ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠣᠣ ᠵᠢᠶᠠᠨ ᠵᠢᠶᠦ᠋ᠨ‌ᠡᠯᠡᠰᠤ ᠶᠢ ᠵᠠᠰᠠᠬᠤ ᠠᠵᠢᠯ ᠳᠤ ᠬᠥᠴᠥᠨ ᠵᠢᠥᠠᠬᠦᠯ ᠢᠶᠠᠨ ᠡᠷᠬᠦᠵᠤ ᠪᠠᠶᠢᠨ᠎ᠠ
ᠨᠡᠶᠢᠲᠡᠯᠡᠭᠰᠡᠨ ᠴᠠᠭ᠄
2024/3/27
          ᠵᠣᠣ ᠵᠢᠶᠠᠨ ᠵᠢᠶᠦ᠋ᠨ ᠪᠣᠯ ᠰᠢᠯᠤᠭᠤᠨ ᠬᠥᠬᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠰᠢᠯᠤᠭᠤᠨ ᠬᠥᠬᠡ ᠬᠤᠰᠢᠭᠤᠨ ᠤ ᠣᠶ ᠰᠢᠭᠤᠶ ᠶᠢᠨ ᠠᠵᠢᠯ ᠤᠨ ᠦᠷᠳᠡᠬᠡᠨ ᠤ ᠳᠡᠳ᠋ ᠳᠠᠷᠤᠭ᠎ᠠ ᠪᠣᠯᠤᠨ᠎ᠠ᠃ ᠤᠢ ᠰᠢᠭᠤᠢ ᠶᠢᠨ ᠠᠵᠢᠯ  ᠳᠤ 28 ᠵᠢᠯ ᠤᠨ ᠲᠤᠷᠰᠢ  ᠭᠠᠷᠮᠠᠭᠠᠶᠢᠯᠬᠠᠰᠠᠠ ᠵᠤᠤ ᠵᠢᠶᠠᠨ ᠵᠢᠶᠦ᠋ᠨ ᠬᠠᠮᠲᠤ ᠠᠵᠢᠯᠯᠠᠭᠰᠠᠳ ᠲᠠᠢ ᠪᠠᠨ ᠮᠥᠷᠥ ᠵᠡᠷᠭᠡᠴᠡᠨ ᠠᠵᠢᠯᠯᠠᠵᠣ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠢᠨᠵᠧᠨᠧᠷᠢᠩ᠂ ᠠᠮᠢ ᠠᠬᠤᠢ ᠶᠢ ᠰᠡᠷᠭᠦᠭᠡᠬᠦ ᠶᠠᠪᠤᠴᠠ ᠳᠤ ᠲᠤᠪᠤᠶᠢᠮ᠎ᠠ ᠬᠤᠪᠢ ᠨᠡᠮᠡᠷᠢ ᠦᠵᠡᠬᠦᠯᠵᠦ ᠢᠷᠡᠵᠠᠢ᠃ ᠲᠡᠷᠡ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠲᠠᠷᠠᠭ᠎ᠠ᠂ ᠨᠡᠩ ᠴᠤ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠤᠯᠠᠨ ᠲᠦᠮᠡᠨ ᠤ ᠬᠦᠰᠡᠯ ᠡᠷᠡᠮᠡᠯᠵᠡᠯ᠂ ᠨᠡᠶᠢᠭᠡᠮ ᠤᠨ ᠬᠦᠰᠡᠯ ᠡᠷᠡᠮᠡᠯᠵᠡᠯ ᠢ ᠠᠩᠬᠠᠷᠴᠤ᠂ ᠬᠡᠬᠦᠳᠡᠭ ᠳᠦᠭᠦᠷᠡᠩ ᠤᠯᠤᠰ ᠲᠦᠷᠦ ᠶᠢᠨ ᠬᠠᠯᠠᠭᠤᠨ ᠰᠡᠳᠬᠢᠯᠭᠡ ᠪᠠ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠᠷ ᠨᠢᠭᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠭᠰᠡᠬᠡᠷ ᠢᠷᠡᠵᠡᠢ᠃
微信图片_20240327090843.jpg
微信图片_20240327090854.jpg
    1996 ᠣᠨ ᠳᠤ᠂ ᠵᠤᠤ ᠵᠢᠶᠠᠨ ᠵᠢᠶᠦ᠋ᠨ ᠠᠵᠢᠯ ᠳᠤ ᠣᠷᠣᠵᠤ  ᠤᠳᠤ ᠪᠤᠯᠬᠤ ᠳᠤ ᠭᠤᠴᠢ ᠰᠢᠬᠠᠮ ᠵᠢᠯ ᠪᠣᠯᠵᠠᠢ᠃ ᠲᠡᠷᠡ ᠤᠷᠢᠳ ᠬᠤᠵᠢᠳ ᠤᠯᠠᠨ ᠵᠦᠢᠯ ᠤᠨ ᠡᠯᠡᠰᠦᠷᠬᠡᠭ ᠭᠠᠵᠠᠷ ᠢ ᠵᠠᠰᠠᠬᠤ ᠪᠠ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠲᠦᠷᠦᠯ ᠵᠦᠢᠯ ᠢ ᠬᠡᠷᠡᠭᠵᠢᠭᠦᠯᠬᠦ ᠵᠢᠴᠢ ᠡᠳᠦᠷ ᠳᠤᠳᠤᠮ ᠤᠨ ᠨᠢᠰᠬᠡᠯ ᠢᠶᠠᠷ ᠲᠠᠷᠢᠵᠤ ᠣᠶᠢᠵᠢᠭᠤᠯᠬᠤ᠂ ᠠᠭᠤᠯᠠ ᠶᠢ ᠪᠢᠲᠡᠭᠦᠮᠵᠢᠯᠡᠨ ᠤᠢ ᠮᠣᠳᠣ ᠪᠣᠶᠢᠵᠢᠭᠤᠯᠬᠤ᠂ ᠬᠥᠮᠦᠨ ᠤ ᠬᠦᠴᠦ ᠪᠠᠷ ᠣᠶᠢᠵᠢᠭᠤᠯᠬᠤ᠂ ᠢᠨᠵᠧᠨᠧᠷᠢᠩ ᠢᠶᠠᠷ ᠡᠯᠡᠰᠦ ᠶᠢ ᠲᠣᠭᠲᠠᠪᠤᠷᠢᠵᠢᠭᠤᠯᠬᠤ ᠵᠡᠷᠭᠡ ᠲᠦᠷᠦᠯ ᠵᠦᠢᠯ ᠤᠨ ᠵᠢᠷᠤᠭ ᠲᠥᠯᠥᠪᠯᠡᠭᠡ ᠶᠢᠨ ᠲᠥᠰᠦᠯ ᠢ ᠨᠠᠶᠢᠷᠠᠭᠤᠯᠤᠨ ᠵᠣᠬᠢᠶᠠᠬᠤ᠂ ᠬᠢᠨᠠᠨ ᠲᠣᠭᠲᠠᠭᠠᠬᠤ᠂ ᠬᠡᠷᠡᠭᠵᠢᠭᠦᠯᠬᠦ ᠵᠡᠷᠭᠡ ᠠᠵᠢᠯ ᠢ ᠵᠣᠬᠢᠶᠠᠨ  ᠪᠠᠶᠢᠭᠤᠯᠣᠨ ᠬᠢᠵᠦ᠂ ᠮᠡᠷᠭᠡᠵᠢᠯ ᠤᠨ ᠠᠵᠢᠯᠳᠠᠨ ᠢ ᠬᠥᠮᠦᠵᠢᠭᠦᠯᠦᠨ ᠳᠠᠭᠠᠭᠤᠯᠵᠤ᠂ ᠮᠡᠷᠭᠡᠵᠢᠯ ᠤᠨ ᠬᠦᠷᠢᠶᠡᠨ ᠳᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠡᠢ᠃     ᠡᠯᠡᠰᠦ ᠮᠠᠩᠬ᠎ᠠ ᠶᠢ ᠵᠠᠰᠠᠬᠤ ᠣᠯᠠᠨ ᠵᠢᠯ ᠤᠨ ᠦᠢᠯᠡᠳᠦᠯᠭᠡ ᠳᠤᠮᠳᠠ᠂ ᠵᠣᠣ ᠵᠢᠶᠠᠨ ᠵᠢᠶᠦ᠋ᠨ ᠰᠢᠨ᠎ᠡ ᠠᠷᠭ᠎ᠠ ᠵᠠᠮ ᠢ ᠲᠠᠰᠤᠷᠠᠯᠲᠠ ᠤᠢᠭᠡᠢ ᠰᠦᠪᠡᠭᠴᠢᠯᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠲᠤᠬᠠᠶ ᠶᠢᠨ ᠭᠠᠵᠠᠷ ᠣᠷᠣᠨ ᠎ ᠤ ᠪᠠᠶᠢᠳᠠᠯ ᠳᠠᠭᠠᠨ ᠲᠣᠬᠢᠷᠠᠭᠤᠯᠤᠨ ᠡᠯᠡᠰᠦ ᠮᠠᠩᠬ᠎ᠠ ᠶᠢ ᠵᠠᠰᠠᠬᠤ ᠠᠷᠭ᠎ᠠ ᠶᠢ ᠰᠠᠶᠢᠵᠢᠷᠠᠭᠤᠯᠤᠨ᠂ ᠲᠡᠷᠢᠭᠦᠨ ᠤ ᠬᠡᠷᠡᠭᠯᠡᠭᠡᠨ ᠤ ᠰᠢᠨ᠎ᠡ ᠮᠡᠷᠭᠡᠵᠢᠯ᠂ ᠰᠢᠨ᠎ᠡ ᠵᠠᠭᠪᠤᠷ ᠢ ᠶᠡᠬᠡᠪᠡᠷ ᠳᠡᠯᠭᠡᠷᠡᠭᠦᠯᠵᠦ᠂ ᠪᠦᠬᠦ ᠬᠤᠰᠢᠭᠤᠨ ᠤ ᠡᠯᠡᠰᠦ ᠮᠠᠩᠬ᠎ᠠ ᠎ ᠶᠢ ᠰᠡᠷᠭᠡᠶᠢᠯᠡᠨ ᠵᠠᠰᠠᠬᠤ ᠠᠵᠢᠯ ᠤᠨ ᠠᠬᠢᠴᠠ ᠶᠢ ᠲᠦᠷᠭᠡᠳᠬᠡᠭᠰᠡᠨ ᠪᠠᠶᠢᠨ᠎ᠠ᠃ ᠪᠢᠲᠡᠭᠦᠮᠵᠢᠯᠡᠨ  ᠬᠠᠮᠠᠭᠠᠯᠠᠬᠤ᠂ ᠨᠢᠰᠬᠡᠯ ᠢᠶᠠᠷ ᠲᠠᠷᠢᠵᠤ ᠣᠶᠢᠵᠢᠭᠤᠯᠬᠤ᠂ ᠢᠨᠵᠧᠨᠧᠷᠢᠩ ᠢᠶᠠᠷ ᠡᠯᠡᠰᠦ ᠶᠢ ᠵᠠᠰᠠᠬᠤ ᠵᠡᠷᠭᠡ ᠡᠯᠡᠰᠦᠷᠬᠡᠭᠵᠢᠯ ᠢ ᠵᠠᠰᠠᠬᠤ ᠣᠯᠠᠨ ᠵᠦᠢᠯ ᠤᠨ ᠠᠷᠭ᠎ᠠ ᠬᠡᠮᠵᠢᠶ᠎ᠡ‌ᠠᠪᠬᠤ ᠪᠠᠷ ᠳᠠᠮᠵᠢᠭᠤᠯᠤᠨ᠂ ᠡᠯᠡᠰᠤ ᠵᠢ‌ᠵᠠᠰᠠᠬᠤ ᠣᠷᠣᠨ ᠤ ᠤᠷᠭᠤᠮᠠᠯ ᠤᠨ ᠬᠤᠴᠢᠯᠭ᠎ᠠ ᠶᠢᠨ ᠪᠦᠷᠬᠦᠴᠡ 2000 ᠣᠨ ᠳᠤ 20 % ᠬᠦᠷᠬᠦ ᠦᠭᠡᠶ ᠪᠠᠶᠢᠭᠰᠠᠨ ᠠᠴᠠ ᠪᠠᠨ ᠣᠳᠣ 65 % ᠎ ᠠᠴᠠ ᠳᠡᠭᠡᠭᠰᠢ ᠪᠣᠯᠵᠣ ᠲᠡᠭᠡᠭᠰᠢᠯᠡᠵᠦ᠂ ᠡᠪᠡᠰᠦᠨ ᠤ   ᠥᠨᠳᠥᠷ ‍ᠦᠨ‌‍ᠲ᠋ᠤᠮᠳᠠᠴᠢ ᠬᠡᠮᠵᠢᠶ᠎ᠡ 15 ᠰᠠᠨᠲ᠋ᠢᠮᠧᠲᠷ ᠬᠦᠷᠬᠦ ᠦᠭᠡᠶ ᠪᠠᠶᠢᠭᠰᠠᠨ ᠠᠴᠠ ᠪᠠᠨ 21 ᠰᠠᠨᠲ᠋ᠢᠮᠧᠲᠷ  ᠪᠣᠯᠵᠣ᠂ ᠮᠦ ᠪᠦᠷᠢ ᠶᠢᠨ ᠳᠤᠮᠳᠠᠴᠢ ᠬᠠᠭᠤᠷᠠᠶ ᠡᠪᠡᠰᠦᠨ ᠤ ᠤᠨᠠᠯᠲᠠ 30 ᠺᠢᠯᠣᠭ᠍ᠷᠠᠮ ᠬᠦᠷᠬᠦ ᠦᠭᠡᠶ ᠪᠠᠶᠢᠭᠰᠠᠨ ᠠᠴᠠ ᠪᠠᠨ ᠣᠳᠣ 50 ᠺᠢᠯᠣᠭ᠍ᠷᠠᠮ ᠣᠷᠴᠢᠮ ᠪᠣᠯᠵᠣ ᠲᠡᠭᠡᠭᠰᠢᠯᠡᠵᠦ᠂ ᠨᠤᠲᠤᠭ ᠪᠡᠯᠴᠢᠭᠡᠷ ᠤᠨ ᠳᠤᠮᠳᠠᠴᠢ ᠪᠦᠷᠬᠦᠴᠡ ᠶᠢ 55% ᠎ ᠶᠢᠨ ᠲᠣᠭᠲᠠᠭᠤᠨ ᠢ ᠪᠠᠳᠣᠯᠠᠨ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ 8.7% ᠪᠠᠶᠢᠭᠰᠠᠨ ᠠᠴᠠ 20.5% ᠪᠣᠯᠲᠠᠯ᠎ᠠ ᠲᠡᠭᠡᠭᠰᠢᠯᠡᠵᠦ᠂  ᠦᠷ᠎ᠡ ᠪᠦᠲᠦᠮᠵᠢ ᠢᠯᠡᠷᠬᠡᠶ  ᠪᠣᠯᠵᠠᠢ᠃     ᠵᠣᠣ ᠵᠢᠶᠠᠨ ᠵᠢᠶᠦ᠋ᠨ᠄  ︽2000 ᠣᠨ ᠳᠤ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠢ ᠡᠬᠢᠯᠡᠭᠦᠯᠦᠭᠰᠡᠨ ᠠᠴᠠ ᠨᠠᠰᠢ᠂ ᠮᠠᠨ ᠤ ᠬᠤᠰᠢᠭᠤ ᠨᠡᠶᠢᠲᠡ 393.35 ᠲᠦᠮᠡᠨ ᠮᠥ ᠭᠠᠵᠠᠷ  ᠢ ᠵᠠᠰᠠᠵᠦ᠂ ᠡᠭᠦᠨ ᠳᠤ ᠣᠶ ᠰᠢᠭᠤᠶ ᠶᠢᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ 228.78 ᠲᠦᠮᠡᠨ ᠮᠥ ᠪᠠᠭᠳᠠᠵᠤ ᠪᠠᠶᠢᠨ᠎ᠠ᠃ 20 ᠭᠠᠷᠤᠶ ᠵᠢᠯ ᠤᠨ ᠵᠠᠰᠠᠯᠲᠠ ᠪᠠ ᠬᠠᠮᠠᠭᠠᠯᠠᠯᠲᠠ ᠪᠠᠷ ᠳᠡᠮᠵᠢᠨ᠂ ᠠᠮᠢ ᠠᠬᠤᠶ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠬᠦᠨᠳᠦ ᠡᠯᠡᠰᠦᠷᠬᠡᠭᠵᠢᠭᠰᠡᠨ ᠭᠠᠵᠠᠷ ᠣᠷᠣᠨ ᠢ ᠪᠦᠲᠦᠮᠵᠢᠲᠡᠶ ᠵᠠᠰᠠᠵᠤ᠂ ᠨᠡᠭᠦᠳᠡᠯ᠂ ᠬᠠᠭᠠᠰ ᠨᠡᠭᠦᠳᠡᠯ ᠡᠯᠡᠰᠦᠷᠬᠡᠭ ᠭᠠᠵᠠᠷ ᠢ ᠦᠨᠳᠦᠰᠦᠨ ᠳᠡᠭᠡᠨ ᠲᠣᠭᠲᠠᠪᠤᠷᠢᠵᠢᠭᠤᠯᠪᠠ︾ ᠬᠡᠯ᠎ᠡ᠃    ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠵᠤᠤ ᠵᠢᠶᠠᠨ ᠵᠢᠶᠦ᠋ᠨ᠂ ᠳᠠᠷᠠᠭᠠᠴᠢ ᠎ ᠶᠢᠨ ᠠᠯᠬᠤᠮ ᠳᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ  ᠪᠠᠶᠢᠴᠠᠭᠠᠠᠠᠰᠠᠠ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠣᠰᠣᠭᠠᠷ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠳᠠᠶᠢᠯᠠᠯᠳᠤᠭᠠᠨ ᠳᠤ ᠢᠳᠡᠪᠬᠢᠲᠡᠢ ᠣᠷᠣᠯᠴᠠᠵᠤ᠂  ᠢᠯᠠᠯᠲᠠ ᠤᠯᠬᠤ ᠳᠤ ᠥᠪᠡᠷ ᠤᠨ ᠭᠡᠰᠡᠨ‌ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号