ᠰᠢᠯᠤᠭᠤᠨ ᠬᠥᠬᠡ ᠬᠤᠰᠢᠭᠤ ᠰᠠᠯᠠᠭᠠᠨ ᠲᠡᠰ ᠤᠨ ᠤᠳᠤᠷᠢᠳᠬᠤ ᠺᠠᠳ᠋ᠷ ᠤᠨ ᠤᠯᠤᠰ ᠲᠥᠷᠥ ᠶᠢᠨ ᠴᠢᠳᠠᠪᠤᠷᠢ ᠎ ᠶᠢ ᠳᠡᠭᠡᠭᠰᠢᠯᠡᠭᠦᠯᠬᠦ ᠲᠤᠰᠬᠠᠶ ᠰᠡᠳᠦᠪᠲᠦ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/3/19
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ᠂ ᠳᠤᠮᠳᠠᠳᠤ ᠶᠢᠨ   ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠢ ᠡᠯ᠎ᠡ ᠵᠦᠶᠯ ᠤᠨ ᠠᠵᠢᠯ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠳᠤᠷᠢᠳᠬᠤ ᠺᠠᠳ᠋ᠷ ᠤᠨ ᠤᠯᠤᠰ ᠲᠥᠷᠥ ᠶᠢᠨ ᠬᠡᠪ ᠴᠢᠨᠠᠷ ᠪᠠ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ 3 ᠰᠠᠷ᠎ᠠ ᠶᠢᠨ 18᠎ ᠤ ᠡᠳᠦᠷ ᠰᠢᠯᠤᠭᠤᠨ ᠬᠦᠭᠡ ᠬᠤᠰᠢᠭᠤ ᠰᠠᠯᠠᠭᠠᠨ ᠲᠠᠰ ᠤᠨ ᠤᠳᠤᠷᠢᠳᠬᠤ ᠺᠠᠳ᠋ᠷ ᠤᠨ ᠤᠯᠤᠰ ᠲᠥᠷᠥ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠤᠯᠪᠠᠰᠤᠷᠠᠯ ᠡᠷᠬᠢᠯᠡᠯ᠎ᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠬᠠᠨ ᠹᠧᠨ ᠡᠬᠢᠯᠡᠯᠳᠡ ᠶᠢᠨ ᠶᠣᠰᠣᠯᠠᠯ ᠳᠤ ᠣᠷᠣᠯᠴᠠᠵᠤ ᠶᠠᠷᠢᠶ᠎ᠠ ᠳᠠᠯᠪᠢᠭᠰᠠᠨ ᠪᠠᠶᠢᠨ᠎ᠠ᠃       ᠪᠤᠯᠪᠠᠰᠤᠷᠠᠯ ᠢᠶᠠᠷ᠂ ᠣᠨᠣᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠵᠤ ᠪᠣᠳᠠᠲᠠᠶᠢᠵᠢᠭᠤᠯᠬᠤ ᠶᠢ ᠤᠯᠤᠰ ᠲᠥᠷᠥ ᠶᠢᠨ ᠵᠠᠪᠠᠯ ᠰᠤᠷᠬᠤ ᠬᠢᠴᠢᠶᠡᠯ ᠪᠣᠯᠭᠠᠵᠤ᠂ ᠨᠠᠮᠴᠢ ᠴᠢᠨᠠᠷ ᠤᠨ ᠪᠣᠯᠪᠠᠰᠤᠷᠠᠯ ᠪᠠ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠤᠯᠤᠰ ᠲᠥᠷᠥ ᠶᠢᠨ ᠵᠣᠭᠰᠣᠯᠲᠠ ᠪᠠᠨ ᠪᠠᠳᠤᠳᠬᠠᠨ᠂ ᠦᠵᠡᠯ ᠰᠠᠨᠠᠭ᠎ᠠ ᠦᠢᠯᠡ ᠠᠵᠢᠯᠯᠠᠭ᠎ᠠ ᠶᠢᠨ ᠲᠠᠯ᠎ᠠ ᠪᠠᠷ ᠳᠠᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠪᠦᠬᠦ ᠨᠠᠮ ᠤᠨ ᠭᠡᠰᠢᠭᠦᠨ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠪᠠᠷ ᠭᠤᠣᠯᠳᠠᠭᠤᠯᠵᠤ᠂ ︽ᠵᠢᠷᠭᠤᠭᠠᠨ ᠢᠨᠵᠧᠨᠧᠷᠢᠩ︾᠎ ᠤᠨ ᠬᠡᠷᠡᠭᠵᠢᠭᠦᠯᠦᠯᠲᠡ ᠶᠢ ᠠᠬᠢᠭᠤᠯᠤᠨ᠂ ᠣᠨ ᠤ ᠬᠠᠷᠠᠯᠲᠠ ᠡᠭᠦᠷᠭᠡ ᠳᠤ ᠠᠩᠬᠠᠷᠤᠯ ᠎ ᠢᠶᠠᠨ ᠲᠥᠪᠯᠡᠷᠡᠭᠦᠯᠵᠦ᠂ ᠬᠥᠭᠵᠢᠯᠲᠡ ᠶᠢ ᠡᠷᠢᠯᠬᠢᠯᠡᠬᠦ᠂ ᠬᠥᠭᠵᠢᠯᠲᠡ ᠶᠢ ᠠᠬᠢᠭᠤᠯᠬᠤ ᠴᠢᠳᠠᠪᠤᠷᠢ ᠪᠠᠨ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠮᠤᠷ ᠲᠦᠪᠰᠢᠨ ᠲᠣᠭᠲᠠᠭᠤᠨ ᠎ ᠢ ᠬᠠᠮᠠᠭᠠᠯᠠᠬᠤ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠳᠤᠮᠳᠠ ᠢᠳᠡᠪᠬᠢᠲᠡᠢ ᠬᠠᠷᠢᠭᠤᠴᠠᠯᠭ᠎ᠠ ᠡᠭᠦᠷᠭᠡᠯᠡᠨ ᠵᠣᠷᠢᠭᠲᠠᠢ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃      ᠪᠣᠯᠪᠠᠰᠤᠷᠠᠯ ᠠᠴᠠ᠂ ᠪᠦᠬᠦ ᠨᠠᠮ ᠤᠨ ᠭᠡᠰᠢᠭᠦᠨ ᠤᠳᠤᠷᠢᠳᠬᠤ ᠺᠠᠳ᠋ᠷ ᠲᠦᠷᠦᠭᠦᠯᠡᠨ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠠᠶᠢᠲᠤᠷ ᠪᠠᠬᠢᠵᠢᠬᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠬᠤ ᠬᠡᠷᠡᠭᠲᠡᠶ᠂ ᠢᠯᠠᠩᠭᠤᠶ᠎ᠠ ᠨᠠᠮ ᠤᠨ ᠪᠠᠶᠢᠭᠤᠯᠤᠯᠲᠠ᠂ ᠦᠨᠳᠦᠰᠦᠲᠡᠨ ᠤ ᠠᠵᠢᠯ᠂ ᠥᠪᠥᠷ ᠮᠣᠩᠭᠤᠯ ᠎ ᠤᠨ ᠲᠤᠬᠠᠢ ᠱᠠᠭᠠᠷᠳᠠᠯᠭ᠎ᠠ ᠵᠢᠭᠠᠪᠤᠷᠢ ᠶᠢ ᠰᠠᠶᠢᠳᠤᠷ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠤᠶᠢᠯᠠᠭᠠᠨ᠂ ᠤᠭ ᠵᠣᠬᠢᠶᠠᠯ ᠢ ᠤᠩᠰᠢᠵᠤ ᠤᠭ ᠶᠣᠰᠣ ᠶᠢ ᠨᠢ ᠤᠶᠢᠯᠠᠭᠠᠨ᠂ ᠲᠡᠭᠦᠨ ᠳᠤ ᠠᠭᠤᠯᠤᠭᠳᠠᠵᠤ ᠪᠠᠶᠭ᠎ᠠ ᠰᠢᠨᠵᠢᠯᠡᠬᠦ ᠤᠬᠠᠭᠠᠨᠴᠢ ᠲᠤᠭᠳᠠᠯᠴᠠᠭ᠎ᠠ᠂ ᠴᠢᠬᠤᠯᠠ ᠠᠭᠤᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠬᠦᠨᠵᠡᠭᠡᠢ ᠤᠬᠠᠵᠤ᠂ ᠤᠬᠠᠮᠰᠠᠷ ᠲᠠᠢ ᠎ ᠪᠠᠷ ᠥᠪᠡᠷᠳᠡᠭᠡᠨ ᠰᠤᠷᠤᠯᠴᠠᠬᠤ᠂ ᠴᠠᠭ ᠲᠤᠬᠠᠶ ᠳᠤᠨᠢ ᠳᠠᠭᠠᠵᠤ ᠰᠤᠷᠤᠯᠴᠠᠬᠤ ᠶᠢ ᠪᠠᠳᠤᠯᠠᠨ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠲᠤᠬᠠᠶᠢᠯᠠᠭᠰᠠᠨ ᠠᠵᠢᠯ ᠢᠶᠠᠨ ᠦᠨᠡᠨ ᠬᠦ ᠰᠠᠶᠢᠲᠤᠷ ᠬᠢᠬᠦ ᠲᠦᠯᠬᠢᠴᠡ ᠬᠦᠴᠦᠨ ᠪᠣᠯᠭᠠᠨ ᠬᠤᠪᠢᠷᠠᠭᠤᠯᠵᠤ᠂ ᠰᠢᠯᠤᠭᠤᠨ ᠬᠥᠬᠡ ᠬᠤᠰᠢᠭᠤᠨ ᠤ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠳᠡᠢ ᠭᠡᠵᠦ ᠱᠠᠭᠠᠷᠳᠠᠭᠰᠠᠨ ᠪᠠᠶᠢᠨ᠎ᠠ᠃     ᠪᠣᠯᠪᠠᠰᠤᠷᠠᠯ ᠢᠶᠠᠷ ᠪᠡᠭᠡᠵᠢᠩ ᠬᠤᠲᠠ ᠶᠢᠨ ᠳ᠋ᠠ ᠰᠢᠩ ᠲᠣᠭᠤᠷᠢᠭ ᠤᠨ ᠨᠠᠮ ᠤᠨ ᠰᠤᠷᠭᠠᠭᠤᠯᠢ ᠶᠢᠨ ᠨᠠᠮ ᠤᠨ ᠬᠤᠷᠢᠶᠠᠨ ᠤ ᠭᠡᠰᠢᠭᠦᠨ᠂ ᠫᠷᠤᠹᠧᠰᠰᠤᠷ ᠵᠧᠩ ᠴᠢ ᠮᠧᠩ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠵᠢᠯᠣᠭᠤᠳᠬᠤ︾ ᠲᠤᠰᠬᠠᠶ ᠰᠡᠳᠦᠪᠲᠦ ᠲᠠᠶᠢᠯᠤᠮᠵᠢ ᠬᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠭᠤᠤᠯᠯᠠᠭᠤᠯᠤᠨ᠂ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠬᠤᠶ ᠪᠠᠶᠢᠳᠠᠯ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ᠂ ᠨᠥᠬᠦᠴᠡᠯ ᠤᠨ ᠪᠠᠲᠤᠯᠠᠭ᠎ᠠ ᠵᠡᠷᠭᠡ ᠭᠤᠷᠪᠠᠨ ᠲᠠᠯ᠎ᠠ ᠠᠴᠠ ᠵᠠᠳᠠᠯᠤᠯᠳᠠ ᠬᠢᠵᠦ᠂ ᠤᠯᠠᠨ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠯᠤᠭᠳᠠᠬᠤᠨ ᠪᠣᠯᠤᠨ ᠴᠢᠬᠤᠯᠠ ᠠᠭᠤᠯᠭ᠎ᠠ ᠶᠢ ᠭᠦᠨᠵᠡᠭᠡᠢ ᠤᠢᠢᠯᠠᠭᠠᠭᠤᠯᠵᠠᠢ᠃     ᠪᠣᠯᠪᠠᠰᠤᠷᠠᠯ ᠨᠢ 5 ᠡᠳᠦᠷ ᠤᠨ ᠬᠤᠭᠤᠴᠠᠭ᠎ᠠ ᠲᠠᠢ ᠶᠠᠪᠤᠭᠳᠠᠬᠤ ᠪᠠᠷ ᠪᠠᠶᠢᠵᠦ᠂ ᠥᠪᠡᠷᠲᠡᠭᠡᠨ ᠵᠠᠰᠠᠬᠤ ᠣᠷᠣᠨ ᠤ ᠨᠢᠭᠡᠳᠦᠮᠡᠯ ᠹᠷᠣᠨᠲ ᠤᠨ ᠬᠡᠯᠲᠡᠰ ᠤᠨ ᠦᠨᠳᠦᠰᠦᠲᠡᠨ ᠤ ᠶᠡᠷᠦᠩᠬᠡᠶᠢᠯᠡᠭᠰᠡᠨ ᠭᠠᠵᠠᠷ ᠤᠨ ᠳᠠᠷᠤᠭ᠎ᠠ ᠶᠠᠨ ᠱᠤᠸᠠᠩ᠂ ᠪᠡᠭᠡᠵᠢᠩ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠪᠡᠭᠡᠵᠢᠩ ᠬᠤᠳᠠ ᠶᠢᠨ ᠳ᠋ᠠ ᠰᠢᠩ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠲᠤᠯᠤᠨ ᠨᠠᠭᠤᠷ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠰᠢᠯᠤᠭᠤᠨ ᠬᠦᠬᠡ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠨᠠᠷ ᠠᠴᠠ ᠲᠤᠰ ᠲᠤᠰ ᠲᠤᠰᠬᠠᠢ ᠰᠡᠳᠦᠪᠳᠤ ᠳᠠᠶᠢᠯᠤᠮᠵᠢ ᠬᠢᠬᠦ ᠪᠤᠯᠤᠨ᠎ᠠ᠃       ᠪᠣᠯᠪᠠᠰᠤᠷᠠᠯ ᠢ ᠲᠤᠰᠬᠠᠶ ᠰᠡᠳᠦᠪᠲᠦ ᠲᠠᠶᠢᠯᠤᠮᠵᠢ ᠵᠢᠴᠢ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠬᠡᠯᠪᠡᠷᠢ ᠪᠠᠷ ᠶᠠᠪᠤᠭᠳᠠᠭᠤᠯᠵᠤ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠠᠬᠢ ᠭᠤᠤᠯ ᠬᠤᠷᠠᠯ ᠎ ᠤᠨ ᠲᠠᠯᠠᠪᠠᠶ ᠳᠤ 80 ᠭᠠᠷᠤᠶ ᠵᠢᠩᠬᠢᠨᠢ ᠰᠠᠯᠠᠭᠠᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷᠴᠤᠳ ᠤᠷᠤᠯᠴᠠᠵᠤ᠂ ᠡᠯ᠎ᠡ ᠰᠤᠮᠤ ᠪᠠᠯᠭᠠᠰᠤ ︵ᠲᠠᠯᠠᠪᠠᠶ︶᠂ ᠬᠤᠰᠢᠭᠤ ᠰᠢᠭᠤᠳ ᠬᠠᠷᠢᠶ᠎ᠠ ᠨᠢᠭᠡᠴᠡ ᠶᠢᠨ ᠪᠤᠰᠤᠳ ᠳᠡᠳ᠋ ᠰᠠᠯᠠᠭᠠᠨ ᠲᠠᠰ ᠎ ᠠᠴᠠ ᠳᠡᠭᠡᠭᠰᠢᠬᠢ ᠤᠳᠤᠷᠢᠳᠬᠤ  ᠺᠠᠳᠠᠷᠴᠤᠳ ᠰᠦᠯᠵᠢᠶᠡᠨ ᠳᠡᠭᠡᠷ᠎ᠡ ᠪᠣᠯᠪᠠᠰᠤᠷᠠᠯ ᠳᠤ ᠤᠷᠤᠯᠴᠠᠵᠠᠢ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号