ᠯᠢ ᠪᠥᠸᠧ ᠹᠧᠩ ᠰᠠᠩ ᠤᠨ ᠲᠡᠯᠡᠶ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/3/25
      3 ᠰᠠᠷ᠎ᠠ ᠶᠢᠨ 21 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠰᠠᠩ ᠤᠨ ᠳᠠᠯᠠᠶ ᠪᠠᠯᠭᠠᠰᠤᠨ ᠳᠤ ᠭᠦᠨᠵᠡᠭᠡᠶᠢᠷᠡᠨ ᠲᠠᠷᠢᠶᠠᠯᠠᠩ ᠮᠠᠯ ᠠᠵᠤ ᠠᠬᠤᠶ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠬᠥᠭᠵᠢᠯᠲᠦ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠠᠮᠵᠢᠯᠳᠤ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃       ᠯᠢ ᠪᠥᠸᠧ ᠹᠧᠩ ᠰᠠᠩ ᠤᠨ ᠲᠡᠯᠡᠶ ᠪᠠᠯᠭᠠᠰᠤᠨ ᠳᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ  ᠤᠨ ᠬᠦᠷᠢᠶᠡᠯᠡᠩ ᠤᠨ ᠲᠥᠷᠥᠯ ᠵᠦᠶᠯ ᠤᠨ ᠭᠠᠵᠠᠷ ᠰᠣᠩᠭᠤᠬᠤ ᠠᠵᠢᠯ ᠢ ᠪᠠᠶᠢᠴᠠᠭᠠᠬᠤ ᠳᠠᠭᠠᠨ᠂ ᠰᠠᠩ ᠤᠨ ᠲᠡᠯᠡᠶ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ ᠬᠦᠷᠢᠶᠡᠯᠡᠩ ᠢ ᠪᠥᠲᠥᠭᠡᠨ ᠪᠠᠶᠢᠭᠤᠯᠬᠤ ᠪᠣᠯ ᠠᠮᠢ ᠠᠬᠤᠶ  ᠶᠢᠨ ᠮᠠᠯ ᠠᠵᠤ ᠠᠬᠤᠶ ᠶᠢᠨ ᠠᠵᠤ ᠦᠢᠯᠡᠰᠵᠢᠭᠰᠡᠨ᠂ ᠬᠡᠪᠴᠢᠶᠡᠵᠢᠭᠰᠡᠨ ᠬᠥᠭᠵᠢᠯᠲᠡ ᠶᠢ ᠪᠡᠶᠡᠯᠡᠭᠦᠯᠬᠦ ᠠᠰᠢᠭᠲᠠᠶ ᠠᠷᠭ᠎ᠠ ᠬᠡᠮᠵᠢᠶ᠎ᠡ ᠪᠠᠶᠢᠵᠦ᠂ ᠪᠣᠬᠢᠷᠲᠤᠯ ᠥᠬᠡᠶ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ  ᠢ ᠭᠠᠳᠠᠭᠰᠢ ᠭᠠᠷᠭᠠᠬᠤ ᠭᠠᠵᠠᠷ ᠤᠨ ᠴᠢᠬᠤᠯᠠ ᠠᠴᠢᠶᠠᠯᠠᠪᠤᠷᠢ ᠪᠤᠯᠬᠤ ᠶᠤᠮ᠃ ᠠᠵᠤ ᠦᠶᠯᠡᠰ ᠤᠨ ᠬᠦᠷᠢᠶᠡᠯᠡᠩ ᠤᠨ ᠭᠠᠵᠠᠷ ᠰᠣᠩᠭᠤᠬᠤ᠂ ᠲᠥᠯᠥᠪᠵᠢᠭᠦᠯᠬᠦ᠂ ᠪᠥᠲᠥᠭᠡᠨ ᠪᠠᠶᠢᠭᠤᠯᠬᠤ ᠶᠢ ᠰᠠᠶᠢᠲᠤᠷ ᠬᠢᠬᠦ ᠪᠣᠯ ᠣᠳᠣᠬᠠᠨ ᠤ ᠬᠠᠮᠤᠭ  ᠤᠨ ᠪᠠᠴᠢᠮ ᠲᠤᠯᠭᠠᠮ᠎ᠠ ᠡᠭᠦᠷᠭᠡ ᠤᠴᠢᠷ ᠠᠴᠠ ᠬᠥᠭᠵᠢᠭᠦᠯᠦᠯᠲᠡ ᠥᠭᠡᠷᠡᠴᠢᠯᠡᠯᠲᠡ᠂ ᠲᠠᠷᠢᠶᠠᠯᠠᠩ ᠮᠠᠯ ᠠᠵᠤ ᠠᠬᠤᠶ ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠠᠩ ᠤᠨ ᠲᠡᠯᠡᠶ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠳᠠ ᠶᠢ ᠡᠷᠲᠡᠬᠡᠨ ᠡᠬᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠃      ᠰᠠᠩ ᠤᠨ ᠳᠠᠯᠠᠶ ᠪᠠᠯᠭᠠᠰᠤᠨ ᠤ ᠤᠶᠤᠳᠤ ᠪᠡᠯᠴᠢᠭᠡᠷ ᠤᠨ ᠠᠵᠤ ᠠᠬᠤᠶ ᠶᠢᠨ ᠬᠦᠷᠢᠶᠡᠯᠡᠩ ᠳᠤ ᠯᠢ ᠪᠥᠸᠧ ᠹᠧᠩ ᠬᠠᠷᠢᠭᠤᠴᠠᠯᠭᠠᠲᠠᠨ ᠲᠠᠢ ᠶᠠᠷᠢᠯᠴᠠᠬᠤ ᠪᠠᠷ ᠳᠠᠮᠵᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠣᠳᠣᠬᠠᠨ ᠤ ᠠᠬᠢᠴᠠ ᠵᠢᠴᠢ ᠲᠤᠯᠭᠠᠷᠠᠵᠤ ᠪᠠᠶᠢᠭ᠎ᠠ ᠬᠦᠴᠢᠷᠳᠡᠯ ᠢ ᠨᠠᠷᠢᠨ ᠤᠶᠢᠯᠠᠭᠠᠭᠰᠠᠨ ᠤ ᠳᠠᠷᠠᠭ᠎ᠠ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠡᠵᠡᠩᠨᠡᠯᠳᠡ ᠪᠠᠨ ᠡᠷᠲᠡ ᠨᠢᠭᠡ ᠡᠳᠦᠷ ᠡᠬᠢᠯᠡᠭᠦᠯᠵᠦ᠂ ᠡᠪᠡᠰᠦ ᠪᠣᠷᠳᠣᠭᠠᠨ ᠤ ᠬᠠᠩᠭᠠᠯᠭ᠎ᠠ᠂ ᠨᠥᠭᠡᠴᠡᠯᠡᠯᠲᠡ ᠪᠠ ᠡᠪᠡᠰᠦ ᠪᠣᠷᠳᠣᠭᠠᠨ ᠤ ᠦᠨ᠎ᠡ ᠬᠠᠩᠰᠢ ᠶᠢ ᠲᠤᠭᠳᠠᠪᠤᠷᠢᠵᠢᠭᠤᠯᠬᠤ ᠵᠡᠷᠭᠡ ᠦᠶᠯᠡᠳᠦᠯ ᠢ ᠪᠥᠬᠦ ᠬᠦᠴᠦᠨ ᠢᠶᠠᠷ ᠢᠶᠠᠨ ᠪᠠᠳᠠᠷᠠᠭᠤᠯᠬᠤ ᠬᠡᠷᠡᠭᠲᠡᠶ ᠭᠡᠵᠦ ᠱᠠᠭᠠᠷᠳᠠᠵᠠᠢ       ᠯᠢ ᠪᠥᠸᠧ ᠹᠧᠩ ᠰᠠᠩ ᠤᠨ ᠲᠡᠯᠡᠶ ᠪᠠᠯᠭᠠᠰᠤᠨ ᠤ ᠹᠦ᠋ ᠰᠢᠨ ᠦᠭᠡᠷ ᠤᠨ ᠠᠷᠠᠯᠵᠢᠶᠠᠨ ᠤ ᠵᠠᠬ᠎ᠠ ᠳᠤ ᠬᠦᠷᠴᠦ᠂ ᠥᠷᠭᠡᠳᠬᠡᠨ ᠪᠠᠶᠢᠭᠤᠯᠬᠤ ᠠᠵᠢᠯ ᠢ ᠪᠠᠶᠢᠴᠠᠭᠠᠨ᠂ ᠦᠬᠡᠷ ᠤᠨ ᠵᠠᠬ᠎ᠠ ᠳᠡᠯᠭᠡᠭᠦᠷ ᠤᠨ ᠬᠡᠷᠡᠭᠴᠡᠭᠡ ᠪᠣᠯᠤᠨ ᠣᠷᠣᠰᠢᠵᠤ ᠪᠠᠶᠢᠭ᠎ᠠ ᠬᠦᠴᠢᠷᠳᠡᠯ ᠢ ᠤᠶᠢᠯᠠᠭᠠᠭᠰᠠᠨ ᠤ ᠳᠠᠷᠠᠭ᠎ᠠ᠂ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢᠨ ᠤᠳᠤᠬᠢ ᠪᠠᠶᠢᠳᠠᠯ ᠪᠤᠯᠤᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠣᠷᠣᠨ ᠪᠠᠶᠢᠷᠢ᠂ ᠵᠠᠮ ᠬᠠᠷᠢᠯᠴᠠᠭ᠎ᠠ᠂ ᠵᠠᠬ᠎ᠠ ᠳᠡᠯᠭᠡᠭᠦᠷ ᠵᠡᠷᠭᠡ ᠴᠢᠬᠤᠯᠠ ᠡᠯᠧᠮᠧᠨ᠋ᠲ ᠠᠴᠠ ᠡᠭᠦᠰᠴᠦ᠂ ᠤᠷᠢᠳᠠᠴᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠪᠥᠲᠥᠭᠡᠨ ᠪᠠᠶᠢᠭᠤᠯᠤᠯᠲᠠ  ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠤᠭᠳᠠᠭᠠᠨ᠂ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠭᠤᠤᠯᠯᠠᠬᠤ ᠠᠵᠤ ᠦᠶᠯᠡᠰ ᠢ ᠬᠦᠴᠦᠷᠭᠡᠭᠵᠢᠬᠦᠯᠬᠦ᠂ ᠠᠵᠤ ᠦᠶᠯᠡᠰ ᠤᠨ ᠬᠡᠯᠬᠢᠶ᠎ᠡ ᠶᠢ ᠤᠷᠳᠤᠳᠬᠠᠬᠤ᠂ ᠬᠠᠩᠭᠠᠯᠭ᠎ᠠ ᠶᠢᠨ ᠬᠡᠯᠬᠢᠶ᠎ᠡ ᠶᠢ ᠨᠡᠪᠳᠡᠷᠡᠭᠦᠯᠬᠦ᠂ ᠥᠷᠲᠡᠭ ᠤᠨ ᠬᠡᠯᠬᠢᠶ᠎ᠡ ᠶᠢ ᠳᠡᠭᠡᠭᠰᠢᠯᠡᠬᠦᠯᠬᠦ ᠶᠢ ᠪᠡᠶᠡᠯᠡᠭᠦᠯᠵᠦ᠂ ᠦᠨᠳᠦᠷ ᠪᠠᠷᠢᠮᠵᠢᠶᠠᠳᠤ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠵᠤ᠂ ᠥᠷᠭᠡᠨ ᠣᠯᠠᠨ ᠮᠠᠯᠴᠢᠨ ᠲᠠᠷᠢᠶᠠᠴᠢᠨ ᠳᠤ ᠡᠮᠬᠢ ᠴᠡᠭᠴᠡ ᠲᠠᠢ᠂ ᠡᠷᠭᠡ ᠳᠡᠭᠰᠢ᠂ ᠳᠥᠭᠦᠮ ᠳᠥᠲᠡ ᠰᠤᠯᠢᠯᠴᠠᠭᠠᠨ ᠤ ᠳᠠᠪᠴᠠᠩ ᠬᠠᠩᠭᠠᠬᠤ ᠬᠡᠷᠡᠭᠳᠡᠢ ᠭᠡᠵᠦ ᠴᠢᠬᠤᠯᠠᠴᠢᠯᠠᠵᠠᠢ᠃      ᠯᠢ ᠪᠥᠸᠧ ᠹᠧᠩ ᠪᠠᠰᠠ ᠰᠠᠩ ᠤᠨ ᠳᠠᠯᠠᠶ ᠳᠠᠬᠢ ᠭᠠᠯ ᠤᠨᠲᠠᠷᠠᠭᠠᠬᠤ ᠠᠩᠭᠢ ᠶᠢ ᠨᠡᠭᠦᠯᠭᠡᠨ ᠰᠢᠯᠵᠢᠬᠦᠯᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ᠃       ᠰᠠᠩ ᠤᠨ ᠲᠡᠯᠡᠶ ᠪᠠᠯᠭᠠᠰᠤ ᠵᠢᠴᠢ ᠬᠤᠰᠢᠭᠤ ᠰᠢᠭᠤᠳ ᠬᠠᠷᠢᠶ᠎ᠠ ᠬᠠᠮᠢᠶ᠎ᠠ ᠲᠠᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号