ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/3/25
      3 ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠡᠷᠬᠢᠮ ᠱᠠᠩᠳᠤ ᠪᠠᠯᠭᠠᠰᠤᠨ ᠳᠤ ᠬᠦᠨᠵᠡᠭᠡᠶᠢᠷᠡᠵᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃      ᠪᠠᠶᠢᠴᠠᠭᠠᠬᠤ ᠳᠤᠭᠤᠶᠢᠯᠠᠩ ᠱᠠᠩᠳᠤ ᠪᠠᠯᠭᠠᠰᠤᠨ ᠤ ᠢᠷᠠᠯᠵᠠᠬᠤ ᠭᠠᠴᠠᠭᠠᠨ ᠳᠤ ᠬᠦᠷᠴᠦ᠂ ᠲᠤᠬᠠᠶ ᠶᠢᠨ ᠭᠠᠵᠠᠷ ᠲᠤ ᠪᠠᠶᠢᠴᠠᠭᠠᠬᠤ᠂ ᠲᠠᠨᠢᠯᠴᠠᠭᠤᠯᠭ᠎ᠠ ᠶᠢ ᠰᠣᠨᠣᠰᠬᠤ᠂ ᠲᠠᠩᠰᠠ ᠡᠪᠬᠡᠮᠡᠯ ᠢ ᠪᠠᠶᠢᠴᠠᠭᠠᠨ ᠦᠵᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠢᠷᠠᠯᠵᠠᠬᠤ ᠭᠠᠴᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠭᠦᠨᠵᠡᠭᠡᠶ ᠣᠶᠢᠯᠠᠭᠠᠭᠰᠠᠨ ᠪᠥᠭᠡᠳ ᠵᠢᠯᠣᠭᠤᠳᠬᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠴᠠᠶ᠃      ᠪᠠᠶᠢᠴᠠᠭᠠᠬᠤ ᠳᠤᠭᠤᠶᠢᠯᠠᠩ ᠤᠨ ᠬᠢᠨ᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠠᠲᠤ ᠡᠵᠡᠮᠳᠡᠵᠦ᠂ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠳᠤ ᠰᠠᠭᠤᠷᠢᠯᠠᠨ ᠠᠵᠢᠯ ᠤᠨ ᠭᠤᠣᠯᠳᠠᠯᠭ᠎ᠠ ᠲᠠᠢ ᠪᠠᠨ ᠤᠶᠠᠯᠳᠤᠭᠤᠯᠵᠤ᠂ ᠲᠠᠲᠠᠬᠤ ᠬᠦᠴᠦᠨ᠂ ᠨᠥᠯᠥᠭᠡᠯᠡᠬᠦ ᠬᠦᠴᠦᠨ ᠪᠠ ᠣᠶᠢᠯᠠᠭᠠᠬᠤ ᠨᠤᠷᠮ᠎ᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ  ᠶᠢ ᠡᠭᠦᠳᠦᠨ ᠪᠠᠶᠢᠭᠤᠯᠬᠤ ᠠᠵᠢᠯ ᠢ ᠪᠤᠳᠠᠳᠠᠢ ᠲᠠᠢ ᠤᠶᠢᠷᠠᠳᠤᠭᠤᠯᠤᠨ᠂ ᠠᠮᠢᠳᠤᠷᠠᠯ ᠳᠤ ᠤᠢᠢᠷᠠᠳᠤᠭᠤᠯᠵᠤ᠂ ᠮᠠᠯᠴᠢᠨ ᠲᠦᠮᠡᠨ ᠳᠤ ᠨᠡᠩ ᠤᠢᠢᠷᠠᠳᠤᠭᠤᠯᠬᠤ ᠬᠡᠷᠡᠭᠲᠡᠢ᠃ ᠥᠪᠡᠷᠮᠢᠴᠡ ᠣᠨᠴᠠᠯᠢᠭ ᠲᠠᠢ᠂ ᠬᠢᠯᠠᠰ ᠴᠡᠭ ᠲᠠᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠲᠦᠷᠤᠯ ᠲᠡᠮᠳᠡᠭ ᠢ ᠡᠭᠦᠳᠴᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠥᠷᠭᠡᠨ ᠢᠶᠠᠷ ᠣᠷᠣᠯᠴᠠᠬᠤ ᠶᠢ ᠲᠠᠶᠢᠴᠢᠯᠠᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠲᠠᠰᠤᠷᠠᠯᠳᠠ ᠦᠬᠡᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃      ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠱᠠᠩᠳᠤ ᠪᠠᠯᠭᠠᠰᠤᠨ ᠤ ᠬᠠᠮᠢᠶ᠎ᠠ  ᠲᠠᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号