ᠰᠢᠯᠤᠭᠤᠨ ᠬᠥᠬᠡ ᠬᠤᠰᠢᠭᠤᠨ ᠤ ᠤᠯᠠᠭᠠᠨᠮᠥ᠋ᠴᠢᠷ ᠳᠠᠭᠤᠤ ᠪᠥᠵᠢᠭ ᠤᠨ ᠬᠠᠪᠤᠷ ᠤᠨ ᠤᠯᠠᠷᠢᠯ ᠤᠨ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠤᠨ ᠬᠠᠷᠢᠭᠤ ᠮᠡᠳᠡᠭᠦᠯᠦᠯᠲᠡ ᠬᠢᠯ᠎ᠡ
ᠨᠡᠶᠢᠲᠡᠯᠡᠭᠰᠡᠨ ᠴᠠᠭ᠄
2024/3/19
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠤᠨ ᠦᠶᠯᠡᠰ ᠤᠨ ᠬᠥᠭᠵᠢᠯᠲᠡ ᠶᠢᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠠᠭᠠᠨᠮᠥ᠋ᠴᠢᠷ ᠤᠨ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 18᠎ ᠤ ᠡᠳᠦᠷ ᠰᠢᠯᠤᠭᠤᠨ ᠬᠥᠬᠡ ᠬᠤᠰᠢᠭᠤᠨ ᠤ ᠤᠯᠠᠭᠠᠨᠮᠥ᠋ᠴᠢᠷ 2024 ᠣᠨ ᠤ ᠬᠠᠪᠤᠷ ᠤᠨ ᠤᠯᠠᠷᠢᠯ ᠤᠨ ᠳᠠᠭᠤᠤ ᠪᠥᠵᠢᠭ ᠤᠨ ᠪᠣᠯᠪᠠᠰᠤᠷᠠᠯ ᠤᠨ ᠬᠠᠷᠢᠭᠤ ᠮᠡᠳᠡᠬᠦᠯᠦᠯᠳᠡ ᠬᠢᠯ᠎ᠡ᠃       ᠣᠶᠢᠯᠠᠭᠠᠭᠰᠠᠨ ᠢᠶᠠᠷ᠂ ᠲᠣᠰ ᠤᠳᠠᠭᠠᠨ ᠤ ᠪᠣᠯᠪᠠᠰᠤᠷᠠᠯ ᠳᠤ ᠥᠪᠥᠷ ᠮᠣᠩᠭᠤᠯ ᠤᠨ ᠤᠷᠠᠯᠢᠭ ᠵᠦᠴᠦᠭᠡ ᠎ ᠶᠢᠨ ᠬᠦᠷᠢᠶᠡᠯᠡᠩ ᠤᠨ ᠳᠠᠭᠤᠤ ᠪᠥᠵᠢᠭ ᠤᠨ ᠪᠦᠯᠬᠦᠮ ᠤᠨ ᠵᠠᠯᠠᠭᠤ ᠳᠠᠭᠤᠴᠢᠨ ᠮᠦᠩᠭᠦᠨᠬᠤᠸᠠᠷ᠂ ᠤᠯᠠᠭᠠᠨᠮᠥ᠋ᠴᠢᠷ ᠎ ᠤᠨ ᠪᠥᠵᠢᠭ ᠨᠠᠶᠢᠷᠠᠭᠤᠯᠤᠨ ᠤᠳᠤᠷᠢᠳᠤᠭᠠᠴᠢ ᠬᠦᠪᠴᠢᠨ ᠢ ᠤᠷᠢᠵᠤ᠂ 15 ᠡᠳᠦᠷ ᠤᠨ ᠬᠤᠭᠤᠴᠠᠭ᠎ᠠ ᠲᠠᠢ ᠲᠤᠰᠬᠠᠶ ᠮᠡᠷᠭᠡᠵᠢᠯ ᠤᠨ ᠴᠢᠩᠭᠠᠳᠬᠠᠬᠤ ᠪᠤᠯᠪᠠᠰᠤᠷᠠᠯ ᠡᠷᠬᠢᠯᠡᠵᠦ᠂ ᠲᠤᠭᠯᠠᠭᠴᠢᠳ ᠤᠨ ᠳᠠᠭᠤᠤ ᠪᠦᠵᠢᠭ ᠨᠠᠶᠢᠷᠠᠭᠤᠯᠬᠤ ᠵᠢᠴᠢ ᠲᠣᠭᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠪᠠᠶᠢᠨ᠎ᠠ᠃      ᠪᠣᠯᠪᠠᠰᠤᠷᠠᠯ ᠤᠨ ᠬᠤᠭᠤᠴᠠᠭᠠᠨ ᠳᠤ᠂ ᠤᠯᠠᠨ ᠢᠶᠠᠷ ᠢᠶᠠᠨ ᠰᠤᠷᠬᠤ ᠪᠠ ᠬᠡᠷᠡᠭᠯᠡᠬᠦ ᠶᠢ ᠤᠶᠠᠯᠳᠤᠭᠤᠯᠬᠤ ᠶᠢ ᠪᠠᠷᠢᠮᠲᠠᠯᠠᠨ᠂ ᠲᠠᠰᠤᠷᠠᠯᠲᠠ ᠥᠬᠡᠶ ᠥᠪᠡᠷ ᠢ ᠪᠠᠨ ᠳᠡᠭᠦᠯᠳᠡᠷᠵᠢᠬᠦᠯᠵᠦ᠂ ᠪᠥᠬᠦ ᠵᠢᠯ ᠤᠨ ᠲᠣᠭᠯᠠᠯᠲᠠ᠂ ᠵᠣᠬᠢᠶᠠᠨ ᠪᠦᠲᠦᠭᠡᠯᠭᠡ ᠶᠢ ᠠᠬᠢᠭᠤᠯᠬᠤ ᠳᠤ ᠰᠠᠶᠢᠨ ᠰᠠᠭᠤᠷᠢ ᠲᠠᠯᠪᠢᠭᠰᠠᠨ ᠢᠶᠠᠷ ᠪᠠᠷᠠᠬᠤ ᠥᠬᠡᠶ᠂ ᠰᠢᠯᠤᠭᠤᠨ ᠬᠥᠬᠡ ᠬᠤᠰᠢᠭᠤᠨ ᠤ ᠤᠯᠠᠭᠠᠨᠮᠥ᠋ᠴᠢᠷ ᠤᠨ ᠲᠣᠭᠯᠠᠭᠴᠢᠳ ᠤᠨ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠵᠦ᠂ ᠤᠯᠠᠭᠠᠨᠮᠥ᠋ᠴᠢᠷ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠤᠭᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号