| ᠵᠣᠣ ᠵᠢᠶᠠᠨ ᠵᠢᠶᠦ᠋ᠨ ᠪᠣᠯ ᠰᠢᠯᠤᠭᠤᠨ ᠬᠥᠬᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠨ᠂ ᠰᠢᠯᠤᠭᠤᠨ ᠬᠥᠬᠡ ᠬᠤᠰᠢᠭᠤᠨ ᠤ ᠣᠶ ᠰᠢᠭᠤᠶ ᠶᠢᠨ ᠠᠵᠢᠯ ᠤᠨ | ᠦᠷᠳᠡᠬᠡᠨ ᠤ ᠳᠡᠳ᠋ ᠳᠠᠷᠤᠭ᠎ᠠ ᠪᠣᠯᠤᠨ᠎ᠠ᠃ ᠤᠢ ᠰᠢᠭᠤᠢ ᠶᠢᠨ ᠠᠵᠢᠯ ᠳᠤ 28 ᠵᠢᠯ ᠤᠨ ᠲᠤᠷᠰᠢ | ᠭᠠᠷᠮᠠᠭᠠᠶᠢᠯᠬᠠᠰᠠᠠ ᠵᠤᠤ ᠵᠢᠶᠠᠨ ᠵᠢᠶᠦ᠋ᠨ ᠬᠠᠮᠲᠤ ᠠᠵᠢᠯᠯᠠᠭᠰᠠᠳ ᠲᠠᠢ ᠪᠠᠨ ᠮᠥᠷᠥ ᠵᠡᠷᠭᠡᠴᠡᠨ ᠠᠵᠢᠯᠯᠠᠵᠣ᠂ ᠪᠡᠭᠡᠵᠢᠩ | ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠢᠨᠵᠧᠨᠧᠷᠢᠩ᠂ ᠠᠮᠢ ᠠᠬᠤᠢ ᠶᠢ ᠰᠡᠷᠭᠦᠭᠡᠬᠦ ᠶᠠᠪᠤᠴᠠ ᠳᠤ | ᠲᠤᠪᠤᠶᠢᠮ᠎ᠠ ᠬᠤᠪᠢ ᠨᠡᠮᠡᠷᠢ ᠦᠵᠡᠬᠦᠯᠵᠦ ᠢᠷᠡᠵᠠᠢ᠃ ᠲᠡᠷᠡ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ | ᠪᠣᠯᠤᠭᠰᠠᠨ ᠤ ᠲᠠᠷᠠᠭ᠎ᠠ᠂ ᠨᠡᠩ ᠴᠤ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠤᠯᠠᠨ ᠲᠦᠮᠡᠨ ᠤ ᠬᠦᠰᠡᠯ | ᠡᠷᠡᠮᠡᠯᠵᠡᠯ᠂ ᠨᠡᠶᠢᠭᠡᠮ ᠤᠨ ᠬᠦᠰᠡᠯ ᠡᠷᠡᠮᠡᠯᠵᠡᠯ ᠢ ᠠᠩᠬᠠᠷᠴᠤ᠂ ᠬᠡᠬᠦᠳᠡᠭ ᠳᠦᠭᠦᠷᠡᠩ ᠤᠯᠤᠰ ᠲᠦᠷᠦ ᠶᠢᠨ | ᠬᠠᠯᠠᠭᠤᠨ ᠰᠡᠳᠬᠢᠯᠭᠡ ᠪᠠ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠᠷ ᠨᠢᠭᠡᠨ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠨ ᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠭᠰᠡᠬᠡᠷ ᠢᠷᠡᠵᠡᠢ᠃ | | | | 1996 ᠣᠨ ᠳᠤ᠂ ᠵᠤᠤ ᠵᠢᠶᠠᠨ ᠵᠢᠶᠦ᠋ᠨ ᠠᠵᠢᠯ ᠳᠤ ᠣᠷᠣᠵᠤ ᠤᠳᠤ ᠪᠤᠯᠬᠤ ᠳᠤ ᠭᠤᠴᠢ ᠰᠢᠬᠠᠮ ᠵᠢᠯ | ᠪᠣᠯᠵᠠᠢ᠃ ᠲᠡᠷᠡ ᠤᠷᠢᠳ ᠬᠤᠵᠢᠳ ᠤᠯᠠᠨ ᠵᠦᠢᠯ ᠤᠨ ᠡᠯᠡᠰᠦᠷᠬᠡᠭ ᠭᠠᠵᠠᠷ ᠢ ᠵᠠᠰᠠᠬᠤ ᠪᠠ ᠤᠯᠤᠰ ᠤᠨ ᠨᠤᠲᠤᠭ | ᠳᠡᠪᠢᠰᠬᠡᠷ ᠢ ᠨᠣᠭᠤᠭᠠᠷᠠᠭᠤᠯᠬᠤ ᠲᠦᠷᠦᠯ ᠵᠦᠢᠯ ᠢ ᠬᠡᠷᠡᠭᠵᠢᠭᠦᠯᠬᠦ ᠵᠢᠴᠢ ᠡᠳᠦᠷ ᠳᠤᠳᠤᠮ ᠤᠨ ᠨᠢᠰᠬᠡᠯ ᠢᠶᠠᠷ ᠲᠠᠷᠢᠵᠤ | ᠣᠶᠢᠵᠢᠭᠤᠯᠬᠤ᠂ ᠠᠭᠤᠯᠠ ᠶᠢ ᠪᠢᠲᠡᠭᠦᠮᠵᠢᠯᠡᠨ ᠤᠢ ᠮᠣᠳᠣ ᠪᠣᠶᠢᠵᠢᠭᠤᠯᠬᠤ᠂ ᠬᠥᠮᠦᠨ ᠤ ᠬᠦᠴᠦ ᠪᠠᠷ | ᠣᠶᠢᠵᠢᠭᠤᠯᠬᠤ᠂ ᠢᠨᠵᠧᠨᠧᠷᠢᠩ ᠢᠶᠠᠷ ᠡᠯᠡᠰᠦ ᠶᠢ ᠲᠣᠭᠲᠠᠪᠤᠷᠢᠵᠢᠭᠤᠯᠬᠤ ᠵᠡᠷᠭᠡ ᠲᠦᠷᠦᠯ ᠵᠦᠢᠯ ᠤᠨ ᠵᠢᠷᠤᠭ | ᠲᠥᠯᠥᠪᠯᠡᠭᠡ ᠶᠢᠨ ᠲᠥᠰᠦᠯ ᠢ ᠨᠠᠶᠢᠷᠠᠭᠤᠯᠤᠨ ᠵᠣᠬᠢᠶᠠᠬᠤ᠂ ᠬᠢᠨᠠᠨ ᠲᠣᠭᠲᠠᠭᠠᠬᠤ᠂ ᠬᠡᠷᠡᠭᠵᠢᠭᠦᠯᠬᠦ ᠵᠡᠷᠭᠡ ᠠᠵᠢᠯ ᠢ | ᠵᠣᠬᠢᠶᠠᠨ ᠪᠠᠶᠢᠭᠤᠯᠣᠨ ᠬᠢᠵᠦ᠂ ᠮᠡᠷᠭᠡᠵᠢᠯ ᠤᠨ ᠠᠵᠢᠯᠳᠠᠨ ᠢ ᠬᠥᠮᠦᠵᠢᠭᠦᠯᠦᠨ ᠳᠠᠭᠠᠭᠤᠯᠵᠤ᠂ ᠮᠡᠷᠭᠡᠵᠢᠯ ᠤᠨ | ᠬᠦᠷᠢᠶᠡᠨ ᠳᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠡᠢ᠃ | ᠡᠯᠡᠰᠦ ᠮᠠᠩᠬ᠎ᠠ ᠶᠢ ᠵᠠᠰᠠᠬᠤ ᠣᠯᠠᠨ ᠵᠢᠯ ᠤᠨ ᠦᠢᠯᠡᠳᠦᠯᠭᠡ ᠳᠤᠮᠳᠠ᠂ ᠵᠣᠣ ᠵᠢᠶᠠᠨ ᠵᠢᠶᠦ᠋ᠨ ᠰᠢᠨ᠎ᠡ ᠠᠷᠭ᠎ᠠ | ᠵᠠᠮ ᠢ ᠲᠠᠰᠤᠷᠠᠯᠲᠠ ᠤᠢᠭᠡᠢ ᠰᠦᠪᠡᠭᠴᠢᠯᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠲᠤᠬᠠᠶ ᠶᠢᠨ ᠭᠠᠵᠠᠷ ᠣᠷᠣᠨ | ᠤ ᠪᠠᠶᠢᠳᠠᠯ ᠳᠠᠭᠠᠨ ᠲᠣᠬᠢᠷᠠᠭᠤᠯᠤᠨ ᠡᠯᠡᠰᠦ ᠮᠠᠩᠬ᠎ᠠ ᠶᠢ ᠵᠠᠰᠠᠬᠤ ᠠᠷᠭ᠎ᠠ ᠶᠢ ᠰᠠᠶᠢᠵᠢᠷᠠᠭᠤᠯᠤᠨ᠂ ᠲᠡᠷᠢᠭᠦᠨ ᠤ | ᠬᠡᠷᠡᠭᠯᠡᠭᠡᠨ ᠤ ᠰᠢᠨ᠎ᠡ ᠮᠡᠷᠭᠡᠵᠢᠯ᠂ ᠰᠢᠨ᠎ᠡ ᠵᠠᠭᠪᠤᠷ ᠢ ᠶᠡᠬᠡᠪᠡᠷ ᠳᠡᠯᠭᠡᠷᠡᠭᠦᠯᠵᠦ᠂ ᠪᠦᠬᠦ ᠬᠤᠰᠢᠭᠤᠨ ᠤ ᠡᠯᠡᠰᠦ ᠮᠠᠩᠬ᠎ᠠ | ᠶᠢ ᠰᠡᠷᠭᠡᠶᠢᠯᠡᠨ ᠵᠠᠰᠠᠬᠤ ᠠᠵᠢᠯ ᠤᠨ ᠠᠬᠢᠴᠠ ᠶᠢ ᠲᠦᠷᠭᠡᠳᠬᠡᠭᠰᠡᠨ ᠪᠠᠶᠢᠨ᠎ᠠ᠃ ᠪᠢᠲᠡᠭᠦᠮᠵᠢᠯᠡᠨ ᠬᠠᠮᠠᠭᠠᠯᠠᠬᠤ᠂ | ᠨᠢᠰᠬᠡᠯ ᠢᠶᠠᠷ ᠲᠠᠷᠢᠵᠤ ᠣᠶᠢᠵᠢᠭᠤᠯᠬᠤ᠂ ᠢᠨᠵᠧᠨᠧᠷᠢᠩ ᠢᠶᠠᠷ ᠡᠯᠡᠰᠦ ᠶᠢ ᠵᠠᠰᠠᠬᠤ ᠵᠡᠷᠭᠡ ᠡᠯᠡᠰᠦᠷᠬᠡᠭᠵᠢᠯ ᠢ ᠵᠠᠰᠠᠬᠤ | ᠣᠯᠠᠨ ᠵᠦᠢᠯ ᠤᠨ ᠠᠷᠭ᠎ᠠ ᠬᠡᠮᠵᠢᠶᠡᠠᠪᠬᠤ ᠪᠠᠷ ᠳᠠᠮᠵᠢᠭᠤᠯᠤᠨ᠂ ᠡᠯᠡᠰᠤ ᠵᠢᠵᠠᠰᠠᠬᠤ ᠣᠷᠣᠨ ᠤ ᠤᠷᠭᠤᠮᠠᠯ ᠤᠨ | ᠬᠤᠴᠢᠯᠭ᠎ᠠ ᠶᠢᠨ ᠪᠦᠷᠬᠦᠴᠡ 2000 ᠣᠨ ᠳᠤ 20 % ᠬᠦᠷᠬᠦ ᠦᠭᠡᠶ ᠪᠠᠶᠢᠭᠰᠠᠨ ᠠᠴᠠ ᠪᠠᠨ ᠣᠳᠣ 65 % | ᠠᠴᠠ ᠳᠡᠭᠡᠭᠰᠢ ᠪᠣᠯᠵᠣ ᠲᠡᠭᠡᠭᠰᠢᠯᠡᠵᠦ᠂ ᠡᠪᠡᠰᠦᠨ ᠤ ᠥᠨᠳᠥᠷ ᠦᠨᠲ᠋ᠤᠮᠳᠠᠴᠢ ᠬᠡᠮᠵᠢᠶ᠎ᠡ 15 ᠰᠠᠨᠲ᠋ᠢᠮᠧᠲᠷ ᠬᠦᠷᠬᠦ | ᠦᠭᠡᠶ ᠪᠠᠶᠢᠭᠰᠠᠨ ᠠᠴᠠ ᠪᠠᠨ 21 ᠰᠠᠨᠲ᠋ᠢᠮᠧᠲᠷ ᠪᠣᠯᠵᠣ᠂ ᠮᠦ ᠪᠦᠷᠢ ᠶᠢᠨ ᠳᠤᠮᠳᠠᠴᠢ ᠬᠠᠭᠤᠷᠠᠶ ᠡᠪᠡᠰᠦᠨ ᠤ | ᠤᠨᠠᠯᠲᠠ 30 ᠺᠢᠯᠣᠭ᠍ᠷᠠᠮ ᠬᠦᠷᠬᠦ ᠦᠭᠡᠶ ᠪᠠᠶᠢᠭᠰᠠᠨ ᠠᠴᠠ ᠪᠠᠨ ᠣᠳᠣ 50 ᠺᠢᠯᠣᠭ᠍ᠷᠠᠮ ᠣᠷᠴᠢᠮ ᠪᠣᠯᠵᠣ | ᠲᠡᠭᠡᠭᠰᠢᠯᠡᠵᠦ᠂ ᠨᠤᠲᠤᠭ ᠪᠡᠯᠴᠢᠭᠡᠷ ᠤᠨ ᠳᠤᠮᠳᠠᠴᠢ ᠪᠦᠷᠬᠦᠴᠡ ᠶᠢ 55% ᠶᠢᠨ ᠲᠣᠭᠲᠠᠭᠤᠨ ᠢ ᠪᠠᠳᠣᠯᠠᠨ᠂ ᠣᠶ | ᠰᠢᠭᠤᠶ ᠶᠢᠨ ᠪᠦᠷᠬᠦᠴᠡ ᠶᠢᠨ ᠨᠣᠷᠮ᠎ᠠ 8.7% ᠪᠠᠶᠢᠭᠰᠠᠨ ᠠᠴᠠ 20.5% ᠪᠣᠯᠲᠠᠯ᠎ᠠ ᠲᠡᠭᠡᠭᠰᠢᠯᠡᠵᠦ᠂ ᠦᠷ᠎ᠡ | ᠪᠦᠲᠦᠮᠵᠢ ᠢᠯᠡᠷᠬᠡᠶ ᠪᠣᠯᠵᠠᠢ᠃ | ᠵᠣᠣ ᠵᠢᠶᠠᠨ ᠵᠢᠶᠦ᠋ᠨ᠄ ︽2000 ᠣᠨ ᠳᠤ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ | ᠢᠨᠵᠧᠨᠧᠷᠢᠩ ᠢ ᠡᠬᠢᠯᠡᠭᠦᠯᠦᠭᠰᠡᠨ ᠠᠴᠠ ᠨᠠᠰᠢ᠂ ᠮᠠᠨ ᠤ ᠬᠤᠰᠢᠭᠤ ᠨᠡᠶᠢᠲᠡ 393.35 ᠲᠦᠮᠡᠨ ᠮᠥ ᠭᠠᠵᠠᠷ ᠢ | ᠵᠠᠰᠠᠵᠦ᠂ ᠡᠭᠦᠨ ᠳᠤ ᠣᠶ ᠰᠢᠭᠤᠶ ᠶᠢᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ 228.78 ᠲᠦᠮᠡᠨ ᠮᠥ | ᠪᠠᠭᠳᠠᠵᠤ ᠪᠠᠶᠢᠨ᠎ᠠ᠃ 20 ᠭᠠᠷᠤᠶ ᠵᠢᠯ ᠤᠨ ᠵᠠᠰᠠᠯᠲᠠ ᠪᠠ ᠬᠠᠮᠠᠭᠠᠯᠠᠯᠲᠠ ᠪᠠᠷ ᠳᠡᠮᠵᠢᠨ᠂ ᠠᠮᠢ ᠠᠬᠤᠶ ᠶᠢᠨ | ᠣᠷᠴᠢᠨ ᠲᠣᠭᠤᠷᠢᠨ ᠢᠯᠡᠳᠲᠡ ᠰᠠᠶᠢᠵᠢᠷᠠᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠬᠦᠨᠳᠦ | ᠡᠯᠡᠰᠦᠷᠬᠡᠭᠵᠢᠭᠰᠡᠨ ᠭᠠᠵᠠᠷ ᠣᠷᠣᠨ ᠢ ᠪᠦᠲᠦᠮᠵᠢᠲᠡᠶ ᠵᠠᠰᠠᠵᠤ᠂ ᠨᠡᠭᠦᠳᠡᠯ᠂ ᠬᠠᠭᠠᠰ ᠨᠡᠭᠦᠳᠡᠯ ᠡᠯᠡᠰᠦᠷᠬᠡᠭ ᠭᠠᠵᠠᠷ ᠢ | ᠦᠨᠳᠦᠰᠦᠨ ᠳᠡᠭᠡᠨ ᠲᠣᠭᠲᠠᠪᠤᠷᠢᠵᠢᠭᠤᠯᠪᠠ︾ ᠬᠡᠯᠡ᠃ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠵᠤᠤ ᠵᠢᠶᠠᠨ ᠵᠢᠶᠦ᠋ᠨ᠂ ᠳᠠᠷᠠᠭᠠᠴᠢ | ᠶᠢᠨ ᠠᠯᠬᠤᠮ ᠳᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠠᠠᠰᠠᠠ | ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠣᠰᠣᠭᠠᠷ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ | ᠭᠠᠵᠠᠷ ᠤᠨ ᠳᠠᠶᠢᠯᠠᠯᠳᠤᠭᠠᠨ ᠳᠤ ᠢᠳᠡᠪᠬᠢᠲᠡᠢ ᠣᠷᠣᠯᠴᠠᠵᠤ᠂ ᠢᠯᠠᠯᠲᠠ ᠤᠯᠬᠤ ᠳᠤ ᠥᠪᠡᠷ ᠤᠨ ᠭᠡᠰᠡᠨᠬᠤᠪᠢ | ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃ | | |