| | ᠥᠪᠥᠷ ᠰᠤᠷᠭᠠᠨ ᠰᠤᠷᠤᠭᠴᠢ ᠪᠢᠴᠢᠭ ︹2024︺ 3 ᠳ᠋ᠤᠭᠠᠷ ᠲᠣᠭᠠᠲᠤ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ 2024 ᠣᠨ ᠤ ᠳᠡᠭᠡᠳᠦ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠰᠤᠷᠭᠠᠭᠤᠯᠢ ᠶᠢᠨ ᠲᠤᠰᠠᠭᠠᠷ ᠰᠢᠯᠭᠠᠯᠲᠠ ᠪᠠᠷ ᠰᠤᠷᠤᠭᠴᠢ ᠡᠯᠰᠡᠬᠦ | ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠰᠤᠷᠭᠠᠨ ᠰᠤᠷᠤᠭᠴᠢ ᠪᠢᠴᠢᠭ ︹2024︺ 3 ᠳ᠋ᠤᠭᠠᠷ | ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ | ᠵᠠᠷᠯᠠᠪᠠ᠄ | ᠨᠢᠭᠡ᠂ ᠠᠵᠢᠯ ᠤᠨ ᠳᠡᠰ ᠳᠠᠷᠠᠭᠠᠯᠠᠯ | ᠳᠡᠭᠡᠳᠦ ᠰᠤᠷᠭᠠᠭᠤᠯᠢ ᠶᠢᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠳᠤᠰᠠᠭᠠᠷ | ᠰᠤᠷᠤᠭᠴᠢ ᠡᠯᠰᠡᠬᠦ ᠠᠵᠢᠯ ᠤᠨ ᠳᠡᠰ ᠳᠠᠷᠠᠭᠠᠯᠠᠯ ᠪᠣᠯ᠄ ᠰᠢᠯᠭᠠᠭᠤᠯᠤᠭᠴᠢ ᠡᠩ ᠤᠨ ᠳᠡᠭᠡᠳᠦ ᠰᠤᠷᠭᠠᠭᠤᠯᠢ ᠳᠤ | ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠨᠡᠷ᠎ᠡ ᠮᠡᠳᠡᠭᠦᠯᠵᠦ᠂ ᠳᠡᠭᠡᠳᠦ ᠰᠤᠷᠭᠠᠭᠤᠯᠢ | ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠳᠣᠰᠠᠭᠠᠷ ᠰᠤᠷᠤᠭᠴᠢ ᠡᠯᠰᠡᠬᠦ ᠠᠵᠢᠯ ᠤᠨ | ᠲᠥᠰᠦᠯ ᠢ ᠨᠡᠶᠢᠲᠡᠯᠡᠨ᠂ ᠳᠡᠭᠡᠳᠦ ᠰᠤᠷᠭᠠᠭᠤᠯᠢ ᠲᠤᠰᠬᠠᠢ ᠮᠡᠷᠭᠡᠵᠢᠯ ᠬᠤᠪᠢᠶᠠᠨ ᠰᠤᠷᠤᠭᠴᠢ ᠡᠯᠰᠡᠬᠦ ᠲᠥᠯᠥᠪᠯᠡᠭᠡ ᠶᠢ | ᠨᠡᠶᠢᠲᠡᠯᠡᠵᠦ᠂ ᠰᠢᠯᠭᠠᠭᠤᠯᠤᠭᠴᠢ ᠰᠦᠯᠵᠢᠶᠡᠨ ᠳᠤ ᠡᠷᠡᠮᠡᠯᠵᠡᠯ ᠲᠠᠭᠯᠠᠨ᠂ ᠳᠡᠭᠡᠳᠦ ᠰᠤᠷᠭᠠᠭᠤᠯᠢ | ᠰᠢᠯᠭᠠᠭᠤᠯᠤᠭᠴᠢ ᠶᠢᠨ ᠮᠡᠳᠡᠭᠡ ᠵᠠᠩᠭᠢ ᠶᠢ ᠪᠠᠭᠤᠯᠭᠠᠵᠤ᠂ ᠰᠢᠯᠭᠠᠭᠤᠯᠤᠭᠴᠢ ᠳᠡᠭᠡᠳᠦ ᠰᠤᠷᠭᠠᠭᠤᠯᠢ ᠶᠢᠨ | ᠳᠠᠷᠬᠠᠭᠠᠭᠰᠠᠨ ︽ᠰᠢᠯᠭᠠᠭᠤᠯᠬᠤ ᠳᠡᠮᠳᠡᠭ︾ ᠢ ᠠᠪᠤᠨ᠂ ᠳᠡᠭᠡᠳᠦ ᠰᠤᠷᠭᠠᠭᠤᠯᠢ ᠰᠢᠯᠭᠠᠯᠲᠠ ᠶᠢ ᠵᠣᠬᠢᠶᠠᠨ | ᠪᠠᠶᠢᠭᠤᠯᠵᠤ᠂ ᠳᠡᠭᠡᠳᠦ ᠰᠤᠷᠭᠠᠭᠤᠯᠢ ᠰᠢᠯᠭᠠᠭᠤᠯᠤᠭᠰᠠᠳ ᠤᠨ ᠬᠢᠷᠢ ᠪᠦᠲᠦᠮᠵᠢ ᠶᠢ ᠢᠯᠡ ᠨᠡᠶᠢᠲᠡᠯᠡᠨ᠂ ᠳᠡᠭᠡᠳᠦ | ᠰᠤᠷᠭᠠᠭᠤᠯᠢ ᠡᠯᠰᠡᠬᠦ ᠪᠠᠷ ᠪᠠᠶᠢᠭ᠎ᠠ ᠰᠤᠷᠤᠭᠴᠢ ᠶᠢᠨ ᠨᠡᠷᠡᠰ ᠢ ᠢᠯᠡ ᠨᠡᠶᠢᠲᠡᠯᠡᠵᠦ᠂ ᠳᠡᠭᠡᠳᠦ ᠰᠤᠷᠭᠠᠭᠤᠯᠢ | ᠡᠯᠰᠡᠬᠦ ᠪᠠᠷ ᠪᠠᠶᠢᠭ᠎ᠠ ᠨᠡᠷᠡᠰ ᠢ ᠳᠠᠮᠵᠢᠭᠤᠯᠤᠨ᠂ ᠡᠯᠰᠡᠨ ᠠᠪᠬᠤ ᠭᠠᠷᠳᠠᠮ ᠢ ᠭᠦᠢᠴᠡᠳᠬᠡᠵᠦ᠂ ᠡᠯᠰᠡᠨ ᠠᠪᠬᠤ | ᠮᠡᠳᠡᠭᠳᠡᠯ ᠤᠨ ᠪᠢᠴᠢᠭ ᠣᠯᠭᠤᠨ᠎ᠠ᠃ | ᠬᠤᠶᠠᠷ᠂ ᠰᠤᠷᠤᠭᠴᠢ ᠡᠯᠰᠡᠬᠦ ᠲᠥᠰᠦᠯ ᠢ ᠨᠡᠶᠢᠲᠡᠯᠡᠬᠦ | ︵ᠨᠢᠭᠡ︶ ᠣᠷᠣᠨ ᠤ ᠳᠣᠲᠣᠷᠠᠬᠢ ᠰᠤᠷᠤᠭᠴᠢ ᠡᠯᠰᠡᠬᠦ ᠳᠡᠭᠡᠳᠦ ᠰᠤᠷᠭᠠᠭᠤᠯᠢ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠳᠤᠰᠠᠭᠠᠷ ᠰᠤᠷᠤᠭᠴᠢ ᠡᠯᠰᠡᠬᠦ ᠠᠵᠢᠯ ᠤᠨ ᠬᠡᠷᠡᠭᠵᠢᠭᠦᠯᠬᠦ ᠲᠥᠰᠦᠯ ᠢ 2024 ᠣᠨ ᠤ 2 ᠰᠠᠷ᠎ᠠ ᠶᠢᠨ | 23 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤ ᠮᠡᠳᠡᠭᠦᠯᠦᠨ | ᠬᠢᠨᠠᠨ ᠪᠠᠶᠢᠴᠠᠭᠠᠯᠭᠠᠵᠤ᠂ ᠬᠢᠨᠠᠨ ᠪᠠᠶᠢᠴᠠᠭᠠᠯᠲᠠ ᠶᠢ ᠥᠩᠭᠡᠷᠡᠭᠰᠡᠨ ᠤ ᠳᠠᠷᠠᠭ᠎ᠠ᠂ ᠶᠡᠭᠡ ᠳᠡᠭᠡᠳᠦ ᠰᠤᠷᠭᠠᠭᠤᠯᠢ ᠠᠴᠠ | ᠳᠡᠭᠡᠳᠦ ᠰᠤᠷᠭᠠᠭᠤᠯᠢ ᠶᠢᠨ ᠠᠯᠪᠠᠨ ᠰᠦᠯᠵᠢᠶ᠎ᠡ ᠪᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠨ᠎ᠡ᠃ | ᠰᠢᠯᠭᠠᠭᠤᠯᠤᠭᠴᠢ ᠶᠢ ᠡᠷᠡᠮᠡᠯᠵᠡᠯ ᠲᠠᠭᠯᠠᠬᠤ ᠠᠴᠠ ᠡᠮᠦᠨ᠎ᠡ᠂ ︽ᠥᠪᠥᠷ ᠮᠣᠩᠭᠤᠯ ᠤᠨ ᠰᠤᠷᠤᠭᠴᠢ ᠡᠯᠰᠡᠬᠦ | ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ︾ ᠰᠤᠷᠤᠭᠴᠢ ᠡᠯᠰᠡᠬᠦ ᠳᠡᠭᠡᠳᠦ ᠰᠤᠷᠭᠠᠭᠤᠯᠢ ᠶᠢᠨ ᠳᠡᠭᠡᠳᠦ | ᠵᠡᠷᠭᠡ ᠶᠢᠨ ᠰᠤᠷᠭᠠᠨ ᠬᠥᠮᠥᠵᠢᠯ ᠤᠨ ᠳᠤᠰᠠᠭᠠᠷ ᠰᠤᠷᠤᠭᠴᠢ ᠡᠯᠰᠡᠬᠦ ᠲᠥᠯᠥᠪᠯᠡᠭᠡ ᠪᠠ ᠬᠡᠷᠡᠭᠵᠢᠭᠦᠯᠬᠦ ᠲᠥᠰᠦᠯ ᠤᠨ | ᠰᠤᠷᠭᠠᠭᠤᠯᠢ ᠶᠢᠨ ᠠᠯᠪᠠᠨ ᠰᠦᠯᠵᠢᠶᠡᠨ ᠤ ᠬᠠᠶ᠋ᠢᠭ ᠢ ᠨᠡᠶᠢᠲᠡᠯᠡᠨ᠎ᠡ᠃ ︵ᠬᠤᠶᠠᠷ︶ ᠰᠤᠷᠤᠭᠴᠢ ᠡᠯᠰᠡᠬᠦ ᠳᠡᠭᠡᠳᠦ | ᠰᠤᠷᠭᠠᠭᠤᠯᠢ ᠶᠢᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠰᠤᠷᠭᠠᠭᠤᠯᠢ ᠶᠢᠨ ᠲᠤᠰᠠᠭᠠᠷ | ᠰᠤᠷᠤᠭᠴᠢ ᠡᠯᠰᠡᠬᠦ ᠠᠵᠢᠯ ᠤᠨ ᠬᠡᠷᠡᠭᠵᠢᠭᠦᠯᠬᠦ ᠲᠥᠰᠦᠯ ᠨᠢ ᠡᠷᠬᠡᠪᠰᠢ ᠬᠠᠮᠢᠶ᠎ᠠ ᠪᠦᠬᠦᠢ ᠱᠠᠭᠠᠷᠳᠠᠯᠭ᠎ᠠ ᠳᠤ | ᠨᠡᠶᠢᠴᠡᠬᠦ ᠠᠴᠠ ᠭᠠᠳᠠᠨ᠎ᠠ᠂ ᠪᠠᠰᠠ ᠰᠤᠷᠤᠭᠴᠢ ᠡᠯᠰᠡᠬᠦ ᠡᠲᠡᠭᠡᠳ᠂ ᠰᠤᠷᠤᠭᠴᠢ ᠡᠯᠰᠡᠬᠦ ᠨᠥᠬᠦᠴᠡᠯ᠂ ᠳᠠᠷᠤᠮᠠᠯᠯᠠᠬᠤ | ᠪᠤᠶᠤ ᠰᠢᠯᠭᠠᠭᠤᠯᠬᠤ ᠳᠡᠮᠳᠡᠭ ᠢ ᠠᠪᠬᠤ ᠴᠠᠭ ᠪᠠ ᠭᠠᠵᠠᠷ᠂ ᠲᠤᠰ ᠰᠤᠷᠭᠠᠭᠤᠯᠢ ᠶᠢᠨ ᠠᠵᠢᠯ ᠮᠡᠷᠭᠡᠵᠢᠯ ᠳᠤ | ᠵᠣᠬᠢᠴᠠᠬᠤ ᠰᠢᠯᠭᠠᠯᠲᠠ᠂ ᠰᠣᠶᠣᠯ ᠤᠨ ᠰᠠᠭᠤᠷᠢ ᠪᠠ ᠠᠵᠢᠯ ᠮᠡᠷᠭᠡᠵᠢᠯ ᠤᠨ ᠴᠢᠳᠠᠪᠤᠷᠢ ᠶᠢᠨ ᠰᠣᠷᠢᠯᠲᠠ ᠶᠢᠨ | ᠠᠭᠤᠯᠭ᠎ᠠ᠂ ᠠᠷᠭ᠎ᠠ ᠮᠠᠶ᠋ᠢᠭ᠂ ᠴᠠᠭ ᠬᠤᠭᠤᠴᠠᠭ᠎ᠠ᠂ ᠭᠠᠵᠠᠷ᠂ ᠶᠡᠷᠦᠩᠬᠡᠶᠢᠯᠡᠨ ᠦᠨᠡᠯᠡᠬᠦ ᠠᠷᠭ᠎ᠠ᠂ ᠡᠯᠰᠡᠬᠦ ᠪᠠᠷ | ᠪᠠᠶᠢᠭ᠎ᠠ ᠨᠡᠷᠡᠰ ᠢ ᠢᠯᠡ ᠨᠡᠶᠢᠲᠡᠯᠡᠬᠦ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠪᠠᠭᠲᠠᠭᠠᠨ᠎ᠠ᠃ ᠲᠥᠰᠦᠯ ᠤᠨ ᠦᠰᠦᠭ | ᠪᠢᠴᠢᠭ ᠢᠶᠠᠷ ᠢᠯᠡᠳᠭᠡᠭᠰᠡᠨ ᠨᠢ ᠣᠨᠣᠪᠴᠢᠲᠠᠢ ᠪᠥᠭᠡᠳ ᠲᠣᠳᠤᠷᠬᠠᠢ᠂ ᠰᠠᠯᠪᠤᠷᠢ ᠤᠳᠬ᠎ᠠ ᠦᠭᠡᠢ ᠪᠠᠶᠢᠬᠤ ᠬᠡᠷᠡᠭᠲᠡᠢ᠃ | | ᠭᠤᠷᠪᠠ᠂ ᠰᠦᠯᠵᠢᠶᠡᠨ ᠳᠤ ᠡᠷᠡᠮᠡᠯᠵᠡᠯ ᠲᠠᠭᠯᠠᠬᠤ | ︵ᠨᠢᠭᠡ︶ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠰᠤᠷᠭᠠᠭᠤᠯᠢ ᠶᠢᠨ | ᠳᠤᠰᠠᠭᠠᠷ ᠰᠤᠷᠤᠭᠴᠢ ᠡᠯᠰᠡᠬᠦ ᠳᠤ ᠣᠷᠣᠯᠴᠠᠬᠤ ᠰᠢᠯᠭᠠᠭᠤᠯᠤᠭᠴᠢ ᠴᠥᠮ 2024 ᠣᠨ ᠤ ᠡᠩ ᠤᠨ ᠶᠡᠭᠡ ᠳᠡᠭᠡᠳᠦ | ᠰᠤᠷᠭᠠᠭᠤᠯᠢ ᠶᠢᠨ ᠰᠤᠷᠤᠭᠴᠢ ᠡᠯᠰᠡᠬᠦ ᠳᠤ ᠨᠡᠷ᠎ᠡ ᠮᠡᠳᠡᠭᠦᠯᠬᠦ ᠶᠢᠨ ᠬᠠᠮᠲᠤ ᠨᠡᠷ᠎ᠡ ᠮᠡᠳᠡᠭᠦᠯᠬᠦ ᠲᠥᠷᠥᠯ ᠢᠶᠠᠨ ᠵᠥᠪ | ᠰᠣᠩᠭᠤᠵᠤ᠂ ᠡᠷᠡᠮᠡᠯᠵᠡᠯ ᠢ ᠬᠠᠪᠰᠤᠷᠭᠠᠨ ᠲᠠᠭᠯᠠᠬᠤ ᠲᠤᠬᠠᠢ ᠳᠣᠣᠷᠠᠬᠢ ᠮᠡᠲᠦ ᠳᠣᠭᠲᠠᠭᠠᠪᠠ᠄ 1. ᠮᠣᠩᠭᠤᠯ ᠢᠶᠠᠷ | ᠬᠢᠴᠢᠶᠡᠯᠯᠡᠬᠦ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠭᠠᠭᠤᠯᠤᠭᠴᠢ ᠨᠡᠶᠢᠭᠡᠮ ᠤᠨ ᠰᠢᠨᠵᠢᠯᠡᠬᠦ ᠤᠬᠠᠭᠠᠨ ᠤ | ᠡᠷᠡᠮᠡᠯᠵᠡᠯ ᠢ ᠬᠠᠪᠰᠤᠷᠭᠠᠨ ᠮᠡᠳᠡᠭᠦᠯᠵᠦ ᠪᠣᠯᠤᠨ᠎ᠠ︔ ᠮᠣᠩᠭᠤᠯ ᠢᠶᠠᠷ ᠬᠢᠴᠢᠶᠡᠯᠯᠡᠬᠦ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠰᠢᠯᠭᠠᠭᠤᠯᠤᠭᠴᠢ ᠪᠠᠶᠢᠭᠠᠯᠢ ᠶᠢᠨ ᠰᠢᠨᠵᠢᠯᠡᠬᠦ ᠤᠬᠠᠭᠠᠨ ᠤ ᠡᠷᠡᠮᠡᠯᠵᠡᠯ ᠢ ᠬᠠᠪᠰᠤᠷᠭᠠᠨ ᠮᠡᠳᠡᠭᠦᠯᠵᠦ | ᠪᠣᠯᠤᠨ᠎ᠠ᠃ 2. ᠮᠣᠩᠭᠤᠯ ᠢᠶᠠᠷ ᠬᠢᠴᠢᠶᠡᠯᠯᠡᠬᠦ ᠤᠷᠠᠯᠢᠭ ᠤᠨ ᠲᠥᠷᠥᠯ ᠤᠨ ᠰᠢᠯᠭᠠᠭᠤᠯᠤᠭᠴᠢ ᠤᠷᠠᠯᠢᠭ ᠤᠨ | ᠲᠥᠷᠥᠯ ᠤᠨ ᠲᠤᠰᠬᠠᠢ ᠮᠡᠷᠭᠡᠵᠢᠯ ᠤᠨ ᠡᠷᠡᠮᠡᠯᠵᠡᠯ ᠢ ᠬᠠᠪᠰᠤᠷᠭᠠᠨ ᠮᠡᠳᠡᠭᠦᠯᠵᠦ ᠪᠣᠯᠤᠨ᠎ᠠ︔ ᠮᠣᠩᠭᠤᠯ ᠢᠶᠠᠷ | ᠬᠢᠴᠢᠶᠡᠯᠯᠡᠬᠦ ᠪᠡᠶ᠎ᠡ ᠶᠢᠨ ᠲᠠᠮᠢᠷ ᠤᠨ ᠰᠢᠯᠭᠠᠭᠤᠯᠤᠭᠴᠢ ᠪᠡᠶ᠎ᠡ ᠶᠢᠨ ᠲᠠᠮᠢᠷ ᠤᠨ ᠲᠥᠷᠥᠯ ᠤᠨ ᠲᠤᠰᠬᠠᠢ ᠮᠡᠷᠭᠡᠵᠢᠯ ᠤᠨ | ᠡᠷᠡᠮᠡᠯᠵᠡᠯ ᠢ ᠬᠠᠪᠰᠤᠷᠭᠠᠨ ᠮᠡᠳᠡᠭᠦᠯᠵᠦ ᠪᠣᠯᠤᠨ᠎ᠠ᠃ 3. ᠮᠣᠩᠭᠤᠯ ᠢᠶᠠᠷ ᠬᠢᠴᠢᠶᠡᠯᠯᠡᠬᠦ ᠤᠷᠠᠯᠢᠭ ︵ᠨᠡᠶᠢᠭᠡᠮ ᠤᠨ | ᠰᠢᠨᠵᠢᠯᠡᠬᠦ ᠤᠬᠠᠭᠠᠨ︶᠂ ᠮᠣᠩᠭᠤᠯ ᠢᠶᠠᠷ ᠬᠢᠴᠢᠶᠡᠯᠯᠡᠬᠦ ᠪᠡᠶ᠎ᠡ ᠶᠢᠨ ᠲᠠᠮᠢᠷ ︵ᠨᠡᠶᠢᠭᠡᠮ ᠤᠨ ᠰᠢᠨᠵᠢᠯᠡᠬᠦ ᠤᠬᠠᠭᠠᠨ︶ | ᠤᠨ ᠰᠢᠯᠭᠠᠭᠤᠯᠤᠭᠴᠢ ᠮᠣᠩᠭᠤᠯ ᠢᠶᠠᠷ ᠬᠢᠴᠢᠶᠡᠯᠯᠡᠬᠦ ᠨᠡᠶᠢᠭᠡᠮ ᠤᠨ ᠰᠢᠨᠵᠢᠯᠡᠬᠦ ᠤᠬᠠᠭᠠᠨ ᠤ ᠡᠷᠡᠮᠡᠯᠵᠡᠯ ᠢ | ᠬᠠᠪᠰᠤᠷᠭᠠᠨ ᠮᠡᠳᠡᠭᠦᠯᠵᠦ ᠪᠣᠯᠤᠨ᠎ᠠ︔ ᠮᠣᠩᠭᠤᠯ ᠢᠶᠠᠷ ᠬᠢᠴᠢᠶᠡᠯᠯᠡᠬᠦ ᠤᠷᠠᠯᠢᠭ ︵ᠪᠠᠶᠢᠭᠠᠯᠢ ᠶᠢᠨ ᠰᠢᠨᠵᠢᠯᠡᠬᠦ | ᠤᠬᠠᠭᠠᠨ︶᠂ ᠮᠣᠩᠭᠤᠯ ᠢᠶᠠᠷ ᠬᠢᠴᠢᠶᠡᠯᠯᠡᠬᠦ ᠪᠡᠶ᠎ᠡ ᠶᠢᠨ ᠲᠠᠮᠢᠷ ︵ᠪᠠᠶᠢᠭᠠᠯᠢ ᠶᠢᠨ ᠰᠢᠨᠵᠢᠯᠡᠬᠦ ᠤᠬᠠᠭᠠᠨ︶ ᠤᠨ | ᠰᠢᠯᠭᠠᠭᠤᠯᠤᠭᠴᠢ ᠮᠣᠩᠭᠤᠯ ᠢᠶᠠᠷ ᠬᠢᠴᠢᠶᠡᠯᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ ᠤ ᠡᠷᠡᠮᠡᠯᠵᠡᠯ ᠢ ᠬᠠᠪᠰᠤᠷᠭᠠᠨ | ᠮᠡᠳᠡᠭᠦᠯᠵᠦ ᠪᠣᠯᠤᠨ᠎ᠠ᠃ 4. ᠤᠷᠠᠯᠢᠭ ︵ᠨᠡᠶᠢᠭᠡᠮ ᠤᠨ ᠰᠢᠨᠵᠢᠯᠡᠬᠦ ᠤᠬᠠᠭᠠᠨ︶᠂ ᠪᠡᠶ᠎ᠡ ᠶᠢᠨ ᠲᠠᠮᠢᠷ ︵ᠨᠡᠶᠢᠭᠡᠮ ᠤᠨ | ᠰᠢᠨᠵᠢᠯᠡᠬᠦ ᠤᠬᠠᠭᠠᠨ︶ ᠤᠨ ᠰᠢᠯᠭᠠᠭᠤᠯᠤᠭᠴᠢ ᠨᠡᠶᠢᠭᠡᠮ ᠤᠨ ᠰᠢᠨᠵᠢᠯᠡᠬᠦ ᠤᠬᠠᠭᠠᠨ ᠤ ᠡᠷᠡᠮᠡᠯᠵᠡᠯ ᠢ ᠬᠠᠪᠰᠤᠷᠭᠠᠨ | ᠮᠡᠳᠡᠭᠦᠯᠵᠦ ᠪᠣᠯᠤᠨ᠎ᠠ︔ ᠤᠷᠠᠯᠢᠭ ︵ᠪᠠᠶᠢᠭᠠᠯᠢ ᠶᠢᠨ ᠰᠢᠨᠵᠢᠯᠡᠬᠦ ᠤᠬᠠᠭᠠᠨ︶᠂ ᠪᠡᠶ᠎ᠡ ᠶᠢᠨ ᠲᠠᠮᠢᠷ ︵ᠪᠠᠶᠢᠭᠠᠯᠢ ᠶᠢᠨ | ᠰᠢᠨᠵᠢᠯᠡᠬᠦ ᠤᠬᠠᠭᠠᠨ︶ ᠤᠨ ᠰᠢᠯᠭᠠᠭᠤᠯᠤᠭᠴᠢ ᠪᠠᠶᠢᠭᠠᠯᠢ ᠶᠢᠨ ᠰᠢᠨᠵᠢᠯᠡᠬᠦ ᠤᠬᠠᠭᠠᠨ ᠤ ᠡᠷᠡᠮᠡᠯᠵᠡᠯ ᠢ ᠬᠠᠪᠰᠤᠷᠭᠠᠨ | ᠮᠡᠳᠡᠭᠦᠯᠵᠦ ᠪᠣᠯᠤᠨ᠎ᠠ᠃ 5. ᠳᠠᠭᠤᠤ ᠬᠥᠭᠵᠢᠮ ᠤᠨ ᠲᠥᠷᠥᠯ᠂ ᠪᠥᠵᠢᠭ ᠤᠨ ᠲᠥᠷᠥᠯ᠂ ᠲᠣᠭᠯᠠᠯᠲᠠ ︵ | ᠤᠳᠤᠷᠢᠳᠤᠭᠠᠴᠢ︶ ᠶᠢᠨ ᠲᠥᠷᠥᠯ᠂ ᠨᠡᠪᠲᠡᠷᠡᠭᠦᠯᠦᠭᠴᠢ ᠪᠠ ᠬᠥᠲᠦᠯᠦᠭᠴᠢ ᠶᠢᠨ ᠲᠥᠷᠥᠯ᠂ ᠤᠷᠠᠨ ᠵᠢᠷᠤᠭ ᠪᠠ | ᠵᠢᠷᠤᠭ ᠲᠥᠯᠥᠪᠯᠡᠭᠡ ᠶᠢᠨ ᠲᠥᠷᠥᠯ᠂ ᠤᠷᠠᠨ ᠪᠢᠴᠢᠯᠭᠡ ᠶᠢᠨ ᠲᠥᠷᠥᠯ ᠵᠡᠷᠭᠡ ᠥᠪᠡᠷᠲᠡᠭᠡᠨ ᠵᠠᠰᠠᠬᠤ ᠣᠷᠣᠨ ᠤ 6 | ᠨᠢᠭᠡᠳᠦᠯᠲᠡᠢ ᠰᠢᠯᠭᠠᠯᠲᠠ ᠶᠢᠨ ᠲᠥᠷᠥᠯ ᠢ ᠬᠤᠭᠤᠷᠣᠨᠳᠣ ᠨᠢ ᠬᠠᠷᠢᠯᠴᠠᠨ ᠬᠠᠪᠰᠤᠷᠭᠠᠨ ᠮᠡᠳᠡᠭᠦᠯᠵᠦ ᠪᠣᠯᠬᠤ ᠦᠭᠡᠢ᠂ | ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠰᠢᠯᠭᠠᠯᠲᠠ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠰᠢ | ᠳᠠᠭᠤᠷᠢᠯᠢᠭ ᠤᠨ ᠲᠥᠷᠥᠯ ᠤᠨ ᠰᠢᠯᠭᠠᠯᠲᠠ ᠶᠢ ᠬᠠᠪᠰᠤᠷᠭᠠᠨ ᠮᠡᠳᠡᠭᠦᠯᠵᠦ ᠪᠣᠯᠤᠨ᠎ᠠ᠃ ︵ᠬᠤᠶᠠᠷ︶ ᠰᠦᠯᠵᠢᠶᠡᠨ ᠳᠤ | ᠡᠷᠡᠮᠡᠯᠵᠡᠯ ᠲᠠᠭᠯᠠᠬᠤ ᠶᠢ 3 ᠰᠠᠷ᠎ᠠ ᠶᠢᠨ 4 - 8 ᠤ ᠡᠳᠦᠷ ᠪᠣᠯᠲᠠᠯ᠎ᠠ ᠶᠠᠪᠤᠭᠳᠠᠭᠤᠯᠤᠨ᠎ᠠ᠃ ᠰᠢᠯᠭᠠᠭᠤᠯᠤᠭᠴᠢ | ᠵᠥᠪᠬᠡᠨ 1 ᠳᠡᠭᠡᠳᠦ ᠰᠤᠷᠭᠠᠭᠤᠯᠢ ᠶᠢᠨ ᠡᠷᠡᠮᠡᠯᠵᠡᠯ ᠪᠠ 3 ᠲᠤᠰᠬᠠᠢ ᠮᠡᠷᠭᠡᠵᠢᠯ ᠤᠨ ᠡᠷᠡᠮᠡᠯᠵᠡᠯ ᠢ ᠲᠠᠭᠯᠠᠨ | ᠮᠡᠳᠡᠭᠦᠯᠵᠦ ᠪᠣᠯᠤᠨ᠎ᠠ᠂ ᠡᠭᠦᠨ ᠤ ᠬᠠᠮᠲᠤ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠳᠠᠭᠠᠬᠤ ᠪᠠ | ᠰᠦᠢᠳᠬᠡᠯ ᠨᠢ ᠦᠨᠡᠲᠡᠢ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠳᠠᠭᠠᠬᠤ ᠡᠰᠡᠬᠦ ᠶᠢ ᠰᠣᠩᠭᠤᠬᠤ ᠬᠡᠷᠡᠭᠲᠡᠢ᠃ | ︵ᠭᠤᠷᠪᠠ︶ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠰᠤᠷᠭᠠᠭᠤᠯᠢ ᠶᠢᠨ ᠳᠤᠰᠠᠭᠠᠷ | ᠰᠤᠷᠤᠭᠴᠢ ᠡᠯᠰᠡᠬᠦ ᠲᠥᠯᠥᠪᠯᠡᠭᠡ ᠶᠢ ᠪᠡᠶᠡᠯᠡᠭᠦᠯᠦᠭᠡᠳᠦᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 4 | ᠳ᠋ᠦ᠋ᠭᠡᠷ ᠰᠠᠷ᠎ᠠ ᠶᠢᠨ 3 ᠤ ᠡᠳᠦᠷ ᠬᠤᠶᠠᠳᠤᠭᠠᠷ ᠤᠳᠠᠭᠠᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ | ᠬᠥᠮᠥᠵᠢᠯ ᠤᠨ ᠰᠤᠷᠭᠠᠭᠤᠯᠢ ᠶᠢᠨ ᠳᠤᠰᠠᠭᠠᠷ ᠰᠤᠷᠤᠭᠴᠢ ᠡᠯᠰᠡᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠵᠥᠪᠰᠢᠶᠡᠷᠡᠯ ᠦᠭᠡᠢ ᠪᠣᠯ ᠲᠥᠯᠥᠪᠯᠡᠭᠡ | ᠨᠡᠮᠡᠵᠦ ᠪᠣᠯᠬᠤ ᠦᠭᠡᠢ᠂ 4 ᠳ᠋ᠦ᠋ᠭᠡᠷ ᠰᠠᠷ᠎ᠠ ᠶᠢᠨ 8 ᠤ ᠡᠳᠦᠷ ᠠᠴᠠ ᠡᠮᠦᠨ᠎ᠡ ᠦᠯᠡᠳᠡᠭᠰᠡᠨ ᠰᠤᠷᠤᠭᠴᠢ ᠡᠯᠰᠡᠬᠦ | ᠲᠥᠯᠥᠪᠯᠡᠭᠡ ᠪᠠᠨ ᠨᠡᠶᠢᠲᠡᠯᠡᠵᠦ᠂ ᠬᠤᠶᠠᠳᠤᠭᠠᠷ ᠤᠳᠠᠭᠠᠨ ᠤ ᠰᠦᠯᠵᠢᠶᠡᠨ ᠳᠤ ᠡᠯᠰᠡᠬᠦ ᠡᠷᠡᠮᠡᠯᠵᠡᠯ ᠢ ᠲᠠᠭᠯᠠᠬᠤ ᠶᠢ 4 | ᠳ᠋ᠦ᠋ᠭᠡᠷ ᠰᠠᠷ᠎ᠠ ᠶᠢᠨ 8 - 10 ᠤ ᠡᠳᠦᠷ ᠪᠣᠯᠲᠠᠯ᠎ᠠ ᠲᠣᠬᠢᠷᠠᠭᠤᠯᠪᠠ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠨ ᠬᠥᠮᠥᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ ᠲᠥᠯᠥᠪᠯᠡᠭᠡ ᠶᠢ ᠨᠢᠭᠡᠨᠲᠡ ᠪᠡᠶᠡᠯᠡᠭᠦᠯᠦᠭᠰᠡᠨ ᠳᠡᠭᠡᠳᠦ | ᠰᠤᠷᠭᠠᠭᠤᠯᠢ ᠵᠠᠷᠴᠢᠮ ᠳᠡᠭᠡᠷ᠎ᠡ ᠪᠠᠨ ᠡᠷᠡᠮᠡᠯᠵᠡᠯ ᠲᠠᠭᠯᠠᠬᠤ ᠳᠤ ᠣᠷᠣᠯᠴᠠᠬᠤ ᠦᠭᠡᠢ᠃ ︵ᠲᠦᠷᠪᠡ︶ | ᠰᠦᠯᠵᠢᠶᠡᠨ ᠳᠤ ᠡᠷᠡᠮᠡᠯᠵᠡᠯ ᠲᠠᠭᠯᠠᠭᠰᠠᠨ ᠤ ᠳᠠᠷᠠᠭ᠎ᠠ᠂ ᠰᠤᠷᠤᠭᠴᠢ ᠡᠯᠰᠡᠬᠦ ᠳᠡᠭᠡᠳᠦ ᠰᠤᠷᠭᠠᠭᠤᠯᠢ ᠲᠤᠰ | ᠰᠤᠷᠭᠠᠭᠤᠯᠢ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠶᠢᠨ ᠮᠡᠳᠡᠭᠡ ᠵᠠᠩᠭᠢ ᠶᠢ ᠪᠠᠭᠤᠯᠭᠠᠵᠤ ᠠᠪᠤᠨ᠎ᠠ᠃ ︵ᠲᠠᠪᠤ | ︶ ᠰᠦᠯᠵᠢᠶᠡᠨ ᠳᠤ ᠡᠷᠡᠮᠡᠯᠵᠡᠯ ᠲᠠᠭᠯᠠᠬᠤ ᠶᠢ ᠪᠡᠶᠡᠯᠡᠭᠦᠯᠦᠭᠰᠡᠨ ᠰᠢᠯᠭᠠᠭᠤᠯᠤᠭᠴᠢ᠂ ᠳᠡᠭᠡᠳᠦ ᠰᠤᠷᠭᠠᠭᠤᠯᠢ ᠳᠤ ᠨᠡᠷ᠎ᠡ | ᠮᠡᠳᠡᠭᠦᠯᠬᠦ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ︽ᠰᠢᠯᠭᠠᠭᠤᠯᠬᠤ ᠲᠡᠮᠳᠡᠭ︾ ᠢᠶᠠᠨ ᠠᠪᠴᠤ ᠰᠢᠯᠭᠠᠯᠲᠠ ᠳᠤ | ᠣᠷᠣᠯᠴᠠᠨ᠎ᠠ᠃ | ᠳᠥᠷᠪᠡ᠂ ᠰᠢᠯᠭᠠᠭᠤᠯᠬᠤ ᠪᠠ ᠡᠯᠰᠡᠭᠳᠡᠬᠦ | ︵ᠨᠢᠭᠡ︶ ᠰᠤᠷᠤᠭᠴᠢ ᠡᠯᠰᠡᠬᠦ ᠳᠡᠭᠡᠳᠦ ᠰᠤᠷᠭᠠᠭᠤᠯᠢ ᠶᠢᠨ ᠠᠩᠬᠠᠳᠤᠭᠠᠷ ᠤᠳᠠᠭᠠᠨ ᠤ ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ ᠴᠠᠭ ᠢ 3 | ᠳ᠋ᠤᠭᠠᠷ ᠰᠠᠷ᠎ᠠ ᠶᠢᠨ 8 ᠤ ᠡᠳᠦᠷ ᠠᠴᠠ ᠡᠷᠲᠡ ᠪᠠᠶᠢᠯᠭᠠᠵᠤ ᠪᠣᠯᠬᠤ ᠦᠭᠡᠢ᠂ 3 ᠳ᠋ᠤᠭᠠᠷ ᠰᠠᠷ᠎ᠠ ᠶᠢᠨ 16 ᠤ | ᠡᠳᠦᠷ ᠠᠴᠠ ᠣᠷᠣᠢ ᠪᠠᠶᠢᠯᠭᠠᠵᠤ ᠪᠣᠯᠬᠤ ᠦᠭᠡᠢ︔ ᠬᠤᠶᠠᠳᠠᠬᠢ ᠤᠳᠠᠭ᠎ᠠ ᠡᠷᠡᠮᠡᠯᠵᠡᠯ ᠲᠠᠭᠯᠠᠭᠰᠠᠨ | ᠰᠢᠯᠭᠠᠭᠤᠯᠤᠭᠴᠢ ᠶᠢ ᠡᠯᠰᠡᠬᠦ ᠴᠠᠭ ᠢ 4 ᠳ᠋ᠦ᠋ᠭᠡᠷ ᠰᠠᠷ᠎ᠠ ᠶᠢᠨ 15 ᠤ ᠡᠳᠦᠷ ᠠᠴᠠ ᠣᠷᠣᠢ ᠪᠠᠶᠢᠯᠭᠠᠵᠤ ᠪᠣᠯᠬᠤ ᠦᠭᠡᠢ | ᠃ ︵ᠬᠤᠶᠠᠷ︶ ᠰᠤᠷᠤᠭᠴᠢ ᠡᠯᠰᠡᠬᠦ ᠳᠡᠭᠡᠳᠦ ᠰᠤᠷᠭᠠᠭᠤᠯᠢ ᠲᠤᠰ ᠰᠤᠷᠭᠠᠭᠤᠯᠢ ᠶᠢᠨ ᠢᠶᠠᠨ ᠳᠡᠭᠡᠳᠦ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠰᠤᠷᠭᠠᠭᠤᠯᠢ ᠶᠢᠨ ᠳᠤᠰᠠᠭᠠᠷ ᠰᠤᠷᠤᠭᠴᠢ ᠡᠯᠰᠡᠬᠦ ᠪᠥᠬᠦ | ᠰᠢᠯᠭᠠᠯᠲᠠ ᠶᠢᠨ ᠬᠢᠴᠢᠶᠡᠯ ᠲᠥᠷᠥᠯ ︵ᠲᠥᠷᠥᠯ ᠵᠦᠢᠯ︶ ᠤᠨ ᠰᠢᠯᠭᠠᠯᠲᠠ ᠳᠠᠭᠤᠰᠤᠭᠰᠠᠨ ᠤ ᠳᠠᠷᠠᠭ᠎ᠠ 7 | ᠡᠳᠦᠷ ᠤᠨ ᠳᠣᠲᠣᠷ᠎ᠠ᠂ ᠰᠦᠯᠵᠢᠶᠡᠨ ᠤ ᠲᠠᠪᠴᠠᠩ ᠢᠶᠠᠷ ᠳᠠᠮᠵᠢᠭᠤᠯᠤᠨ ᠰᠢᠯᠭᠠᠭᠤᠯᠤᠭᠴᠢ ᠶᠢᠨ ᠬᠢᠷᠢ ᠪᠦᠲᠦᠮᠵᠢ ᠶᠢ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠲᠤ | ᠳᠠᠮᠵᠢᠭᠤᠯᠤᠨ᠎ᠠ᠃ ︵ᠭᠤᠷᠪᠠ︶ ︽ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ | ᠵᠠᠩᠭᠢ ᠶᠢᠨ ᠰᠦᠯᠵᠢᠶ᠎ᠡ︾ ᠳᠤ ᠳᠡᠭᠡᠳᠦ ᠰᠤᠷᠭᠠᠭᠤᠯᠢ ᠬᠤᠪᠢᠶᠠᠨ᠂ ᠬᠢᠴᠢᠶᠡᠯ ᠲᠥᠷᠥᠯ ᠬᠤᠪᠢᠶᠠᠨ᠂ ᠲᠤᠰᠬᠠᠢ | ᠮᠡᠷᠭᠡᠵᠢᠯ ᠬᠤᠪᠢᠶᠠᠨ ᠰᠢᠯᠭᠠᠭᠤᠯᠤᠭᠴᠢ ᠶᠢᠨ ᠬᠢᠷᠢ ᠪᠦᠲᠦᠮᠵᠢ ᠶᠢ ᠢᠯᠡ ᠨᠡᠶᠢᠲᠡᠯᠡᠨ᠎ᠡ᠃ ︵ᠳᠥᠷᠪᠡ︶ ᠰᠤᠷᠤᠭᠴᠢ | ᠡᠯᠰᠡᠬᠦ ᠳᠡᠭᠡᠳᠦ ᠰᠤᠷᠭᠠᠭᠤᠯᠢ ᠨᠢᠭᠡᠨᠲᠡ ᠨᠡᠶᠢᠲᠡᠯᠡᠭᠰᠡᠨ ᠰᠤᠷᠤᠭᠴᠢ ᠡᠯᠰᠡᠬᠦ ᠳᠦᠷᠢᠮ ᠶᠣᠰᠣᠭᠠᠷ ᠰᠤᠷᠤᠭᠴᠢ | ᠡᠯᠰᠡᠬᠦ ᠶᠢ ᠬᠡᠷᠡᠭᠵᠢᠭᠦᠯᠵᠦ᠂ ᠡᠯᠰᠡᠬᠦ ᠨᠥᠬᠦᠴᠡᠯ ᠳᠤ ᠨᠡᠶᠢᠴᠡᠬᠦ ᠦᠭᠡᠢ ᠰᠢᠯᠭᠠᠭᠤᠯᠤᠭᠴᠢ ᠶᠢ ᠡᠯᠰᠡᠵᠦ ᠪᠣᠯᠬᠤ ᠦᠭᠡᠢ | ᠂ ᠡᠯᠰᠡᠬᠦ ᠪᠠᠷ ᠪᠠᠶᠢᠭ᠎ᠠ ᠰᠢᠯᠭᠠᠭᠤᠯᠤᠭᠴᠢ ᠴᠥᠮ ᠡᠷᠬᠡᠪᠰᠢ ᠵᠣᠬᠢᠬᠤ ᠰᠢᠯᠭᠠᠭᠤᠯᠤᠭᠰᠠᠨ ᠬᠢᠴᠢᠶᠡᠯ ᠲᠥᠷᠦᠯ ︵ | ᠲᠥᠷᠥᠯ ᠵᠦᠢᠯ︶ ᠤᠨ ᠬᠢᠷᠢ ᠪᠥᠲᠦᠮᠵᠢ ᠪᠠᠶᠢᠬᠤ ᠬᠡᠷᠡᠭᠲᠡᠢ᠃ ᠰᠤᠷᠤᠭᠴᠢ ᠡᠯᠰᠡᠬᠦ ᠳᠡᠭᠡᠳᠦ ᠰᠤᠷᠭᠠᠭᠤᠯᠢ ᠲᠤᠰ | ᠰᠤᠷᠭᠠᠭᠤᠯᠢ ᠶᠢᠨ ᠠᠯᠪᠠᠨ ᠰᠦᠯᠵᠢᠶᠡᠨ ᠳᠤ ᠡᠯᠰᠡᠬᠦ ᠰᠤᠷᠤᠭᠴᠢ ᠶᠢᠨ ᠨᠡᠷᠡᠰ ᠢ ᠢᠯᠡ ᠨᠡᠶᠢᠲᠡᠯᠡᠵᠦ᠂ ᠢᠯᠡ | ᠨᠡᠶᠢᠲᠡᠯᠡᠬᠦ ᠬᠤᠭᠤᠴᠠᠭ᠎ᠠ ᠶᠢ 5 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ ︵ᠲᠠᠪᠤ︶ ᠢᠯᠡ | ᠨᠡᠶᠢᠲᠡᠯᠡᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠰᠤᠷᠤᠭᠴᠢ ᠡᠯᠰᠡᠬᠦ ᠳᠡᠭᠡᠳᠦ ᠰᠤᠷᠭᠠᠭᠤᠯᠢ ᠠᠩᠬᠠᠳᠤᠭᠠᠷ | ᠤᠳᠠᠭ᠎ᠠ ᠰᠦᠯᠵᠢᠶᠡᠨ ᠳᠤ ᠡᠷᠡᠮᠡᠯᠵᠡᠯ ᠲᠠᠭᠯᠠᠭᠰᠠᠨ ᠪᠠ ᠬᠤᠶᠠᠳᠤᠭᠠᠷ ᠤᠳᠠᠭ᠎ᠠ ᠡᠷᠡᠮᠡᠯᠵᠡᠯ ᠲᠠᠭᠯᠠᠭᠰᠠᠨ ᠡᠯᠰᠡᠬᠦ ᠪᠠᠷ | ᠪᠠᠶᠢᠭ᠎ᠠ ᠰᠢᠯᠭᠠᠭᠤᠯᠤᠭᠴᠢ ᠶᠢᠨ ᠨᠡᠷᠡᠰ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ | ᠡᠯᠰᠡᠬᠦ ᠰᠢᠯᠭᠠᠯᠲᠠ ᠶᠢᠨ ᠲᠥᠪ ᠲᠤ ᠬᠦᠷᠭᠡᠵᠦ᠂ ᠳᠠᠮᠵᠢᠭᠤᠯᠬᠤ ᠴᠠᠭ ᠨᠢ ᠲᠤᠰ ᠲᠤᠰ 4 ᠰᠠᠷ᠎ᠠ ᠶᠢᠨ 1 ᠤ | ᠡᠳᠦᠷ ᠠᠴᠠ ᠡᠮᠦᠨ᠎ᠡ ᠪᠠ 4 ᠰᠠᠷ᠎ᠠ ᠶᠢᠨ 26 ᠤ ᠡᠳᠦᠷ ᠠᠴᠠ ᠡᠮᠦᠨ᠎ᠡ ᠪᠣᠯᠤᠨ᠎ᠠ᠃ ︵ᠵᠢᠷᠭᠤᠭ᠎ᠠ︶ ︽ᠥᠪᠥᠷ | ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ︾ ᠳᠡᠭᠡᠳᠦ ᠰᠤᠷᠭᠠᠭᠤᠯᠢ | ᠬᠤᠪᠢᠶᠠᠨ᠂ ᠰᠢᠨᠵᠢᠯᠡᠭᠡᠨ ᠤ ᠰᠠᠯᠠᠭ᠎ᠠ ᠬᠤᠪᠢᠶᠠᠨ᠂ ᠲᠤᠰᠬᠠᠢ ᠮᠡᠷᠭᠡᠵᠢᠯ ᠬᠤᠪᠢᠶᠠᠨ ᠡᠯᠰᠡᠬᠦ ᠪᠠᠷ ᠪᠠᠶᠢᠭ᠎ᠠ | ᠰᠢᠯᠭᠠᠭᠤᠯᠤᠭᠴᠢ ᠶᠢᠨ ᠨᠡᠷᠡᠰ ᠢ ᠢᠯᠡ ᠨᠡᠶᠢᠲᠡᠯᠡᠵᠦ᠂ ᠢᠯᠡ ᠨᠡᠶᠢᠲᠡᠯᠡᠭᠰᠡᠨ ᠮᠡᠳᠡᠭᠡ ᠵᠠᠩᠭᠢ ᠨᠢ | ᠰᠢᠯᠭᠠᠭᠤᠯᠤᠭᠴᠢ ᠶᠢᠨ ᠣᠪᠣᠭ ᠨᠡᠷ᠎ᠡ᠂ ᠰᠢᠯᠭᠠᠭᠤᠯᠤᠭᠴᠢ ᠶᠢᠨ ᠨᠣᠮᠧᠷ᠂ ᠰᠢᠯᠭᠠᠯᠲᠠ ᠶᠢᠨ ᠬᠢᠷᠢ ᠪᠦᠲᠦᠮᠵᠢ ᠪᠠ | ᠰᠤᠷᠤᠭᠴᠢ ᠡᠯᠰᠡᠬᠦ ᠲᠤᠰᠬᠠᠢ ᠮᠡᠷᠭᠡᠵᠢᠯ ᠵᠡᠷᠭᠡ ᠶᠢ ᠪᠠᠭᠲᠠᠭᠠᠨ᠎ᠠ᠃ | | | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | 2024 ᠣᠨ ᠤ 2 ᠰᠠᠷ᠎ᠠ ᠶᠢᠨ 2 ᠤᠨ ᠡᠳᠦᠷ | |