ | ᠥᠷᠨᠢᠭᠦᠯᠵᠦ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠲᠤᠶᠢᠯᠪᠤᠷᠢᠳᠠᠢ ᠵᠠᠰᠠᠬᠤ ᠬᠠᠪᠤᠷ ᠤᠨ ᠤᠯᠠᠷᠢᠯ | ᠤᠨ ᠬᠠᠮᠲᠤᠷᠠᠭᠰᠠᠨ ᠠᠵᠢᠯᠯᠠᠭ᠎ᠠ ᠶᠢ ᠪᠦᠬᠦ ᠲᠠᠯ᠎ᠠ ᠪᠠᠷ ᠡᠬᠢᠯᠡᠭᠦᠯᠪᠡ᠃ | 3 ᠰᠠᠷ᠎ᠠ ᠶᠢᠨ 17 ᠤ ᠡᠳᠦᠷ᠂ ᠰᠢᠯᠤᠭᠤᠨ ᠬᠥᠬᠡ ᠬᠤᠰᠢᠭᠤᠨ ᠤ ᠰᠠᠩ ᠤᠨ ᠲᠡᠯᠡᠶ ᠪᠠᠯᠭᠠᠰᠤᠨ ᠤ | ᠡᠷᠳᠡᠨᠢᠳᠠᠯᠠᠢ ᠭᠠᠴᠠᠭᠠᠨ ᠤ ᠡᠯᠡᠰᠦᠷᠬᠡᠭ ᠭᠠᠵᠠᠷ ᠢ ᠵᠠᠰᠠᠬᠤ ᠣᠷᠣᠨ ᠳᠤ᠂ ᠪᠤᠷᠭᠠᠰᠤ ᠪᠤᠭᠤᠳᠠᠯᠯᠠᠬᠤ ᠮᠠᠰᠢᠨ ᠪᠣᠳᠠ | ᠰᠥᠭᠡᠭ ᠤᠨ ᠳᠤᠮᠳᠠᠭᠤᠷ ᠰᠦᠯᠵᠢᠯᠳᠦᠵᠦ ᠠᠵᠢᠯᠴᠢᠳ ᠮᠠᠰᠢ ᠶᠠᠭᠠᠷᠠᠯᠳᠠᠢ ᠠᠵᠢᠯᠯᠠᠵᠤ ᠪᠠᠶᠢᠯ᠎ᠠ᠃ ᠰᠢᠷ᠎ᠠ ᠪᠤᠷᠭᠠᠰᠤ | ᠶᠢ ᠵᠠᠰᠠᠬᠤ ᠨᠢ ᠤᠷᠭᠤᠯᠳᠠ ᠶᠢ ᠰᠠᠶᠢᠵᠢᠷᠠᠭᠤᠯᠵᠤ᠂ ᠡᠯᠡᠰᠦ ᠵᠠᠰᠠᠬᠤ ᠬᠠᠯᠬᠠᠪᠴᠢ ᠶᠢᠨ ᠦᠶᠯᠡᠳᠦᠯ ᠢ ᠨᠠᠩ ᠰᠠᠶᠢᠲᠤᠷ | ᠪᠠᠳᠠᠷᠠᠭᠤᠯᠬᠤ ᠪᠠᠷ ᠪᠠᠷᠠᠬᠤ ᠦᠭᠡᠢ ᠵᠠᠰᠠᠭᠰᠠᠨ ᠬᠠᠭᠤᠴᠢᠨ ᠰᠠᠯᠠᠭ᠎ᠠ ᠶᠢ ᠳᠠᠬᠢᠨ ᠠᠰᠢᠭᠯᠠᠵᠤ ᠪᠤᠯᠬᠤ ᠶᠢ ᠪᠢᠳᠡ | ᠳᠡᠨᠳᠡᠬᠢ ᠠᠵᠢᠯᠴᠢᠳ ᠠᠴᠠ ᠤᠶᠢᠯᠠᠭᠠᠭᠰᠠᠨ ᠶᠤᠮ᠃ ᠠᠮᠢ ᠠᠬᠤᠢ ᠶᠢᠨ ᠵᠠᠰᠠᠯᠲᠠ ᠶᠢᠨ ᠳᠦᠷᠦᠯ ᠵᠦᠢᠯ ᠤᠨ | ᠲᠤᠭᠤᠷᠢᠭ ᠲᠤ᠂ ᠲᠤᠮᠤ ᠬᠡᠯᠪᠡᠷᠢ ᠶᠢᠨ ᠲᠷᠠᠺᠲ᠋ᠣᠷ ᠢᠶᠠᠷ ᠰᠤᠪᠠᠭ ᠮᠠᠯᠲᠠᠵᠤ᠂ ᠮᠠᠯᠳᠠᠭᠰᠠᠨ ᠰᠤᠪᠠᠭ ᠤᠨ ᠳᠠᠭᠠᠤ | ᠡᠯᠡᠰᠦ ᠶᠢ ᠲᠣᠭᠲᠠᠪᠤᠷᠢᠵᠢᠭᠤᠯᠬᠤ ᠬᠠᠯᠬᠠᠪᠴᠢ ᠰᠠᠭᠤᠯᠭᠠᠵᠤ ᠪᠠᠶᠢᠯ᠎ᠠ᠃ | ᠰᠢᠯᠤᠭᠤᠨ ᠬᠥᠬᠡ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶᠠᠨ ᠤ ᠳᠡᠳ᠋ ᠳᠠᠷᠤᠭ᠎ᠠ | ᠰᠤᠯᠤᠩᠭᠤᠸ᠎ᠠ᠄ ︽ᠲᠥᠷᠥᠯ ᠵᠦᠶᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ ᠪᠢᠳᠡ ᠣᠶᠢᠷ᠎ᠠ | ᠳᠤ 2000 ᠮᠥ ᠡᠯᠡᠰᠦ ᠶᠢ ᠲᠣᠭᠲᠠᠪᠤᠷᠢᠵᠢᠭᠤᠯᠬᠤ ᠢᠨᠵᠧᠨ᠋ᠷᠢᠩ ᠪᠠ 3000 ᠮᠥ ᠪᠤᠷᠭᠠᠰᠤ ᠵᠠᠰᠠᠬᠤ ᠠᠵᠢᠯ ᠢ | ᠡᠬᠢᠯᠡᠭᠦᠯᠦᠭᠰᠡᠨ᠃ ᠲᠦᠰᠦᠪᠯᠡᠬᠦ ᠪᠠᠷ 6 ᠰᠠᠷ᠎ᠠ ᠶᠢᠨ ᠰᠡᠭᠦᠯᠴᠢ ᠪᠠᠷ ᠳᠠᠭᠤᠰᠬᠠᠬᠤ ᠪᠣᠯᠤᠨ᠎ᠠ᠃ ᠡᠭᠦᠨ ᠤ ᠬᠠᠮᠲᠤ᠂ | ᠪᠢᠳᠡ ᠪᠠᠰᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠤᠯ ᠠᠶᠢᠮᠠᠭ ᠤᠨ ︽ᠥᠪᠥᠷ | ᠮᠣᠩᠭᠤᠯ ᠾᠧᠪᠧᠶ ᠶᠢᠨ ᠵᠠᠭᠠᠭ︾ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ | ᠲᠥᠷᠥᠯ ᠵᠦᠶᠯ ᠳᠤ ᠢᠳᠡᠪᠬᠢᠲᠡᠶ ᠪᠡᠯᠡᠳᠬᠡᠵᠦ᠂ ︽ᠰᠢᠯᠢ ᠶᠢᠨ ᠭᠤᠤᠯ ᠠᠶᠢᠮᠠᠭ ᠤᠨ ︿ᠤᠮᠠᠷᠠᠲᠤ ᠶᠢᠨ ᠭᠤᠷᠪᠠᠨ | ᠣᠷᠣᠨ﹀ ᠤ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ | ᠲᠤᠶᠢᠯᠪᠤᠷᠢᠳᠠᠢ ᠵᠠᠰᠠᠬᠤ ᠳᠠᠶᠢᠯᠠᠯᠳᠤᠭᠠᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠬᠡᠷᠡᠭᠵᠢᠭᠦᠯᠬᠦ | ᠵᠢᠯᠣᠭᠤᠳᠬᠤ ᠰᠠᠨᠠᠯ︾ ᠢ ᠴᠢᠩᠭ᠎ᠠ ᠵᠢᠷᠤᠮᠯᠠᠨ ᠠᠵᠢᠯ ᠢᠶᠠᠨ ᠡᠮᠬᠢ ᠴᠡᠭᠴᠡ ᠲᠠᠢ ᠦᠷᠨᠢᠬᠦᠯᠬᠦ ᠪᠠᠷ ᠴᠢᠷᠮᠠᠶᠢᠵᠦ ᠪᠤᠢ︾ | ᠭᠡᠯᠡ᠃ | ᠣᠳᠣᠬᠠᠨ ᠪᠣᠯᠲᠠᠯ᠎ᠠ᠂ ᠰᠢᠯᠤᠭᠤᠨ ᠬᠥᠬᠡ ᠬᠤᠰᠢᠭᠤᠨ ᠤ 2024 ᠣᠨ ᠤ ᠬᠤᠯᠠᠨ ᠰᠢᠷᠭ᠎ᠠ ᠲᠠᠭ᠎ᠠ ᠶᠢᠨ | ᠡᠯᠡᠰᠦᠷᠬᠡᠭ ᠭᠠᠵᠠᠷ ᠢ ᠲᠤᠶᠢᠯᠪᠤᠷᠢᠳᠠᠢ ᠵᠠᠰᠠᠬᠤ ᠳᠠᠶᠢᠯᠠᠯᠳᠤᠭᠠᠨ ᠤ ᠭᠤᠤᠯᠳᠠᠯᠭ᠎ᠠ ᠲᠠᠢ ᠢᠨᠵᠧᠨᠧᠷᠢᠩ ᠳᠤ ᠬᠤᠶᠠᠷ | ᠵᠦᠶᠯ ᠤᠨ ᠡᠭᠦᠷᠭᠡ ᠶᠢ ᠪᠠᠭᠳᠠᠭᠠᠵᠤ᠂ ᠲᠣᠰ ᠲᠣᠰ ᠥᠪᠡᠷᠲᠡᠭᠡᠨ ᠵᠠᠰᠠᠬᠤ ᠣᠷᠣᠨ ᠤ ᠣᠶᠢᠵᠢᠭᠤᠯᠵᠤ | ᠨᠣᠭᠤᠭᠠᠷᠠᠭᠤᠯᠬᠤ ᠲᠥᠷᠥᠯ ᠵᠦᠶᠯ ᠪᠠ 2023 ᠣᠨ ᠤ ᠥᠪᠥᠷ ᠮᠣᠩᠭᠤᠯ ᠤᠨ ᠵᠡᠭᠦᠨ ᠬᠡᠰᠡᠭ ᠤᠨ ᠨᠤᠲᠤᠭ | ᠪᠡᠯᠴᠢᠭᠡᠷ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ︵ᠨᠢᠭᠡᠳᠦᠭᠡᠷ ᠬᠤᠭᠤᠴᠠᠭ᠎ᠠ︶ ᠤᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠪᠠᠶᠢᠵᠤ᠂ ᠪᠦᠲᠦᠭᠡᠨ ᠪᠠᠶᠢᠭᠤᠯᠬᠤ ᠬᠡᠪᠴᠢᠶ᠎ᠠ ᠨᠢ 1.4 ᠲᠦᠮᠡᠨ | ᠮᠥ ᠪᠤᠯᠬᠤ ᠶᠤᠮ᠃ ᠬᠠᠪᠤᠷ ᠤᠨ ᠡᠬᠢ ᠪᠠᠷ ᠠᠵᠢᠯ ᠢᠶᠠᠨ ᠡᠬᠢᠯᠡᠭᠦᠯᠬᠦ ᠶᠢ ᠪᠠᠲᠤᠯᠠᠬᠤ ᠶᠢᠨ ᠲᠥᠯᠥᠭᠡ ᠮᠠᠨ ᠤ | ᠬᠤᠰᠢᠭᠤ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ︾ ᠬᠡᠯᠪᠡᠷᠢ ᠪᠠᠷ 2000 ᠮᠥ ᠢᠨᠵᠧᠨᠧᠷᠢᠩ ᠤᠨ | ᠡᠯᠡᠰᠦ ᠶᠢ ᠲᠣᠭᠲᠠᠪᠤᠷᠢᠵᠢᠭᠤᠯᠬᠤ ᠪᠠ 3000 ᠮᠥ ᠪᠤᠷᠭᠠᠰᠤ ᠵᠠᠰᠠᠬᠤ ᠲᠥᠷᠥᠯ ᠵᠦᠶᠯ ᠢ ᠨᠢᠭᠡᠨᠲᠡ ᠪᠥᠬᠦ ᠲᠠᠯ᠎ᠠ | ᠪᠠᠷ ᠡᠬᠢᠯᠡᠭᠦᠯᠦᠭᠰᠡᠨ ᠪᠠᠶᠢᠨ᠎ᠠ᠃ | ᠰᠢᠯᠤᠭᠤᠨ ᠬᠥᠬᠡ ᠬᠤᠰᠢᠭᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠥᠷᠥᠴᠡᠨ ᠳᠤ | ᠪᠠᠶᠢᠷᠢᠯᠠᠵᠤ᠂ ᠵᠢᠷᠭᠤᠳᠤᠭᠠᠷ ᠤᠳᠠᠭᠠᠨ ᠤ ᠪᠥᠬᠦ ᠤᠯᠤᠰ ᠤᠨ ᠴᠦᠯᠯᠡᠷᠭᠡᠭᠵᠢᠯ᠂ ᠡᠯᠡᠰᠦᠷᠬᠡᠭᠵᠢᠯ ᠤᠨ ᠪᠠᠶᠢᠴᠠᠭᠠᠯᠲᠠ | ᠶᠢᠨ ᠳ᠋ᠦᠩ ᠠᠴᠠ ᠦᠵᠡᠪᠡᠯ ᠰᠢᠯᠤᠭᠤᠨ ᠬᠥᠬᠡ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ | ᠤᠨ ᠲᠠᠯᠠᠪᠠᠶ 1278.3 ᠲᠦᠮᠡᠨ ᠮᠥ ᠪᠠᠶᠢᠵᠤ᠂ ᠪᠥᠬᠦ ᠬᠤᠰᠢᠭᠤᠨ ᠤ ᠶᠡᠷᠦᠩᠬᠡᠶ ᠲᠠᠯᠠᠪᠠᠶ ᠶᠢᠨ 83.7% ᠶᠢ | ᠡᠵᠡᠯᠡᠵᠦ ᠪᠤᠢ᠃ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ | ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ | ᠴᠣᠭᠴᠠᠯᠠᠬᠤ ᠶᠢᠨ ᠲᠥᠯᠥᠭᠡ᠂ ᠰᠢᠯᠤᠭᠤᠨ ᠬᠥᠬᠡ ᠬᠤᠰᠢᠭᠤ ᠬᠥᠮᠦᠨ ᠪᠠᠶᠢᠭᠠᠯᠢ ᠡᠶ᠎ᠡ ᠵᠤᠬᠢᠴᠠᠯ ᠲᠠᠢ ᠬᠠᠮᠲᠤ ᠪᠠᠷ | ᠣᠷᠣᠰᠢᠬᠤ ᠦᠨᠳᠦᠷᠴᠡ ᠠᠴᠠ ᠡᠷᠲᠡ ᠪᠠᠶᠢᠷᠢᠯᠠᠭᠤᠯᠵᠤ᠂ ᠡᠷᠲᠡ ᠨᠠᠶᠢᠳᠠᠪᠤᠷᠢᠵᠢᠭᠤᠯᠤᠨ᠂ ᠡᠷᠲᠡ ᠡᠬᠢᠯᠡᠭᠦᠯᠵᠦ᠂ ︽ | ᠮᠣᠩᠭᠤᠯ ᠮᠣᠷᠢᠨ ᠤ ᠵᠣᠷᠢᠭ ᠰᠠᠨᠠᠭ᠎ᠠ︾ ᠪᠣᠯᠤᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ | ᠦᠷᠭᠦᠯᠵᠢᠯᠡᠨ ᠪᠠᠳᠠᠷᠠᠭᠤᠯᠵᠤ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠬᠦ ᠬᠦᠴᠦᠨ ᠢᠶᠠᠷ ᠢᠶᠠᠨ | ᠪᠠᠶᠢᠭᠤᠯᠤᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠲᠥᠷᠥᠯ ᠵᠦᠶᠯ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠰᠡᠳᠬᠢᠯ ᠨᠢᠭᠡᠳᠦᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ | ᠲᠤᠶᠢᠯᠪᠤᠷᠢᠳᠠᠢ ᠵᠠᠰᠠᠬᠤ ᠳᠠᠶᠢᠯᠠᠯᠳᠤᠭᠠᠨ ᠤ ᠢᠯᠠᠯᠳᠠ ᠶᠢ ᠤᠯᠬᠤ ᠪᠠᠷ ᠴᠢᠷᠮᠠᠶᠢᠵᠦ ᠪᠤᠢ᠃ | | | | | | | | | | | |