ᠲᠠᠪᠦ‍ ᠨᠢᠭᠡ ᠮᠠᠯᠵᠢᠯ ᠤᠨ ᠲᠠᠯᠠᠪᠠᠶ 2024 ᠣᠨ ᠤ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠎ ᠶᠢᠨ ᠬᠤᠷᠠᠯ ᠬᠢᠪᠠ
ᠨᠡᠶᠢᠲᠡᠯᠡᠭᠰᠡᠨ ᠴᠠᠭ᠄
2024/3/27
         3 ᠳ᠋ᠤᠭᠠᠷ ᠰᠠᠷ᠎ᠠ ᠶᠢᠨ 26᠎ ᠤ ᠡᠳᠦᠷ᠂ ᠲᠠᠪᠦ‍ ᠨᠢᠬᠡ ᠮᠠᠯᠵᠢᠯ ‍ᠤᠨ‌‍ᠤᠨ ᠲᠠᠯᠠᠪᠠᠶ 2024 ᠣᠨ ᠤ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠣᠵᠦ᠂ ᠬᠤᠷᠠᠯ ᠠᠴᠠ 2023 ᠣᠨ ᠤ  ᠲᠠᠪᠦ‍ ᠨᠢᠬᠡ ᠮᠠᠯᠵᠢᠯ ᠤᠨ ᠤᠨ ᠲᠠᠯᠠᠪᠠᠢ ᠶᠢᠨ ᠠᠵᠢᠯ ᠢ ᠡᠷᠭᠢᠴᠡᠭᠦᠯᠦᠨ ᠳ᠋ᠦᠩᠨᠡᠭᠰᠡᠨ ᠪᠥᠭᠡᠳ ᠪᠦᠬᠦ ᠲᠠᠯᠠᠪᠠᠢ ᠶᠢᠨ 2024 ᠣᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠬᠤᠷᠠᠯ ᠳᠡᠭᠡᠷ᠎ᠡ᠂ ᠲᠠᠯᠠᠪᠠᠢ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠲᠤᠰ ᠲᠤᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠤᠨ ᠦᠨᠳᠦᠰᠦᠨ ᠱᠠᠲᠤᠨ ᠤ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠠᠶᠤᠯᠭᠦᠢ ᠦᠢᠯᠡᠳᠪᠦᠷᠢᠯᠡᠯ᠂ ᠨᠡᠶᠢᠭᠡᠮ ᠤᠨ ᠦᠢᠯᠡᠴᠢᠯᠡᠭᠡᠨ ᠤ ᠠᠵᠢᠯ ᠵᠡᠷᠭᠡ‌‍ᠲ᠋ᠠᠯ᠎ᠠ ᠪᠠᠷ ᠲᠤᠬᠢᠷᠠᠭᠤᠯᠤᠨ ᠪᠠᠶᠢᠷᠢᠯᠠᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠷᠢᠯᠢᠬᠵᠢᠭᠤᠯᠪᠠ᠃ ᠬᠤᠷᠠᠯ ᠠᠴᠠ 2023 ᠣᠨ ᠤ ᠲᠡᠷᠢᠭᠦᠨ ᠤ ᠬᠠᠮᠲᠤ ᠨᠢᠭᠡᠴᠢ ᠪᠣᠯᠤᠨ ᠬᠤᠪᠢ ᠬᠥᠮᠦᠨ ᠢ ᠬᠥᠬᠢᠭᠦᠯᠦᠨ ᠰᠠᠶᠢᠰᠢᠶᠠᠵᠤ᠂ ᠬᠤᠷᠠᠯ ᠎ ᠳᠤ ᠣᠷᠣᠯᠴᠡᠬᠰᠡᠳ ᠢ  ᠲᠡᠷᠢᠬᠦᠨ ᠤ ᠬᠠᠮᠲᠤ ᠨᠢᠭᠡᠴᠢ ᠪᠣᠯᠤᠨ ᠬᠤᠪᠢ ᠬᠥᠮᠦᠨ ᠠᠴᠠ ᠰᠤᠷᠤᠯᠴᠠᠵᠤ᠂ 2024 ᠣᠨ ᠤ ᠡᠯ᠎ᠡ ᠵᠦᠶᠯ ᠤᠨ ᠠᠵᠢᠯ ᠎ ᠳᠠᠭᠠᠨ ᠰᠢᠯᠢᠳᠡᠭ ᠠᠮᠵᠢᠯᠲᠠ  ᠣᠯᠬᠤ ᠶᠢ  ᠱᠠᠭᠠᠷᠳ᠋ᠬᠠᠰᠠᠠ ᠪᠠᠶᠢᠨ᠎ᠠ᠃    ᠬᠤᠷᠠᠯ ᠠᠴᠠ ᠴᠢᠬᠤᠯᠠᠴᠢᠯᠬᠠᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠬᠦ ᠲᠠᠯ᠎ᠠ ᠎ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠵᠢᠷᠭᠤᠭᠠᠨ ᠢᠨᠵᠧᠨᠧᠷᠢᠩ︾᠎ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠶᠯ ᠤᠨ ᠠᠵᠢᠯ ᠤᠨ ᠭᠤᠤᠯ ᠰᠢᠵᠢᠮ ᠪᠣᠯᠭᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠵᠢᠭᠤᠯᠴᠢᠯᠠᠯ ᠤᠨ ᠦᠶᠯᠡᠴᠢᠯᠡᠭᠡ ᠶᠢ ᠡᠮᠬᠢ ᠵᠢᠷᠤᠮ ᠲᠠᠢ ᠠᠬᠢᠭᠤᠯᠵᠤ᠂  ᠮᠢᠩ ᠳ᠋ᠧ ᠯᠠ ᠰᠦᠮ᠎ᠡ ᠶᠢ ᠰᠡᠯᠪᠢᠨ ᠵᠠᠰᠠᠬᠤ ᠠᠵᠢᠯ ᠢ ᠢᠳᠡᠪᠬᠢᠲᠡᠶ  ᠠᠬᠢᠭᠤᠯᠣᠨ᠂  ︽ᠪᠦᠬᠦ ᠵᠢᠯ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ + ᠬᠠᠰᠢᠶᠠᠯᠠᠨ  ᠮᠠᠯᠵᠢᠬᠤ︾ ᠵᠠᠭᠪᠤᠷ ᠢ ᠶᠡᠬᠡᠪᠡᠷ  ᠭᠡᠷᠡᠭᠵᠢᠭᠦᠯᠵᠦ᠂ ᠲᠥᠪᠯᠡᠷᠡᠭᠦᠯᠦᠨ ᠮᠠᠯᠵᠢᠬᠤ᠂ ᠲᠥᠪᠯᠡᠷᠡᠭᠦᠯᠦᠨ ᠨᠠᠶᠢᠳᠠᠵᠤ ᠲᠡᠵᠢᠭᠡᠯᠭᠡᠬᠦ  ᠪᠠᠭ᠎ᠠ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠬᠠᠰᠢᠶᠠᠯᠠᠨ ᠲᠡᠵᠢᠭᠡᠵᠦ ᠪᠣᠷᠳᠣᠨ ᠲᠠᠷᠭᠤᠯᠠᠭᠤᠯᠬᠤ ᠬᠡᠪᠴᠢᠶ᠎ᠡ ᠶᠢ ᠠᠯᠬᠤᠮ ᠠᠯᠬᠤᠮ ᠢᠶᠠᠷ ᠦᠷᠬᠡᠳᠬᠡᠨ᠂ ᠪᠠᠶᠢᠭᠠᠯᠢᠯᠢᠭ ᠮᠠᠯ ᠤᠨᠤᠭ᠎ᠠ ᠶᠢ ᠪᠡᠯᠴᠢᠭᠡᠷᠯᠡᠭᠦᠯᠬᠦ ᠶᠢ ᠴᠠᠭᠠᠵᠠᠯᠠᠨ᠂ ᠲᠠᠷᠢᠮᠠᠯ ᠤᠨ ᠪᠦᠲᠦᠴᠡ ᠳᠤ ᠲᠤᠬᠢᠷᠠᠭᠤᠯᠤᠯᠳᠠ ᠬᠢᠵᠦ᠂ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ‌ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠨ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠵᠦ᠂ᠡᠷᠲᠡ ᠠᠳᠬᠤᠵᠤ᠂ ᠪᠦᠬᠦ ᠲᠠᠯᠠᠪᠠᠢ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠬᠡᠵᠡᠢ᠃   ᠲᠠᠪᠦ‍ ᠨᠢᠬᠡ ᠮᠠᠯᠵᠢᠯ ᠎ ᠤᠨ ᠲᠠᠯᠠᠪᠠᠢ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠬᠤᠪᠢᠶᠠᠷᠢ ᠲᠠᠯᠠᠪᠠᠢ᠂ ᠲᠣᠭᠤᠷᠢᠭ ᠤᠨ ᠬᠠᠷᠢᠭᠤᠴᠠᠯᠭᠠᠲᠠᠨ᠂  ᠬᠤᠰᠢᠭᠤ ᠲᠡᠰ ‍ᠦᠨ‌ᠬᠤᠶᠠᠷ ᠲᠥᠯᠥᠭᠡᠯᠡᠭᠴᠢ ᠨᠢᠭᠡ ᠭᠡᠰᠢᠭᠦᠨ᠂ ᠲᠠᠯᠠᠪᠠᠢ ᠳᠤ ᠰᠠᠭᠤᠭ᠎ᠠ ᠨᠢᠭᠡᠴᠢ ᠶᠢᠨ ᠬᠠᠷᠢᠭᠤᠴᠠᠯᠭᠠᠲᠠᠨ᠂ ᠪᠠᠶᠢᠭᠤᠯᠭ᠎ᠠ ᠨᠢᠬᠡᠴᠠ ᠶᠢᠨ ᠰᠠᠯᠠᠭ᠎ᠠ ᠲᠠᠰᠤᠭ ᠤᠨ ᠪᠦᠬᠦ ᠠᠵᠢᠯᠲᠠᠨ ᠬᠤᠷᠠᠯ ᠳᠤ ᠣᠷᠣᠯᠴᠠᠪᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号