ᠦᠨᠡᠨᠴᠢ ᠢᠳᠡᠭᠡᠮᠵᠢᠳᠡᠢ ᠠᠵᠤ ᠠᠬᠤᠶᠢᠯᠠᠯ ᠤᠨ ᠲᠦᠯᠦᠭᠡᠯᠡᠭᠴᠢ — ᠰᠢᠯᠤᠭᠤᠨ ᠬᠥᠬᠡ ᠬᠤᠰᠢᠭᠤᠨ ᠤ ᠴᠠᠩ ᠬᠤᠩ ᠴᠠᠭᠠᠨ ᠢᠳᠡᠭᠡᠨ ᠤ ᠦᠶᠯᠡᠳᠪᠦᠷᠢ
ᠨᠡᠶᠢᠲᠡᠯᠡᠭᠰᠡᠨ ᠴᠠᠭ᠄
2024/3/20
         ᠰᠢᠯᠤᠭᠤᠨ ᠬᠥᠬᠡ ᠬᠤᠰᠢᠭᠤᠨ ᠤ ᠴᠠᠩ ᠬᠤᠩ ᠴᠠᠭᠠᠨ ᠢᠳᠡᠭᠡᠨ ᠤ ᠦᠶᠯᠡᠳᠪᠦᠷᠢ ᠤᠯᠠᠨ ᠵᠢᠯ ᠤᠨ ᠲᠤᠷᠰᠢ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠣᠶᠢᠯᠠᠭᠠᠭᠳᠠᠬᠤᠨ ᠢ ᠢᠮᠠᠬᠳᠠ ᠳᠡᠷᠢᠭᠦᠨ ᠳᠤ ᠳᠠᠯᠪᠢᠵᠦ᠂ ᠠᠵᠢᠯ ᠲᠥᠷᠥᠯ ᠨᠢᠭᠡᠳᠡᠳ ᠤᠨ ᠳᠤᠮᠳᠠ ᠪᠠᠨ ᠰᠠᠶᠢᠨ ᠰᠠᠶᠢᠬᠠᠨ ᠲᠦᠷᠢ ᠲᠦᠷᠬᠦ ᠶᠢ ᠱᠤᠭᠤᠵᠤ᠂ ᠤᠯᠠᠨ ᠲᠦᠮᠡᠨ ᠤ ᠢᠳᠡᠭᠡᠯ ᠨᠠᠶᠢᠳᠠᠯᠭ᠎ᠠ ᠶᠢ ᠬᠦᠷᠳᠡᠭᠰᠡᠨ ᠪᠠᠶᠢᠨ᠎ᠠ᠃     ᠰᠢᠯᠤᠭᠤᠨ ᠬᠦᠬᠡ ᠬᠤᠰᠢᠭᠤᠨ ᠤ ᠴᠠᠩ ᠬᠤᠩ ᠴᠠᠭᠠᠨ ᠢᠳᠡᠭᠡᠨ ᠤ ᠦᠢᠯᠡᠳᠪᠦᠷᠢ ᠶᠢᠨ ᠪᠤᠯᠪᠠᠰᠤᠷᠠᠭᠤᠯᠬᠤ ᠳᠠᠰᠤᠭ ᠲᠤ ᠤᠷᠤᠬᠤ ᠳᠤ ᠰᠦ ᠶᠢᠨ ᠦᠨᠦᠷ ᠠᠩᠬᠢᠯᠤᠨ᠂ ᠪᠦᠲᠦᠭᠡᠭᠳᠡᠭᠦᠨ ᠤ ᠳᠠᠯᠪᠢᠭᠤᠷ ᠳᠡᠭᠡᠷ᠎ᠡ ᠬᠤᠷᠤᠳ᠂ ᠰᠦᠨ ᠳᠠᠯᠬ᠎ᠠ᠂ ᠡᠭᠡᠳᠡᠭᠰᠡᠨ ᠰᠦ ᠵᠡᠷᠭᠡ ᠶᠢ ᠳᠡᠯᠭᠡᠨ ᠳᠠᠯᠪᠢᠭᠰᠠᠨ ᠨᠢ ᠠᠷᠠᠭᠠᠨ ᠰᠢᠯᠦᠰᠦ ᠶᠢ ᠬᠤᠷᠠᠭᠤᠯᠵᠤ ᠪᠠᠶᠢᠯ᠎ᠠ ᠰᠢᠯᠤᠭᠤᠨ ᠬᠥᠬᠡ ᠬᠤᠰᠢᠭᠤᠨ ᠤ ᠴᠠᠩ ᠬᠤᠩ ᠴᠠᠭᠠᠨ ᠢᠳᠡᠭᠡᠨ ᠤ ᠦᠶᠯᠡᠳᠪᠦᠷᠢ 1954 ᠣᠨ ᠳᠤ ᠪᠠᠶᠢᠭᠤᠯᠤᠭᠳᠠᠵᠤ᠂ 1998 ᠣᠨ ᠳᠤ ᠪᠠᠶᠢᠭᠤᠯᠤᠮᠵᠢ ᠪᠠᠨ ᠦᠭᠡᠷᠡᠴᠢᠯᠡᠨ ᠲᠤᠰᠠᠭᠠᠷ ᠪᠡᠯᠡ ᠣᠷᠣᠭᠤᠯᠤᠭᠰᠠᠨ ᠠᠵᠤ ᠠᠬᠤᠶᠢᠯᠠᠯ ᠪᠤᠯᠤᠭᠰᠠᠨ ᠪᠠᠶᠢᠨ᠎ᠠ᠃ ᠲᠤᠰ ᠦᠢᠯᠡᠳᠪᠦᠷᠢ ᠨᠢ ᠰᠦ ᠬᠤᠳᠠᠯᠳᠤᠨ ᠤᠷᠤᠭᠤᠯᠬᠤ᠂ ᠪᠣᠯᠪᠠᠰᠤᠷᠠᠭᠤᠯᠵᠤ ᠦᠢᠯᠡᠳᠪᠦᠷᠢᠯᠡᠬᠦ᠂ ᠦᠢᠯᠡᠳᠬᠦᠨ ᠢᠶᠠᠨ ᠪᠣᠷᠣᠯᠠᠭᠤᠯᠬᠤ ᠵᠡᠷᠭᠡ ᠡᠯ᠎ᠡ ᠭᠤᠭᠴᠤᠭ᠎ᠠ ᠶᠢ ᠴᠢᠩᠭ᠎ᠠ ᠡᠵᠡᠮᠳᠡᠵᠦ᠂ ᠰᠦ  ᠶᠢᠨ ᠪᠦᠲᠦᠭᠡᠭᠳᠡᠬᠦᠨ ᠤ ᠶᠠᠰᠤ ᠴᠢᠨᠠᠷ ᠪᠣᠯᠤᠨ ᠠᠮᠤᠷ ᠲᠦᠪᠰᠢᠨ ᠢ ᠦᠨᠡᠨ ᠬᠦ ᠪᠠᠳᠤᠯᠠᠵᠤ ᠢᠳᠡᠭᠡᠯ ᠨᠠᠶᠢᠳᠠᠪᠤᠷᠢ ᠶᠢ ᠡᠷᠬᠢᠮᠯᠡᠬᠦ ᠶᠢᠨ ᠬᠠᠮᠲᠤ᠂ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠶ ᠬᠦᠢᠴᠡᠳᠭᠡᠨ ᠠᠵᠢᠯ ᠤᠨ ᠪᠠᠶᠢᠷᠢ ᠠᠴᠠ  ᠪᠠᠨ ᠪᠠᠭᠤᠵᠤ ᠠᠵᠢᠯ ᠠᠯᠳᠠᠭᠰᠠᠳ ᠪᠠ ᠬᠤᠲᠠ ᠤᠷᠤᠭᠰᠠᠨ ᠮᠠᠯᠴᠢᠨ ᠲᠠᠷᠢᠶᠠᠴᠢᠳ ᠲᠤ ᠠᠵᠢᠯ ᠤᠯᠭᠤᠨ ᠠᠵᠢᠯ  ᠤᠨ ᠪᠠᠶᠢᠷᠢ ᠬᠠᠩᠭᠠᠳᠠᠭ ᠪᠠᠶᠢᠨ᠎ᠠ᠃ ᠤᠳᠤᠬᠠᠨ ᠳᠤ ᠦᠶᠯᠡᠳᠪᠦᠷᠢ ᠶᠢᠨ ᠡᠯ᠎ᠡ ᠰᠠᠯᠠᠭ᠎ᠠ ᠮᠥᠴᠢᠷ ᠤᠨ 60 ᠠᠵᠢᠯᠲᠠᠨ ᠤ ᠳᠤᠳᠤᠷ᠎ᠠ ᠠᠵᠢᠯ ᠤᠨ ᠪᠠᠶᠢᠷᠢ ᠠᠴᠠ ᠪᠠᠨ ᠪᠠᠭᠤᠭᠰᠠᠨ ᠠᠵᠢᠯᠲᠠᠨ 15 ᠬᠥᠮᠦᠨ᠂ ᠮᠠᠯᠵᠢᠬᠤ ᠲᠠᠷᠢᠶᠠᠯᠠᠬᠤ ᠣᠷᠣᠨ ᠤ ᠬᠤᠲᠠ ᠣᠷᠣᠵᠤ ᠠᠵᠢᠯ ᠬᠢᠵᠦ ᠪᠠᠶᠢᠭ᠎ᠠ ᠬᠦᠮᠦᠨ 25 ᠬᠥᠮᠦᠨ ᠪᠣᠶ᠃      2015 ᠣᠨ ᠳᠤ ᠯᠢ ᠴᠤᠸᠠᠨ ᠲᠡᠵᠢᠭᠡᠯ ᠪᠣᠷᠳᠤᠭ᠎ᠠ ᠶᠢᠨ ᠠᠵᠤ ᠠᠬᠤᠶᠢᠯᠠᠯ ᠲᠠᠢ ᠬᠤᠯᠪᠣᠭᠠᠯᠠᠨ ᠨᠠᠷᠠᠳᠤ ᠰᠤᠮᠤᠨ ᠤ ᠤᠯᠠᠭᠠᠨ ᠭᠠᠴᠠᠭ᠎ᠠ᠂ ᠰᠠᠩ ᠤᠨ ᠲᠡᠯᠡᠶ ᠪᠠᠯᠭᠠᠰᠤᠨ ᠤ ᠶᠡᠬᠡᠲᠠᠯ᠎ᠠ ᠭᠠᠴᠠᠭᠠᠨ ᠳᠤ 2 ᠪᠠᠷᠢᠮᠵᠢᠶᠠᠵᠢᠭᠰᠠᠨ ᠮᠠᠯᠵᠢᠯ ᠤᠨ ᠲᠠᠯᠠᠪᠠᠶ ᠪᠠᠶᠢᠭᠤᠯᠵᠤ᠂ 1865 ᠡᠷᠦᠬᠡ ᠶᠢ ᠳᠠᠶᠢᠴᠢᠯᠠᠨ ᠦᠶᠯᠡᠳᠪᠦᠷᠢ ᠶᠢᠨ ᠢᠶᠠᠨ ᠴᠠᠭᠠᠨ ᠢᠳᠡᠭᠡᠨ  ᠤ ᠪᠦᠲᠦᠭᠡᠭᠳᠡᠬᠦᠨ ᠳᠤ ᠲᠦᠰᠢᠭᠯᠡᠨ᠂ ᠮᠠᠯᠵᠢᠯ ᠤᠨ ᠲᠠᠯᠠᠪᠠᠶ ᠶᠢᠨ ᠬᠤᠯᠪᠣᠭᠠᠯᠠᠭᠰᠠᠨ ᠮᠠᠯᠵᠢᠬᠤ ᠡᠷᠦᠬᠡ ᠶᠢᠨ ᠰᠢᠨ᠎ᠡ ᠰᠦ ᠶᠢᠨ ᠬᠠᠩᠭᠠᠯᠭ᠎ᠠ ᠶᠢ  ᠨᠡᠮᠡᠭᠳᠡᠭᠦᠯᠵᠦ᠂ ᠪᠣᠷᠣᠯᠠᠭᠤᠯᠭ᠎ᠠ ᠪᠠᠷ ᠠᠵᠤ ᠠᠬᠤᠶᠢᠯᠠᠯ ᠤᠨ ᠭᠠᠷᠤᠯᠲᠠ ᠶᠢ ᠲᠠᠶᠢᠴᠢᠯᠠᠬᠤ ᠂ ᠭᠠᠷᠤᠯᠲᠠ ᠪᠠᠷ ᠬᠠᠩᠭᠠᠯᠭ᠎ᠠ ᠶᠢ ᠲᠠᠶᠢᠴᠢᠯᠠᠬᠤ ᠶᠢ ᠪᠡᠶᠡᠯᠡᠭᠦᠯᠦᠨ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠶᠯᠡᠰ ᠤᠨ ᠠᠵᠤ ᠦᠶᠯᠡᠰ ᠤᠨ ᠪᠦᠲᠦᠴᠡ ᠶᠢᠨ ᠠᠭᠤᠰᠤᠯᠴᠠᠯ ᠢ ᠴᠢᠩᠭᠠᠳᠬᠠᠨ᠂ ᠮᠠᠯᠵᠢᠬᠤ ᠲᠠᠷᠢᠶᠠᠯᠠᠬᠤ ᠡᠷᠦᠬᠡ  ᠶᠢᠨ ᠣᠷᠣᠯᠭ᠎ᠠ ᠶᠢ ᠨᠡᠮᠡᠭᠳᠡᠭᠦᠯᠵᠦ ᠴᠠᠭᠠᠨ ᠢᠳᠡᠭᠡᠨ ᠤ ᠠᠵᠤ ᠦᠶᠯᠡᠰ ᠤᠨ ᠬᠥᠭᠵᠢᠯᠲᠡ ᠶᠢ ᠠᠬᠢᠭᠤᠯᠤᠭᠰᠠᠨ ᠪᠠᠶᠢᠨ᠎ᠠ᠃ ᠮᠥᠨ ᠲᠤᠰ ᠵᠢᠯ ᠳᠤ ᠾᠧᠪᠧᠶ ᠮᠤᠵᠢ ᠶᠢᠨ ᠴᠢᠭᠤᠯᠤᠯᠲᠤ ᠬᠠᠭᠠᠯᠭ᠎ᠠ ᠬᠤᠲᠠ ᠳᠤ ᠰᠢᠯᠤᠭᠤᠨ ᠬᠥᠬᠡ ᠬᠤᠰᠢᠭᠤᠨ ᠤ ᠴᠠᠩ ᠬᠤᠩ ᠴᠠᠭᠠᠨ ᠢᠳᠡᠭᠡᠨ ᠤ ᠦᠶᠯᠡᠳᠪᠦᠷᠢ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠢᠯ ᠦᠶᠯᠡᠰ ᠤᠨ ᠬᠡᠯᠲᠡᠰ ᠢ ᠪᠠᠶᠢᠭᠤᠯᠵᠤ᠂ ᠲᠢᠶᠠᠨ ᠮᠤᠤ ᠬᠤᠰᠢᠭᠤᠴᠢ ᠳᠡᠯᠭᠡᠭᠦᠷ᠂ ᠵᠢᠩ ᠳ᠋ᠦᠩ ᠬᠤᠰᠢᠭᠤᠴᠢ ᠳᠡᠯᠭᠡᠭᠦᠷ ᠵᠡᠷᠭᠡ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢᠨ ᠠᠷᠭ᠎ᠠ ᠵᠠᠮ ᠢ ᠰᠦᠪᠡᠭᠴᠢᠯᠡᠨ᠂ ᠰᠦᠯᠵᠢᠶᠡᠨ ᠭᠠᠳᠠᠨᠠᠬᠢ ᠪᠣᠷᠣᠯᠠᠭᠤᠯᠭ᠎ᠠ ᠤᠳᠠᠭᠠᠨ ᠪᠠᠶᠢᠬᠤ ᠠᠰᠠᠭᠤᠳᠠᠯ ᠢ ᠦᠨᠳᠦᠰᠦᠨ ᠠᠴᠠ ᠨᠢ ᠰᠢᠶᠳᠪᠦᠷᠢᠯᠡᠵᠦ᠂ ᠬᠡᠷᠡᠭᠯᠡᠭᠴᠢᠳ ᠲᠤ ᠨᠠᠩ ᠳᠥᠭᠦᠮ᠂ ᠲᠦᠷᠭᠡᠨ ᠦᠢᠯᠡᠴᠢᠯᠡᠭᠡ ᠬᠠᠩᠭᠠᠬᠤ ᠪᠤᠯᠵᠠᠢ᠃      ᠰᠢᠯᠤᠭᠤᠨ ᠬᠥᠬᠡ ᠬᠤᠰᠢᠭᠤᠨ ᠤ ᠴᠠᠩ ᠬᠤᠩ ᠴᠠᠭᠠᠨ ᠢᠳᠡᠭᠡᠨ ᠤ ᠦᠶᠯᠡᠳᠪᠦᠷᠢ ᠶᠢᠨ ᠬᠡᠷᠡᠭ ᠮᠡᠳᠡᠭᠴᠢᠳ  ᠤᠨ ᠳᠠᠷᠤᠭ᠎ᠠ ᠰᠦᠨ ᠯᠢ ᠱᠠᠨ᠄ ︽ᠴᠠᠩ ᠬᠤᠩ ᠴᠠᠭᠠᠨ ᠢᠳᠡᠭᠡᠨ ᠤ ᠦᠶᠯᠡᠳᠪᠦᠷᠢ ᠶᠢᠨ ᠪᠣᠷᠣᠯᠠᠭᠤᠯᠭ᠎ᠠ ᠨᠢ ᠭᠤᠤᠯᠳᠠᠭᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠳᠤ ᠲᠦᠰᠢᠭᠯᠡᠳᠡᠭ᠃ ᠰᠦᠯᠵᠢᠶᠡᠨ ᠳᠡᠭᠡᠷ᠎ᠡ ᠭᠤᠤᠯᠳᠠᠭᠤ ᠡᠮᠦᠨᠡᠲᠦ ᠣᠷᠣᠨ ᠤ ᠬᠥᠮᠦᠰ ᠬᠤᠳᠠᠯᠳᠤᠨ ᠠᠪᠬᠤ ᠨᠢ ᠣᠯᠠᠨ᠃ ᠲᠠᠯᠠᠨ ᠵᠢᠯ ᠤᠨ ᠲᠤᠷᠰᠢ᠂ ᠪᠢᠳᠡ ᠴᠢᠨᠠᠷ ᠰᠠᠶᠢᠲᠠᠢ ᠦᠢᠯᠡᠳᠬᠦᠨ᠂ ᠰᠠᠶᠢᠨ ᠰᠠᠶᠢᠬᠠᠨ ᠢᠲᠡᠭᠡᠯ ᠬᠦᠨᠳᠦ᠂ ᠬᠠᠨᠤᠮᠵᠢᠲᠠᠢ ᠦᠢᠯᠡᠴᠢᠯᠡᠭᠡ ᠪᠠᠷ ᠢᠶᠠᠨ ᠮᠠᠰᠢ ᠤᠯᠠᠨ ᠬᠡᠷᠡᠭᠯᠡᠭᠴᠢᠳ ᠲᠤ ᠮᠡᠳᠡᠷᠡᠭᠳᠡᠵᠦ᠂ ᠦᠨᠡᠨᠴᠢ ᠢᠲᠡᠭᠡᠮᠵᠢ ᠪᠠᠷ ᠢᠶᠠᠨ ᠵᠠᠬ᠎ᠠ ᠳᠡᠯᠭᠡᠭᠦᠷ ᠲᠤ ᠥᠪᠡᠷ ᠤᠨ ᠭᠡᠰᠡᠨ ᠤᠷᠤᠨ ᠪᠠᠶᠢᠷᠢ ᠲᠠᠢ ᠪᠤᠯᠵᠤ᠂ ᠲᠡᠷᠡᠴᠢᠯᠡᠨ ᠵᠠᠬ᠎ᠠ ᠳᠡᠯᠭᠡᠭᠦᠷ ᠤᠨ ᠡᠵᠡᠯᠡᠬᠦ ᠲᠤᠭ᠎ᠠ ᠵᠢᠯ ᠳᠠᠷᠠᠭᠠᠯᠠᠨ ᠨᠡᠮᠡᠭᠳᠡᠵᠦ᠂ ᠦᠢᠯᠡᠳᠬᠦᠨ ᠢᠶᠠᠨ ᠪᠦᠬᠦ ᠤᠯᠤᠰ ᠤᠨ ᠡᠯ᠎ᠡ ᠭᠠᠵᠠᠷ ᠲᠤ ᠪᠤᠷᠤᠯᠠᠭᠤᠯᠬᠤ ᠪᠤᠯᠵᠠᠢ︾ ᠭᠡᠯ᠎ᠡ᠃      ᠰᠢᠯᠤᠭᠤᠨ ᠬᠥᠬᠡ ᠬᠤᠰᠢᠭᠤᠨ ᠤ ᠴᠠᠩ ᠬᠤᠩ ᠴᠠᠭᠠᠨ ᠢᠳᠡᠭᠡᠨ ᠤ ᠦᠶᠯᠡᠳᠪᠦᠷᠢ ᠤᠷᠢᠳ ᠬᠤᠵᠢᠳ ︽ᠴᠠᠩ ᠬᠤᠩ︾ ︽ᠱᠠᠩᠳᠤ ᠶᠢᠨ ᠭᠤᠤᠯ︾ ︽ᠬᠠᠭᠤᠴᠢᠨ ᠰᠢᠯᠤᠭᠤᠨ ᠬᠥᠬᠡ︾ ︽ᠮᠣᠩᠭᠤᠯ ᠨᠠᠶᠮᠠᠨ ᠬᠤᠰᠢᠭᠤ︾ ︽ᠶᠤᠸᠠᠨ ᠤ ᠨᠡᠶᠢᠰᠯᠡᠯ ᠮᠠᠯᠵᠢᠯ ᠤᠨ ᠲᠠᠯᠠᠪᠠᠶ︾ ︽ᠠᠶᠢᠷᠠᠭ︾ ᠵᠡᠷᠭᠡ ᠨᠠᠷᠠᠲᠤ ᠲᠡᠮᠳᠡᠭᠲᠦ ᠶᠢ ᠳᠠᠩᠰᠠᠯᠠᠭᠤᠯᠵᠤ᠂ ᠲᠠᠪᠤᠨ ᠶᠡᠭᠡ ᠲᠥᠷᠥᠯ ᠤᠨ ᠬᠤᠶᠠᠷ ᠵᠠᠭᠤ ᠰᠢᠬᠠᠮ ᠪᠦᠲᠦᠭᠡᠭᠳᠡᠭᠦᠨ ᠢᠶᠠᠷ ᠢᠶᠠᠨ ᠬᠡᠷᠡᠭᠯᠡᠭᠴᠢᠳ ᠤᠨ ᠬᠦᠷᠢᠶᠡᠯᠡᠯ ᠢ ᠤᠯᠵᠤ᠂ ᠤᠷᠢᠳ ᠬᠤᠵᠢᠳ ︽ᠥᠪᠥᠷ ᠮᠣᠩᠭᠤᠯ ᠤᠨ ᠬᠠᠭᠤᠴᠢᠨ ᠨᠠᠷᠠᠲᠤ ᠲᠡᠮᠳᠡᠭᠲᠦ︾᠂ ᠥᠪᠡᠷᠲᠡᠭᠡᠨ ᠵᠠᠰᠠᠬᠤ ᠣᠷᠣᠨ ᠤ ᠨᠠᠷᠠᠲᠤ ᠲᠠᠸᠠᠷ ᠤᠨ ᠲᠡᠮᠳᠡᠭ᠂ ᠥᠪᠥᠷ ᠮᠣᠩᠭᠤᠯ ᠤᠨ ᠨᠡᠷ᠎ᠡ ᠶᠢᠨ ᠬᠠᠭᠤᠳᠠᠰᠤ ᠶᠢᠨ ᠰᠢᠯᠢᠳᠡᠭ ᠨᠠᠷᠠᠲᠤ ᠲᠡᠮᠳᠡᠭᠲᠦ ᠵᠡᠷᠭᠡ ᠢᠷᠠᠭᠤ ᠠᠯᠳᠠᠷ ᠢ ᠬᠦᠷᠲᠡᠭᠰᠡᠨ ᠪᠠᠶᠢᠨ᠎ᠠ᠃      ᠰᠢᠯᠤᠭᠤᠨ ᠬᠥᠬᠡ ᠬᠤᠰᠢᠭᠤᠨ ᠤ ᠴᠠᠩ ᠬᠤᠩ ᠴᠠᠭᠠᠨ ᠢᠳᠡᠭᠡᠨ ᠤ ᠦᠶᠯᠡᠳᠪᠦᠷᠢ ᠶᠢᠨ ᠬᠡᠷᠡᠭ ᠮᠡᠳᠡᠭᠴᠢᠳ  ᠤᠨ ᠳᠠᠷᠤᠭ᠎ᠠ ᠰᠦᠨ ᠯᠢ ᠱᠠᠨ᠄ ︽ᠪᠢᠳᠡ ᠤᠳᠤᠬᠠᠨ ᠳᠤ ᠣᠲᠣ ᠦᠶ᠎ᠡ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠶᠢ ᠰᠠᠶᠢᠵᠢᠷᠠᠭᠤᠯᠵᠤ᠂ ᠦᠨᠢ ᠤᠳᠠᠭᠠᠨ ᠳᠡᠦᠭᠡ ᠲᠠᠢ ᠴᠠᠭᠠᠨ ᠢᠳᠡᠭᠡᠨ ᠤ ᠰᠢᠯᠢᠳᠡᠭ ᠤᠯᠠᠮᠵᠢᠯᠠᠯᠲᠤ ᠰᠣᠶᠣᠯ ᠢ ᠤᠯᠠᠮ ᠴᠢᠨᠠᠭᠰᠢᠳᠠ ᠳᠡᠯᠭᠡᠷᠡᠭᠦᠯᠬᠦ ᠪᠠᠷ ᠴᠢᠷᠮᠠᠶᠢᠵᠦ ᠪᠠᠶᠢᠭ᠎ᠠ ᠶᠤᠮ᠃ ᠣᠲᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠰᠢᠨ᠎ᠡ ᠵᠠᠭᠤᠴᠢᠯᠠᠭᠤᠷ ᠢ ᠠᠰᠢᠭᠯᠠᠨ᠂ ᠰᠤᠳᠤᠯᠤᠨ ᠦᠶᠯᠡᠳᠪᠦᠷᠢᠯᠡᠬᠦ ᠪᠠ ᠪᠣᠷᠣᠯᠠᠭᠤᠯᠬᠤ ᠠᠵᠢᠯ ᠢ ᠰᠠᠶᠢᠲᠤᠷ ᠬᠢᠬᠦ ᠪᠣᠯ ᠮᠠᠨ ᠤ ᠡᠨᠡ ᠵᠢᠯ ᠤᠨ ᠭᠤᠤᠯᠳᠠᠯᠭ᠎ᠠ ᠲᠠᠢ ᠠᠵᠢᠯ ᠪᠤᠯᠤᠨ᠎ᠠ︾ ᠭᠡᠯ᠎ᠡ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号