ᠦᠨᠡᠨᠴᠢ ᠢᠲᠡᠭᠡᠮᠵᠢᠲᠡᠶ ᠠᠵᠤ ᠠᠬᠤᠶᠢᠯᠠᠯ ᠤᠨ ᠲᠦᠯᠦᠭᠡᠯᠡᠭᠴᠢ — ᠰᠢᠯᠤᠭᠤᠨ ᠬᠦᠭᠡ ᠬᠤᠰᠢᠭᠤᠨ ᠤ ᠮᠤᠩᠭᠤᠯ ᠭᠡᠷ ᠤᠨ ᠦᠢᠯᠡᠳᠪᠦᠷᠢ
ᠨᠡᠶᠢᠲᠡᠯᠡᠭᠰᠡᠨ ᠴᠠᠭ᠄
2024/3/19
     ᠦᠨᠡᠨᠴᠢ ᠢᠳᠡᠭᠡᠮᠵᠢᠳᠡᠢ ᠪᠠᠶᠢᠬᠤ ᠪᠣᠯ ᠨᠢᠭᠡ ᠠᠵᠤ ᠠᠬᠤᠶᠢᠯᠠᠯ ᠤᠨ ᠠᠮᠢᠨ ᠰᠦᠨᠡᠰᠦ ᠪᠦᠭᠡᠳ ᠤᠷᠳᠤ ᠬᠤᠭᠤᠴᠠᠭᠠᠨ ᠤ ᠬᠦᠭᠵᠢᠯᠳᠡ ᠶᠢᠨ ᠰᠠᠭᠤᠷᠢ ᠮᠥᠨ᠃ ᠰᠢᠯᠤᠭᠤᠨ ᠬᠥᠬᠡ ᠬᠤᠰᠢᠭᠤᠨ ᠤ ᠮᠣᠩᠭᠤᠯ ᠬᠡᠷ ᠤᠨ ᠦᠶᠯᠡᠳᠪᠦᠷᠢ ᠪᠣᠯ 60 ᠵᠢᠯ ᠤᠨ ᠡᠵᠡᠩᠨᠡᠯᠳᠡ ᠶᠢᠨ ᠲᠡᠦᠬᠡ ᠲᠠᠢ ᠦᠨᠳᠦᠰᠦᠲᠡᠨ ᠤ ᠬᠡᠷᠡᠭᠰᠡᠯ ᠦᠢᠯᠡᠳᠪᠦᠷᠢᠯᠡᠬᠦ ᠠᠵᠤ ᠠᠬᠤᠶᠢᠯᠠᠯ ᠪᠠᠶᠢᠵᠦ᠂ ︽ᠴᠢᠨᠠᠷ ᠰᠠᠶᠢᠲᠠᠶ᠂ ᠦᠨᠡᠨᠴᠢ ᠢᠲᠡᠭᠡᠮᠵᠢᠲᠡᠶ︾ ᠪᠠᠶᠢᠬᠤ ᠡᠵᠡᠩᠨᠡᠯᠲᠡ ᠶᠢᠨ ᠣᠶᠢᠯᠠᠭᠠᠭᠳᠠᠬᠤᠨ ᠢ ᠢᠮᠠᠭᠲᠠ ᠪᠠᠷᠢᠮᠳᠠᠯᠠᠨ᠂ ᠲᠠᠰᠤᠷᠠᠯᠲᠠ ᠥᠬᠡᠶ ᠰᠢᠨ᠎ᠡ ᠶᠢ ᠡᠭᠦᠳᠦᠨ ᠤᠷᠤᠭᠰᠢᠯᠠᠨ ᠳᠡᠪᠰᠢᠵᠦ᠂ ᠴᠠᠭ ᠦᠶ᠎ᠡ ᠶᠢᠨ ᠬᠡᠷᠡᠭᠴᠡᠭᠡ ᠳᠤ ᠵᠤᠬᠢᠴᠠᠭᠤᠯᠤᠨ ᠡᠵᠡᠩᠨᠡᠯᠲᠡ ᠶᠢᠨ ᠵᠠᠭᠪᠤᠷ ᠢᠶᠠᠨ ᠬᠤᠪᠢᠷᠠᠭᠤᠯᠵᠤ᠂ ᠮᠣᠩᠭᠤᠯ ᠬᠡᠷ  ᠤᠨ ᠠᠵᠤ ᠦᠶᠯᠡᠰ ᠤᠨ ᠬᠦᠭᠵᠢᠯᠳᠡ ᠶᠢ ᠠᠬᠢᠭᠤᠯᠤᠭᠰᠠᠨ ᠪᠠᠶᠢᠨ᠎ᠠ᠃     ᠰᠢᠯᠤᠭᠤᠨ ᠬᠥᠬᠡ ᠬᠤᠰᠢᠭᠤᠨ ᠤ ᠮᠣᠩᠭᠤᠯ ᠭᠡᠷ ᠤᠨ ᠦᠶᠯᠡᠳᠪᠦᠷᠢ ᠪᠠᠷ ᠬᠦᠷᠬᠦ ᠳᠤ᠂ ᠡᠯ᠎ᠡ ᠦᠶᠯᠡᠳᠪᠦᠷᠢ  ᠶᠢᠨ ᠳᠠᠰᠤᠭ ᠲᠤ ᠠᠵᠢᠯᠲᠠᠳ ᠤᠭᠠᠯᠵᠠ ᠰᠡᠶᠢᠯᠬᠦ᠂ ᠦᠷᠦᠬᠦ᠂ ᠰᠢᠷᠳᠡᠭᠦ᠂ ᠬᠠᠳᠠᠭᠠᠬᠤ ᠵᠡᠷᠭᠡ ᠪᠠᠷ ᠲᠤᠰ ᠲᠤᠰ ᠤᠨ ᠬᠤᠪᠢᠳᠠᠭᠰᠠᠨ ᠠᠵᠢᠯ ᠢᠶᠠᠨ ᠡᠮᠬᠢ ᠴᠡᠭᠴᠡ ᠲᠠᠢ ᠬᠢᠵᠡᠭᠡᠵᠦ ᠪᠠᠶᠢᠯ᠎ᠠ᠃ ᠠᠵᠢᠯᠴᠢᠳ ᠤᠨ ᠬᠢᠵᠦ ᠭᠠᠷᠭᠠᠭᠰᠠᠨ ᠮᠣᠩᠭᠤᠯ ᠭᠡᠷ ᠤᠨ ᠡᠯ᠎ᠡ ᠬᠡᠰᠡᠭ ᠤᠨ ᠲᠤᠨᠤᠭ ᠨᠢ ᠬᠢᠴᠡ ᠨᠠᠷᠢᠯᠢᠭ᠂ ᠦᠩᠭᠡ ᠪᠤᠳᠤᠭ ᠵᠤᠬᠢᠴᠠᠯ ᠲᠠᠢ᠂ ᠡᠷᠲᠡᠨ ᠤ ᠮᠣᠩᠭᠤᠯ ᠭᠡᠷ ᠤᠨ ᠬᠡᠪ ᠨᠠᠮᠪᠠ ᠶᠢ ᠬᠠᠳᠠᠭᠠᠯᠠᠭᠰᠠᠨ ᠰᠠᠭᠤᠷᠢᠨ ᠳᠡᠭᠡᠷ᠎ᠡ ᠰᠢᠨ᠎ᠡ ᠶᠢ ᠡᠭᠦᠳᠦᠭᠰᠡᠨ ᠢᠶᠠᠷ ᠢᠶᠠᠨ ᠤᠨᠴᠠᠯᠢᠭᠳᠠᠵᠤ ᠪᠠᠶᠢᠳᠠᠭ᠃      ᠰᠢᠯᠤᠭᠤᠨ ᠬᠥᠬᠡ ᠬᠤᠰᠢᠭᠤᠨ ᠤ ᠮᠣᠩᠭᠤᠯ ᠭᠡᠷ ᠤᠨ ᠦᠢᠯᠡᠳᠪᠦᠷᠢ 1962 ᠣᠨ ᠳᠤ ᠪᠠᠶᠢᠭᠤᠯᠤᠭᠳᠠᠵᠤ᠂ ᠨᠡᠶᠢᠳᠡ 14000 ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠃ ᠤᠷᠳᠤ ᠬᠤᠭᠤᠴᠠᠭᠠᠨ ᠤ ᠲᠤᠷᠰᠢ᠂ ᠲᠤᠰ ᠦᠢᠯᠡᠳᠪᠦᠷᠢ ᠨᠢ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂  ᠰᠢᠨ᠎ᠡ ᠤᠷ᠎ᠠ ᠮᠡᠷᠭᠡᠵᠢᠯ ᠢ ᠲᠠᠰᠤᠷᠠᠯᠲᠠ ᠦᠭᠡᠢ ᠢ ᠰᠦᠪᠡᠭᠴᠢᠯᠡᠨ᠂ ᠤᠷᠢᠳ ᠬᠤᠵᠢᠳ ᠳ᠋ᠢᠶᠠᠮᠧᠲᠷ ᠨᠢ 3 -40 ᠮᠧᠲᠷ᠂ 36 ᠲᠦᠷᠦᠯ ᠤᠨ ᠠᠳᠠᠯᠢ ᠪᠤᠰᠤ ᠮᠤᠩᠭᠤᠯ ᠭᠡᠷ ᠢ ᠰᠤᠳᠤᠯᠤᠨ ᠦᠢᠯᠡᠳᠪᠦᠷᠢᠯᠡᠭᠰᠡᠨ ᠪᠠᠶᠢᠨ᠎ᠠ᠃ ᠬᠢᠵᠦ ᠭᠠᠷᠭᠠᠭᠰᠠᠨ ᠮᠣᠩᠭᠤᠯ ᠭᠡᠷ ᠨᠢ ᠮᠤᠳᠤ ᠪᠠᠷ ᠭᠤᠤᠯᠳᠠᠵᠤ ᠪᠠᠶᠢᠳᠠᠭ ᠠᠴᠠ ᠬᠡᠷᠡᠭᠯᠡᠬᠦ ᠳᠤ ᠪᠠᠬᠢᠯᠢᠭ᠌᠂ ᠪᠠᠭᠤᠯᠭᠠᠵᠤ ᠤᠭᠰᠠᠷᠠᠬᠤ ᠳᠤ ᠲᠦᠭᠦᠮ᠂ ᠦᠵᠡᠬᠦ ᠳᠤ ᠭᠤᠶᠣᠮᠰᠤᠭ ᠵᠡᠷᠭᠡ ᠣᠨᠴᠠᠯᠢᠭ ᠲᠠᠢ ᠪᠠᠶᠢᠵᠦ᠂ ᠤᠯᠠᠮᠵᠢᠯᠠᠯᠲᠤ ᠰᠣᠶᠣᠯ ᠤᠨ ᠣᠨᠴᠠᠯᠢᠭ ᠢ ᠬᠠᠳᠠᠭᠠᠯᠠᠭᠰᠠᠨ ᠮᠣᠩᠭᠤᠯ ᠬᠡᠷ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠬᠡᠷᠡᠭᠯᠡᠭᠴᠢᠳ ᠤᠨ ᠰᠠᠶᠢᠨ ᠦᠨᠡᠯᠡᠯᠲᠡ ᠶᠢ ᠣᠯᠵᠤ᠂ ᠪᠡᠭᠡᠵᠢᠩ᠂ ᠱᠠᠩᠬᠠᠶ᠂ ᠰᠢᠶᠠᠩᠭᠠᠩ᠂ ᠬᠠᠶᠢᠨᠠᠨ ᠵᠡᠷᠭᠡ ᠬᠤᠲᠠ ᠪᠠ ᠭᠠᠵᠠᠷ ᠣᠷᠣᠨ ᠳᠤ ᠪᠤᠷᠤᠯᠠᠭᠤᠯᠤᠭᠳᠠᠭᠰᠠᠨ ᠪᠠᠶᠢᠨ᠎ᠠ᠃     ᠰᠢᠯᠤᠭᠤᠨ ᠬᠥᠬᠡ ᠬᠤᠰᠢᠭᠤᠨ ᠤ ᠮᠣᠩᠭᠤᠯ ᠬᠡᠷ ᠤᠨ ᠦᠶᠯᠡᠳᠪᠦᠷᠢ ᠶᠢᠨ ᠬᠠᠷᠢᠭᠤᠴᠠᠯᠭᠠᠳᠠᠨ ᠶᠠᠩ ᠴᠢ ᠮᠢᠩ ᠬᠡᠯᠡᠬᠦ ᠳᠡᠭᠡᠨ᠄ ︽ᠣᠶᠢᠷ᠎ᠠ ᠳᠤ ᠮᠠᠨ ᠤ ᠦᠶᠯᠡᠳᠪᠦᠷᠢ ᠮᠠᠰᠢ ᠣᠯᠠᠨ ᠵᠠᠬᠢᠶᠠᠯᠠᠭ᠎ᠠ ᠲᠤᠰᠤᠭᠰᠠᠨ ᠪᠤᠯᠬᠤᠷ ᠴᠠᠭ ᠨᠡᠮᠡᠨ ᠠᠵᠢᠯᠯᠠᠵᠤ ᠪᠠᠶᠢᠨ᠎ᠠ᠃            ᠪᠦᠲᠦᠭᠡᠭᠳᠡᠭᠦᠨ ᠢᠶᠠᠨ ᠤᠯᠠᠮ ᠨᠠᠷᠢᠯᠢᠭ᠂ ᠴᠢᠨᠠᠷ ᠰᠠᠶᠢᠨ᠂ ᠬᠡᠷᠡᠭᠴᠡᠭᠡ ᠦᠷᠭᠡᠨ ᠪᠤᠯᠭᠠᠬᠤ ᠪᠠᠷ ᠴᠢᠷᠮᠠᠶᠢᠵᠦ᠂ ᠮᠣᠩᠭᠤᠯ ᠬᠡᠷ ᠢ ᠲᠠᠯ᠎ᠠ ᠨᠤᠲᠤᠭ ᠠᠴᠠ ᠨᠡᠩ ᠴᠢᠨᠠᠭᠰᠢᠳᠠ ᠳᠡᠯᠡᠬᠡᠶ ᠳ᠋ᠠᠬᠢᠨ ᠳᠤ ᠪᠤᠷᠤᠯᠠᠭᠤᠯᠬᠤ ᠪᠠᠷ ᠴᠢᠷᠮᠠᠶᠢᠨ᠎ᠠ︾ ᠭᠡᠯ᠎ᠡ᠃ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠤ ᠲᠠᠰᠤᠷᠠᠯᠲᠠ ᠥᠬᠡᠶ ᠳᠡᠭᠡᠭᠰᠢᠯᠡᠬᠦ ᠶᠢ ᠳᠠᠭᠠᠯᠳᠤᠨ᠂ ︽ᠮᠥ ᠰᠢᠩ︾ ᠲᠡᠮᠳᠡᠭᠲᠦ ᠮᠣᠩᠭᠤᠯ ᠬᠡᠷ ᠤᠯᠤᠰ ᠤᠨ ᠳᠣᠲᠣᠭᠠᠳᠤ ᠳᠤ ᠪᠤᠷᠤᠯᠠᠭᠤᠯᠤᠭᠳᠠᠵᠤ ᠪᠠᠶᠢᠭᠰᠠᠨ ᠠᠴᠠ ᠪᠠᠨ ᠠᠯᠬᠤᠮ ᠠᠯᠬᠤᠮ ᠢᠶᠠᠷ ᠭᠠᠳᠠᠭᠠᠳᠤ ᠳᠤ ᠪᠤᠷᠤᠯᠠᠭᠤᠯᠤᠭᠳᠠᠬᠤ ᠪᠤᠯᠵᠤ᠂ ᠤᠷᠢᠳ ᠬᠤᠵᠢᠳ ᠠᠮᠧᠷᠢᠺᠠ᠂ ᠭᠧᠷᠮᠠᠨ᠂ ᠹᠷᠠᠨᠼᠢ᠂ ᠢᠰᠫᠠᠨᠢ᠂ ᠢᠲ᠋ᠠᠯᠢ᠂ ᠠᠦ᠋ᠰᠲᠷᠠᠯᠢᠶ᠎ᠠ᠂ ᠢᠰᠷᠧᠯ᠂ ᠺᠣᠷᠢᠶᠠ᠂ ᠶᠠᠫᠣᠨ ᠵᠡᠷᠭᠡ 10 ᠭᠠᠷᠤᠶ ᠤᠯᠤᠰ ᠲᠤ ᠭᠠᠷᠭᠠᠵᠤ᠂ ᠴᠢᠨᠠᠭᠰᠢᠯᠠᠪᠠᠯ ᠡᠮᠦᠨᠡᠲᠦ ᠲᠤᠶᠢᠯ ᠳᠤ ᠴᠦ ᠪᠤᠰᠬᠠᠭᠳᠠᠭᠰᠠᠨ ᠪᠠᠶᠢᠨ᠎ᠠ᠃     ᠰᠢᠯᠤᠭᠤᠨ ᠬᠥᠬᠡ ᠬᠤᠰᠢᠭᠤᠨ ᠤ ᠮᠣᠩᠭᠤᠯ ᠭᠡᠷ ᠤᠨ ᠦᠢᠯᠡᠳᠪᠦᠷᠢ ᠵᠢᠷᠠᠨ ᠵᠢᠯ ᠤᠨ ᠲᠤᠷᠰᠢᠳᠠ ᠤᠭ ᠰᠠᠨᠠᠭ᠎ᠠ ᠪᠠᠨ ᠮᠠᠷᠳᠠᠯ ᠦᠭᠡᠢ᠂ ᠤᠷᠠᠨ ᠳᠠᠷᠬᠠᠨ ᠵᠤᠷᠢᠭ ᠰᠠᠨᠠᠭ᠎ᠠ ᠪᠠᠷ ᠠᠵᠢᠯᠯᠠᠵᠤ᠂ ︽ᠨᠡᠷᠡᠲᠦ ᠲᠡᠮᠳᠡᠭ᠂ ᠶᠠᠰᠤ ᠴᠢᠨᠠᠷ᠂ ᠦᠨᠡᠨᠴᠢ ᠢᠲᠡᠭᠡᠮᠵᠢ︾ ᠶᠢ ᠪᠠᠷᠢᠮᠳᠠᠯᠠᠨ᠂ ᠤᠷᠢᠳ ᠬᠤᠵᠢᠳ ᠦᠨᠡᠨᠴᠢ ᠢᠲᠡᠭᠡᠮᠵᠢᠲᠡᠶ ᠪᠠᠷᠢᠮᠵᠢᠶᠠᠳᠤ ᠠᠵᠤ ᠠᠬᠤᠶᠢᠯᠠᠯ᠂ ᠦᠨᠡᠨᠴᠢ ᠢᠲᠡᠭᠡᠮᠵᠢᠲᠡᠶ ᠡᠵᠡᠩᠨᠡᠯᠳᠡ ᠶᠢᠨ ᠠᠵᠤ ᠠᠬᠤᠶᠢᠯᠠᠯ᠂ ᠬᠡᠷᠡᠭᠯᠡᠭᠴᠢᠳ ᠤᠨ ᠢᠲᠡᠭᠡᠮᠵᠢᠲᠡᠶ ᠨᠢᠭᠡᠴᠡ᠂ ᠨᠡᠷᠡᠲᠦ ᠲᠠᠸᠠᠷ ᠤᠨ ᠲᠡᠮᠳᠡᠭ ᠤᠨ ᠠᠵᠤ ᠠᠬᠤᠶᠢᠯᠠᠯ ᠵᠡᠷᠭᠡ ᠣᠯᠠᠨ ᠵᠦᠢᠯ ᠤᠨ ᠢᠷᠠᠭᠤ ᠠᠯᠳᠠᠷ ᠢ ᠬᠦᠷᠳᠡᠵᠦ ᠦᠩᠭᠡᠷᠡᠭᠰᠡᠨ ᠪᠠᠶᠢᠨ᠎ᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号