2024 ᠣᠨ ᠤ ᠬᠠᠪᠤᠷ ᠤᠨ ᠪᠡᠯᠴᠢᠭᠡᠷ ᠰᠡᠷᠭᠦᠬᠦ ᠬᠤᠭᠤᠴᠠᠭᠠᠨ ᠳᠠᠬᠢ ᠮᠠᠯ ᠬᠠᠰᠢᠶᠠᠯᠠᠭ᠎ᠠ ᠶᠢᠨ ᠠᠵᠢᠯ ᠤᠨ ᠲᠤᠬᠠᠶ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2024/3/7
ᠥᠷᠭᠡᠨ ᠣᠯᠠᠨ ᠮᠠᠯᠴᠢᠨ ᠲᠦᠮᠡᠨ ᠳᠤ᠄       ᠪᠥᠬᠦ ᠠᠶᠢᠮᠠᠭ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠤᠭᠠᠷ ᠬᠠᠪᠤᠷ ᠤᠨ ᠪᠡᠯᠴᠢᠭᠡᠷ ᠰᠡᠷᠭᠦᠬᠦ ᠬᠤᠭᠤᠴᠠᠭᠠᠨ ᠳᠠᠬᠢ ᠮᠠᠯ ᠬᠠᠰᠢᠶᠠᠯᠠᠭ᠎ᠠ ᠶᠢᠨ ᠠᠵᠢᠯ ᠤᠨ ᠦᠷ᠎ᠡ ᠪᠦᠳᠦᠮᠵᠢ ᠶᠢ ᠪᠠᠬᠢᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠨ ᠠᠰᠢᠭᠯᠠᠬᠤ ᠶᠢᠨ ᠲᠤᠯᠠᠳᠠ᠂ ᠮᠠᠨ ᠤ ᠬᠤᠰᠢᠭᠤ ᠨᠢ 2024 ᠣᠨ ᠤ ᠬᠠᠪᠤᠷ ᠤᠨ ᠪᠡᠯᠴᠢᠭᠡᠷ ᠰᠡᠷᠭᠦᠬᠦ ᠬᠤᠭᠤᠴᠠᠭᠠᠨ ᠳᠤ ᠮᠠᠯ ᠬᠠᠰᠢᠶᠠᠯᠠᠭ᠎ᠠ ᠶᠢᠨ ᠠᠵᠢᠯ ᠢ ᠦᠷᠭᠦᠯᠵᠢᠯᠡᠨ ᠥᠷᠨᠢᠬᠦᠯᠬᠦ ᠪᠠᠷ ᠲᠤᠭᠲᠠᠪᠠ᠃ ᠬᠠᠰᠢᠶᠠᠯᠠᠭ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠠᠮᠢᠶ᠎ᠠ ᠪᠦᠬᠦᠢ ᠵᠦᠢᠯ ᠢ ᠵᠠᠷᠯᠠᠨ ᠮᠡᠳᠡᠭᠳᠡᠶ᠎ᠡ᠄ᠨᠢᠭᠡ᠂ ᠬᠠᠰᠢᠶᠠᠯᠠᠭ᠎ᠠ ᠶᠢᠨ ᠬᠤᠭᠤᠴᠠᠭ᠎ᠠ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ︾᠎ ᠤᠨ ᠶᠢᠰᠦᠳᠦᠭᠡᠷ ᠵᠣᠷᠪᠤᠰ ︽ᠬᠤᠰᠢᠭᠤ ᠰᠢᠶᠠᠨ ᠬᠤᠲᠠ ︵ᠲᠣᠭᠤᠷᠢᠭ︶᠎ ᠶᠢᠨ ᠠᠷᠠᠳ ᠤᠨ ᠵᠠᠰᠠᠭ ᠤᠨ ᠣᠷᠳᠣᠨ ᠨᠢ ᠲᠤᠬᠠᠶ ᠶᠢᠨ ᠭᠠᠵᠠᠷ ᠤᠨ ᠠᠭᠤᠷ ᠠᠮᠢᠰᠬᠤᠯ ᠪᠣᠯᠤᠨ ᠡᠪᠡᠰᠦ ᠪᠡᠯᠴᠢᠭᠡᠷ ᠤᠨ ᠤᠷᠭᠤᠯᠲᠠ ᠶᠢᠨ ᠪᠠᠶᠢᠲᠠᠯ ᠢ ᠦᠨᠳᠦᠰᠦᠯᠡᠨ᠂ ᠵᠢᠯ ᠪᠦᠷᠢ ᠶᠢᠨ ᠬᠠᠪᠤᠷ ᠤᠨ ᠪᠡᠯᠴᠢᠭᠡᠷ ᠰᠡᠷᠭᠦᠭᠦ ᠬᠤᠭᠤᠴᠠᠭᠠᠨ ᠳᠤ ᠮᠠᠯ ᠬᠠᠰᠢᠶᠠᠯᠠᠭ᠎ᠠ ᠶᠢᠨ ᠳᠥᠷᠢᠮ ᠢ ᠬᠡᠷᠡᠭᠵᠢᠭᠦᠯᠬᠦ ᠪᠦᠭᠡᠳ ᠬᠠᠰᠢᠶᠠᠯᠠᠭ᠎ᠠ ᠶᠢᠨ ᠬᠤᠭᠤᠴᠠᠭ᠎ᠠ ᠶᠢ 45 ᠬᠤᠨᠤᠭ ᠠᠴᠠ ᠢᠯᠡᠭᠦᠦ ᠪᠠᠶᠢᠯᠭᠠᠬᠤ ᠬᠡᠷᠡᠭᠲᠡᠢ︾ ᠭᠡᠰᠡᠨ ᠲᠣᠭᠲᠠᠭᠠᠯ ᠪᠠ ︽ᠰᠢᠯᠢ ᠶᠢᠨ ᠭᠤᠤᠯ ᠠᠶᠢᠮᠠᠭ ᠤᠨ 2023 - 2025 ᠣᠨ ᠤ ᠮᠠᠯ ᠬᠠᠰᠢᠶᠠᠯᠠᠭ᠎ᠠ ᠶᠢᠨ ᠠᠵᠢᠯ ᠤᠨ ᠲᠥᠰᠦᠯ︾᠎ ᠤᠨ ᠱᠠᠭᠠᠷᠳᠠᠯᠭ᠎ᠠ ᠶᠢᠨ ᠳᠠᠭᠠᠤ᠂ ᠮᠠᠨ ᠤ ᠬᠤᠰᠢᠭᠤ ᠨᠢ ᠮᠠᠯ ᠬᠠᠰᠢᠶᠠᠯᠠᠭ᠎ᠠ ᠶᠢ 2024 ᠣᠨ ᠤ 4 ᠰᠠᠷ᠎ᠠ ᠶᠢᠨ 10 ᠎ ᠠᠴᠠ 5 ᠰᠠᠷ᠎ᠠ ᠶᠢᠨ 25 ᠪᠣᠯᠲᠠᠯ᠎ᠠ ᠶᠠᠪᠤᠭᠳᠠᠭᠤᠯᠬᠤ ᠪᠠᠷ ᠪᠣᠯᠪᠠ᠃ ᠬᠤᠶᠠᠷ᠂ ᠬᠠᠰᠢᠶᠠᠯᠠᠬᠤ ᠬᠡᠪᠴᠢᠶ᠎ᠡ     ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠠᠮᠢ ᠠᠬᠤᠶ ᠶᠢᠨ ᠱᠠᠩᠨᠠᠯ ᠨᠥᠬᠦᠪᠥᠷᠢ ᠶᠢᠨ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ ᠪᠥᠬᠦ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠳᠤ ᠦᠬᠡᠷ ᠂ ᠠᠳᠤᠭᠤ᠂ ᠬᠤᠨᠢ᠂ ᠲᠡᠮᠡᠭᠡ᠂ ᠡᠯᠵᠢᠭᠡ ᠶᠢ ᠬᠠᠰᠢᠶᠠᠯᠠᠨ᠎ᠠ᠃ ᠭᠤᠷᠪᠠ᠂ ᠨᠥᠬᠦᠪᠥᠷᠢ ᠶᠢᠨ ᠪᠠᠷᠢᠮᠵᠢᠶ᠎ᠠ      ᠬᠠᠰᠢᠶᠠᠯᠠᠭ᠎ᠠ ᠶᠢᠨ ᠳᠥᠷᠢᠮ ᠢ ᠬᠡᠷᠡᠭᠵᠢᠬᠦᠯᠵᠦ ᠪᠠᠶᠢᠭ᠎ᠠ ᠨᠤᠲᠤᠭ ᠪᠡᠯᠴᠢᠭᠡᠷ ᠤᠨ ᠲᠠᠯᠠᠪᠠᠶ ᠪᠠᠷ᠂ ᠮᠦ ᠪᠦᠷᠢ ᠳᠤ 1.125 ᠲᠥᠭᠦᠷᠢᠭ ᠤᠨ ᠨᠥᠬᠦᠪᠦᠷᠢ ᠣᠯᠭᠤᠨ᠎ᠠ᠃ ᠳᠥᠷᠪᠡ᠂ ᠮᠠᠯ ᠤᠨ ᠬᠠᠰᠢᠶᠠᠨ ᠤ ᠪᠠᠶᠢᠭᠤᠯᠤᠯᠲᠠ      ᠬᠤᠨᠢ ᠪᠠᠷ ᠨᠢᠭᠡᠴᠢ ᠪᠣᠯᠭᠠᠨ᠂ ᠬᠤᠨᠢᠨ ᠨᠢᠭᠡᠴᠢ ᠪᠦᠷᠢ ᠳᠤ ᠬᠠᠮᠤᠭ ᠶᠡᠭᠡ ᠳᠡᠭᠡᠨ 20 ᠲᠡᠭᠰᠢ ᠳᠥᠷᠪᠡᠯᠵᠢᠨ ᠮᠧᠲᠷ ᠨᠤᠭᠳᠠᠭᠤᠯᠤᠨ᠂ ᠮᠠᠯ ᠬᠠᠰᠢᠬᠤ ᠲᠤᠤᠷ ᠬᠠᠰᠢᠶ᠎ᠠ ᠪᠠᠶᠢᠭᠤᠯᠵᠤ ᠪᠤᠯᠬᠤ ᠪᠦᠭᠡᠳ ᠨᠢᠭᠡ ᠦᠬᠡᠷ ᠢ ᠲᠠᠪᠤᠨ ᠬᠤᠨᠢᠨ ᠨᠢᠭᠡᠴᠢ᠂ ᠨᠢᠭᠡ ᠲᠣᠭᠤᠯ ᠢ ᠬᠤᠶᠠᠷ ᠴᠡᠭ ᠲᠠᠪᠤᠨ ᠬᠤᠨᠢᠨ ᠨᠢᠭᠡᠴᠢ ᠪᠠᠷ ᠨᠤᠭᠤᠯᠤᠨ ᠪᠣᠳᠤᠵᠤ᠂ ᠫᠧᠩ ᠰᠠᠷᠠᠪᠴᠢ ᠶᠢᠨ ᠢᠶᠠᠨ ᠡᠷᠭᠢᠨ ᠲᠣᠭᠤᠷᠢᠨ ᠳᠤ ᠮᠠᠯ ᠤᠨ ᠬᠠᠰᠢᠶ᠎ᠠ ᠪᠠᠶᠢᠭᠤᠯᠤᠨ᠂ ᠬᠠᠰᠢᠶᠠᠨ ᠤ ᠲᠤᠤᠷ ᠲᠠᠰᠤᠯᠤᠪᠴᠢ᠂ ᠵᠠᠭᠠᠭ᠂ ᠬᠤᠳᠳᠤᠭ ᠣᠩᠭᠤᠴᠠ ᠪᠠᠨ ᠵᠦᠢ ᠵᠣᠬᠢᠰᠲᠠᠶ ᠪᠠᠶᠢᠷᠢᠯᠠᠭᠤᠯᠤᠭᠰᠠᠨ ᠪᠠᠶᠢᠬᠤ ᠬᠡᠷᠡᠭᠲᠡᠢ᠃ ᠬᠠᠰᠢᠶᠠᠨ ᠠᠴᠠ ᠪᠠᠨ ᠭᠠᠷᠭᠠᠵᠤ ᠪᠡᠯᠴᠢᠭᠡᠷᠯᠡᠭᠦᠯᠵᠦ ᠪᠣᠯᠬᠤ ᠦᠭᠡᠢ᠃ ᠲᠠᠪᠦ᠂ ᠨᠦᠬᠦᠪᠦᠷᠢ ᠪᠠᠭᠤᠯᠭᠠᠬᠤ ᠲᠤᠬᠠᠢ      ᠮᠠᠯ ᠬᠠᠰᠢᠶᠠᠯᠠᠭ᠎ᠠ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠮᠠᠯ ᠬᠠᠰᠢᠶᠠᠯᠠᠭ᠎ᠠ ᠶᠢᠨ ᠠᠵᠢᠯ ᠢ ᠤᠳᠤᠷᠢᠳᠬᠤ ᠳᠤᠭᠤᠶᠢᠯᠠᠩ ᠠᠴᠠ ᠲᠠᠷᠢᠶᠠᠯᠠᠩ ᠮᠠᠯ ᠠᠵᠤ ᠠᠬᠤᠶ ᠶᠢᠨ ᠲᠤᠪᠴᠢᠶ᠎ᠠ᠂ ᠣᠶ ᠰᠢᠭᠤᠶ ᠨᠣᠳᠤᠭ ᠪᠡᠯᠴᠢᠭᠡᠷ ᠤᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ ᠪᠣᠯᠤᠨ ᠡᠯ᠎ᠡ ᠰᠤᠮᠤ ᠪᠠᠯᠭᠠᠰᠤ ᠶᠢ ᠵᠣᠬᠢᠶᠠᠨ ᠪᠠᠶᠢᠭᠤᠯᠵᠤ᠂ ᠬᠠᠰᠢᠶᠠᠯᠠᠭ᠎ᠠ ᠶᠠᠪᠤᠭᠳᠠᠭᠤᠯᠤᠭᠰᠠᠨ ᠪᠠᠶᠢᠲᠠᠯ ᠢ ᠬᠢᠨᠠᠨ ᠰᠢᠯᠭᠠᠵᠤ ᠬᠢᠷᠢ ᠲᠡᠩᠴᠡᠭᠰᠡᠨ ᠤ ᠳᠠᠷᠠᠭ᠎ᠠ ᠱᠠᠭᠠᠷᠳᠠᠯᠭ᠎ᠠ ᠶᠣᠰᠣᠭᠠᠷ ᠵᠠᠷᠯᠠᠯ ᠨᠡᠶᠢᠲᠡᠯᠡᠵᠦ ᠬᠢᠨᠠᠨ ᠬᠠᠷᠭᠤᠭᠤᠯᠤᠭᠠᠳ ᠠᠯᠳᠠᠭ᠎ᠠ ᠪᠤᠷᠤᠭᠤ ᠥᠬᠡᠶ ᠪᠣᠯ ᠨᠦᠬᠦᠪᠦᠷᠢ ᠮᠦᠩᠭᠦ ᠶᠢ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠮᠠᠯᠴᠢᠳ ᠤᠨ ᠲᠠᠩᠰᠠᠯᠠᠭᠰᠠᠨ ᠺᠠᠷᠲ ᠤᠷᠤᠭᠤ ᠰᠢᠭᠤᠳ ᠪᠠᠭᠤᠯᠭᠠᠨ᠎ᠠ᠃ ᠵᠢᠷᠭᠤᠭ᠎ᠠ᠂ ᠬᠠᠮᠢᠶ᠎ᠠ ᠪᠥᠬᠦᠶ ᠱᠠᠭᠠᠷᠳᠠᠯᠭ᠎ᠠ     ︵ᠨᠢᠭᠡ︶ ᠡᠯ᠎ᠡ ᠰᠤᠮᠤ ᠪᠠᠯᠭᠠᠰᠤ ︵ᠲᠠᠯᠠᠪᠠᠢ︶᠎ ᠨᠢ ᠮᠠᠯ ᠬᠠᠰᠢᠶᠠᠯᠠᠭ᠎ᠠ ᠶᠢᠨ ᠲᠠᠩᠰᠠ ᠡᠪᠬᠢᠮᠠᠯ ᠢᠶᠠᠨ ᠪᠠᠶᠢᠭᠤᠯᠬᠤ ᠪᠦᠭᠡᠳ ᠮᠠᠯᠴᠢᠨ ᠡᠷᠦᠬᠡ ᠤᠳ ᠬᠠᠰᠢᠶᠠᠯᠠᠭ᠎ᠠ ᠶᠢᠨ ᠪᠡᠯᠡᠳᠬᠡᠯ ᠠᠵᠢᠯ ᠢᠶᠠᠨ ᠰᠠᠶᠢᠲᠤᠷ ᠬᠢᠵᠦ᠂ ᠬᠠᠰᠢᠶᠠᠯᠠᠭ᠎ᠠ ᠶᠢᠨ ᠡᠪᠡᠰᠦ ᠪᠤᠷᠳᠤᠭ᠎ᠠ ᠪᠠᠨ ᠲᠤᠬᠢᠷᠠᠮᠵᠢᠲᠠᠢ ᠨᠦᠭᠡᠴᠡᠯᠡᠬᠦ ᠶᠢᠨ ᠬᠠᠮᠲᠤ ᠬᠠᠰᠢᠶᠠᠯᠠᠭ᠎ᠠ ᠶᠢᠨ ᠳᠦᠷᠢᠮ ᠢ ᠴᠢᠩᠭ᠎ᠠ ᠵᠢᠷᠤᠮᠠᠯᠠᠨ᠂ ᠳᠤᠷ᠎ᠠ ᠲᠠᠪᠠ ᠪᠠᠷ ᠢᠶᠠᠨ ᠮᠠᠯ ᠪᠡᠯᠴᠢᠭᠡᠷᠯᠡᠭᠦᠯᠬᠦ ᠦᠭᠡᠢ ᠪᠠᠶᠢᠬᠤ ᠬᠡᠷᠡᠭᠲᠡᠢ᠃ ᠤᠬᠠᠮᠰᠠᠷ ᠠᠴᠠ ᠪᠠᠨ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠣᠯᠤᠨ ᠣᠶ ᠰᠢᠭᠤᠶ ᠨᠣᠲᠤᠭ ᠪᠡᠯᠴᠢᠭᠡᠷ ᠤᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠬᠦᠯᠢᠶᠡᠬᠦ ᠬᠡᠷᠡᠭᠲᠡᠶ᠃        ︵ᠬᠤᠶᠠᠷ︶ ᠡᠯ᠎ᠡ ᠰᠤᠮᠤ ᠪᠠᠯᠭᠠᠰᠤ ︵ᠲᠠᠯᠠᠪᠠᠢ︶᠎ ᠨᠢ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ ᠂ ᠮᠠᠯᠴᠢᠨ ᠡᠷᠦᠬᠡ ᠮᠠᠯ ᠣᠨᠤᠭ᠎ᠠ ᠪᠠᠨ ᠬᠠᠰᠢᠶᠠᠯᠠᠭᠰᠠᠨ ᠡᠰᠡᠬᠦ᠂ ᠡᠪᠡᠰᠦ ᠪᠣᠷᠳᠤᠭ᠎ᠠ ᠤᠰᠤ ᠲᠡᠵᠢᠭᠡᠯ ᠪᠦᠷᠢᠨ ᠬᠠᠩᠭᠠᠮᠵᠢᠲᠠᠢ ᠪᠠᠶᠢᠭ᠎ᠠ ᠪᠠᠶᠢᠳᠠᠯ ᠢ ᠪᠠᠶᠢᠴᠠᠭᠠᠨ ᠱᠠᠭᠠᠷᠳᠠᠬᠤ ᠬᠡᠷᠡᠭᠳᠡᠢ᠃ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠬᠠᠰᠢᠶᠠᠯᠠᠨ ᠮᠠᠯᠵᠢᠬᠤ ᠮᠡᠷᠭᠡᠵᠢᠯ ᠤᠨ ᠵᠢᠯᠣᠭᠤᠳᠤᠯᠭ᠎ᠠ ᠪᠠ ᠬᠢᠵᠢᠭ ᠡᠪᠡᠳᠴᠢᠨ ᠢ ᠰᠡᠷᠭᠡᠶᠢᠯᠡᠬᠦ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠨᠢ ᠬᠢᠨᠠᠯᠲᠠ  ᠬᠠᠮᠢᠶᠠᠷᠤᠯᠲᠠ ᠪᠠᠨ ᠴᠢᠩᠭᠠᠳᠬᠠᠵᠤ᠂ ᠨᠤᠲᠤᠭ ᠪᠡᠯᠴᠢᠭᠡᠷ ᠤᠨ ᠬᠠᠮᠢᠶᠠᠷᠤᠭᠴᠢᠳ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠴᠠᠭᠳᠠᠯᠲᠠ ᠬᠠᠮᠢᠶᠠᠷᠤᠯᠲᠠ ᠪᠠᠨ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠶ᠃ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ᠂ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ᠬᠠᠤᠯᠢ ᠶᠢᠨ ᠲᠠᠭᠠᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠳᠬᠠᠵᠤ᠂ ᠬᠤᠯᠠᠭᠠᠢ ᠪᠠᠷ ᠪᠡᠯᠴᠢᠭᠡᠷᠯᠡᠬᠦᠯᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠣᠭᠲᠠᠭᠠᠯ ᠠᠴᠠ ᠵᠦᠷᠢᠴᠡᠭᠰᠡᠨ ᠠᠵᠢᠯᠯᠠᠭ᠎ᠠ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ︾᠎ ᠤᠨ ᠲᠠᠭᠠᠤ ᠪᠠᠶᠢᠴᠠᠭᠠᠨ ᠰᠢᠢᠳᠪᠦᠷᠢᠯᠡᠬᠦ ᠬᠡᠷᠡᠭᠳᠡᠢ᠃       ︵ᠭᠤᠷᠪᠠ︶  ᠮᠠᠯ ᠬᠠᠰᠢᠶᠠᠯᠠᠭ᠎ᠠ ᠶᠢᠨ ᠬᠤᠭᠤᠴᠠᠭᠠᠨ ᠳᠤ ᠢᠯᠡᠴᠢᠯᠡᠨ ᠮᠡᠳᠡᠭᠦᠯᠬᠦ ᠲᠦᠷᠢᠮ ᠢ ᠬᠡᠷᠡᠭᠵᠢᠭᠦᠯᠬᠦ ᠪᠦᠭᠡᠳ ᠬᠠᠤᠯᠢ ᠬᠡᠷᠡᠭᠵᠢᠭᠦᠯᠬᠦ ᠪᠠᠶᠢᠭᠤᠯᠭ᠎ᠠ ᠠᠴᠠ ᠬᠢᠨᠠᠯᠲᠠ ᠲᠠᠯᠪᠢᠬᠤ᠂ ᠰᠤᠮᠤ ᠭᠠᠴᠠᠭ᠎ᠠ ᠠᠴᠠ ᠬᠢᠨᠠᠯᠲᠠ ᠲᠠᠯᠪᠢᠬᠤ ᠂ ᠨᠡᠶᠢᠭᠡᠮ ᠨᠡᠶᠢᠲᠡ ᠠᠴᠠ ᠬᠢᠨᠠᠯᠲᠠ ᠲᠠᠯᠪᠢᠬᠤ᠂ ᠣᠯᠠᠨ ᠲᠦᠮᠡᠨ ᠠᠴᠠ ᠬᠢᠨᠠᠯᠲᠠ ᠲᠠᠯᠪᠢᠬᠤ ᠠᠵᠢᠯ ᠤᠨ ᠲᠤᠭᠲᠠᠯᠴᠠᠭᠠᠨ ᠤ ᠲᠠᠭᠠᠤ ᠬᠠᠮᠢᠶᠠᠷᠤᠯᠲᠠ ᠪᠠᠨ ᠴᠢᠩᠭᠠᠳᠬᠠᠵᠤ᠂ ᠬᠤᠯᠠᠭᠠᠢ ᠪᠠᠷ ᠪᠡᠯᠴᠢᠭᠡᠷᠯᠡᠬᠦᠯᠬᠦ ᠪᠣᠶᠣ ᠳᠥᠷᠢᠮ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠬᠦ ᠶᠢ ᠮᠠᠯᠴᠢᠳ ᠲᠤ ᠪᠠᠨ ᠤᠷᠢᠶᠠᠯᠠᠵᠤ ᠪᠠᠶᠢᠨ᠎ᠠ᠃ ᠢᠯᠡᠴᠢᠯᠡᠨ ᠮᠡᠳᠡᠭᠦᠯᠬᠦ ᠤᠲᠠᠰᠤ᠄   ᠱᠠᠩᠳᠤ ᠪᠠᠯᠭᠠᠰᠤ 13474749099  ᠰᠠᠩ ᠤᠨ ᠳᠠᠯᠠᠶ ᠪᠠᠯᠭᠠᠰᠤ 15247883871   ᠬᠠᠪᠢᠷᠭ᠎ᠠ ᠪᠠᠯᠭᠠᠰᠤ  15904794036  ᠪᠤᠱᠤᠤᠳᠠᠶ ᠰᠤᠮᠤ 13947981880   ᠨᠠᠷᠠᠲᠤ ᠰᠤᠮᠤ  13848496101  ᠵᠢᠭᠠᠰᠤᠲᠠᠢ ᠰᠤᠮᠤ  15148688086  ᠰᠠᠶᠢᠨᠬᠤᠳᠳᠤᠭ ᠰᠤᠮᠤ  13614790149  ᠲᠠᠪᠦ‍ ᠨᠢᠭᠡ ᠮᠠᠯᠵᠢᠯ ᠤᠨ ᠲᠠᠯᠠᠪᠠᠢ  13614799470  ᠪᠣᠷᠣᠬᠤᠲᠠ ᠵᠢᠱᠢᠶ᠎ᠡ ᠦᠵᠡᠭᠦᠯᠬᠦ ᠲᠣᠭᠤᠷᠢᠭ  13514793064  ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ     4231808                                                                                  2024 ᠣᠨ ᠤ 3 ᠰᠠᠷ᠎ᠠ ᠶᠢᠨ 7᠎ ᠤ ᠡᠳᠦᠷ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号