2024 ᠣᠨ ᠤ ᠬᠠᠪᠤᠷ ᠤᠨ ᠪᠡᠯᠴᠢᠭᠡᠷ ᠰᠡᠷᠭᠦᠬᠦ ᠬᠤᠭᠤᠴᠠᠭᠠᠨ ᠳᠠᠬᠢ ᠮᠠᠯ ᠬᠠᠰᠢᠶᠠᠯᠠᠭ᠎ᠠ ᠶᠢᠨ ᠠᠵᠢᠯ ᠤᠨ ᠲᠤᠬᠠᠶ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2024/3/7
ᠥᠷᠭᠡᠨ ᠣᠯᠠᠨ ᠮᠠᠯᠴᠢᠨ ᠲᠦᠮᠡᠨ ᠳᠤ᠄       ᠪᠥᠬᠦ ᠠᠶᠢᠮᠠᠭ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠤᠭᠠᠷ ᠬᠠᠪᠤᠷ ᠤᠨ ᠪᠡᠯᠴᠢᠭᠡᠷ ᠰᠡᠷᠭᠦᠬᠦ ᠬᠤᠭᠤᠴᠠᠭᠠᠨ ᠳᠠᠬᠢ ᠮᠠᠯ ᠬᠠᠰᠢᠶᠠᠯᠠᠭ᠎ᠠ ᠶᠢᠨ ᠠᠵᠢᠯ ᠤᠨ ᠦᠷ᠎ᠡ ᠪᠦᠳᠦᠮᠵᠢ ᠶᠢ ᠪᠠᠬᠢᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠨ ᠠᠰᠢᠭᠯᠠᠬᠤ ᠶᠢᠨ ᠲᠤᠯᠠᠳᠠ᠂ ᠮᠠᠨ ᠤ ᠬᠤᠰᠢᠭᠤ ᠨᠢ 2024 ᠣᠨ ᠤ ᠬᠠᠪᠤᠷ ᠤᠨ ᠪᠡᠯᠴᠢᠭᠡᠷ ᠰᠡᠷᠭᠦᠬᠦ ᠬᠤᠭᠤᠴᠠᠭᠠᠨ ᠳᠤ ᠮᠠᠯ ᠬᠠᠰᠢᠶᠠᠯᠠᠭ᠎ᠠ ᠶᠢᠨ ᠠᠵᠢᠯ ᠢ ᠦᠷᠭᠦᠯᠵᠢᠯᠡᠨ ᠥᠷᠨᠢᠬᠦᠯᠬᠦ ᠪᠠᠷ ᠲᠤᠭᠲᠠᠪᠠ᠃ ᠬᠠᠰᠢᠶᠠᠯᠠᠭ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠠᠮᠢᠶ᠎ᠠ ᠪᠦᠬᠦᠢ ᠵᠦᠢᠯ ᠢ ᠵᠠᠷᠯᠠᠨ ᠮᠡᠳᠡᠭᠳᠡᠶ᠎ᠡ᠄ᠨᠢᠭᠡ᠂ ᠬᠠᠰᠢᠶᠠᠯᠠᠭ᠎ᠠ ᠶᠢᠨ ᠬᠤᠭᠤᠴᠠᠭ᠎ᠠ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ︾ ᠤᠨ ᠶᠢᠰᠦᠳᠦᠭᠡᠷ ᠵᠣᠷᠪᠤᠰ ︽ᠬᠤᠰᠢᠭᠤ ᠰᠢᠶᠠᠨ ᠬᠤᠲᠠ ︵ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠨᠢ ᠲᠤᠬᠠᠶ ᠶᠢᠨ ᠭᠠᠵᠠᠷ ᠤᠨ ᠠᠭᠤᠷ ᠠᠮᠢᠰᠬᠤᠯ ᠪᠣᠯᠤᠨ ᠡᠪᠡᠰᠦ ᠪᠡᠯᠴᠢᠭᠡᠷ ᠤᠨ ᠤᠷᠭᠤᠯᠲᠠ ᠶᠢᠨ ᠪᠠᠶᠢᠲᠠᠯ ᠢ ᠦᠨᠳᠦᠰᠦᠯᠡᠨ᠂ ᠵᠢᠯ ᠪᠦᠷᠢ ᠶᠢᠨ ᠬᠠᠪᠤᠷ ᠤᠨ ᠪᠡᠯᠴᠢᠭᠡᠷ ᠰᠡᠷᠭᠦᠭᠦ ᠬᠤᠭᠤᠴᠠᠭᠠᠨ ᠳᠤ ᠮᠠᠯ ᠬᠠᠰᠢᠶᠠᠯᠠᠭ᠎ᠠ ᠶᠢᠨ ᠳᠥᠷᠢᠮ ᠢ ᠬᠡᠷᠡᠭᠵᠢᠭᠦᠯᠬᠦ ᠪᠦᠭᠡᠳ ᠬᠠᠰᠢᠶᠠᠯᠠᠭ᠎ᠠ ᠶᠢᠨ ᠬᠤᠭᠤᠴᠠᠭ᠎ᠠ ᠶᠢ 45 ᠬᠤᠨᠤᠭ ᠠᠴᠠ ᠢᠯᠡᠭᠦᠦ ᠪᠠᠶᠢᠯᠭᠠᠬᠤ ᠬᠡᠷᠡᠭᠲᠡᠢ︾ ᠭᠡᠰᠡᠨ ᠲᠣᠭᠲᠠᠭᠠᠯ ᠪᠠ ︽ᠰᠢᠯᠢ ᠶᠢᠨ ᠭᠤᠤᠯ ᠠᠶᠢᠮᠠᠭ ᠤᠨ 2023 - 2025 ᠣᠨ ᠤ ᠮᠠᠯ ᠬᠠᠰᠢᠶᠠᠯᠠᠭ᠎ᠠ ᠶᠢᠨ ᠠᠵᠢᠯ ᠤᠨ ᠲᠥᠰᠦᠯ︾ ᠤᠨ ᠱᠠᠭᠠᠷᠳᠠᠯᠭ᠎ᠠ ᠶᠢᠨ ᠳᠠᠭᠠᠤ᠂ ᠮᠠᠨ ᠤ ᠬᠤᠰᠢᠭᠤ ᠨᠢ ᠮᠠᠯ ᠬᠠᠰᠢᠶᠠᠯᠠᠭ᠎ᠠ ᠶᠢ 2024 ᠣᠨ ᠤ 4 ᠰᠠᠷ᠎ᠠ ᠶᠢᠨ 10  ᠠᠴᠠ 5 ᠰᠠᠷ᠎ᠠ ᠶᠢᠨ 25 ᠪᠣᠯᠲᠠᠯ᠎ᠠ ᠶᠠᠪᠤᠭᠳᠠᠭᠤᠯᠬᠤ ᠪᠠᠷ ᠪᠣᠯᠪᠠ᠃ ᠬᠤᠶᠠᠷ᠂ ᠬᠠᠰᠢᠶᠠᠯᠠᠬᠤ ᠬᠡᠪᠴᠢᠶ᠎ᠡ     ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠠᠮᠢ ᠠᠬᠤᠶ ᠶᠢᠨ ᠱᠠᠩᠨᠠᠯ ᠨᠥᠬᠦᠪᠥᠷᠢ ᠶᠢᠨ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ ᠪᠥᠬᠦ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠳᠤ ᠦᠬᠡᠷ ᠂ ᠠᠳᠤᠭᠤ᠂ ᠬᠤᠨᠢ᠂ ᠲᠡᠮᠡᠭᠡ᠂ ᠡᠯᠵᠢᠭᠡ ᠶᠢ ᠬᠠᠰᠢᠶᠠᠯᠠᠨ᠎ᠠ᠃ ᠭᠤᠷᠪᠠ᠂ ᠨᠥᠬᠦᠪᠥᠷᠢ ᠶᠢᠨ ᠪᠠᠷᠢᠮᠵᠢᠶ᠎ᠠ      ᠬᠠᠰᠢᠶᠠᠯᠠᠭ᠎ᠠ ᠶᠢᠨ ᠳᠥᠷᠢᠮ ᠢ ᠬᠡᠷᠡᠭᠵᠢᠬᠦᠯᠵᠦ ᠪᠠᠶᠢᠭ᠎ᠠ ᠨᠤᠲᠤᠭ ᠪᠡᠯᠴᠢᠭᠡᠷ ᠤᠨ ᠲᠠᠯᠠᠪᠠᠶ ᠪᠠᠷ᠂ ᠮᠦ ᠪᠦᠷᠢ ᠳᠤ 1.125 ᠲᠥᠭᠦᠷᠢᠭ ᠤᠨ ᠨᠥᠬᠦᠪᠦᠷᠢ ᠣᠯᠭᠤᠨ᠎ᠠ᠃ ᠳᠥᠷᠪᠡ᠂ ᠮᠠᠯ ᠤᠨ ᠬᠠᠰᠢᠶᠠᠨ ᠤ ᠪᠠᠶᠢᠭᠤᠯᠤᠯᠲᠠ      ᠬᠤᠨᠢ ᠪᠠᠷ ᠨᠢᠭᠡᠴᠢ ᠪᠣᠯᠭᠠᠨ᠂ ᠬᠤᠨᠢᠨ ᠨᠢᠭᠡᠴᠢ ᠪᠦᠷᠢ ᠳᠤ ᠬᠠᠮᠤᠭ ᠶᠡᠭᠡ ᠳᠡᠭᠡᠨ 20 ᠲᠡᠭᠰᠢ ᠳᠥᠷᠪᠡᠯᠵᠢᠨ ᠮᠧᠲᠷ ᠨᠤᠭᠳᠠᠭᠤᠯᠤᠨ᠂ ᠮᠠᠯ ᠬᠠᠰᠢᠬᠤ ᠲᠤᠤᠷ ᠬᠠᠰᠢᠶ᠎ᠠ ᠪᠠᠶᠢᠭᠤᠯᠵᠤ ᠪᠤᠯᠬᠤ ᠪᠦᠭᠡᠳ ᠨᠢᠭᠡ ᠦᠬᠡᠷ ᠢ ᠲᠠᠪᠤᠨ ᠬᠤᠨᠢᠨ ᠨᠢᠭᠡᠴᠢ᠂ ᠨᠢᠭᠡ ᠲᠣᠭᠤᠯ ᠢ ᠬᠤᠶᠠᠷ ᠴᠡᠭ ᠲᠠᠪᠤᠨ ᠬᠤᠨᠢᠨ ᠨᠢᠭᠡᠴᠢ ᠪᠠᠷ ᠨᠤᠭᠤᠯᠤᠨ ᠪᠣᠳᠤᠵᠤ᠂ ᠫᠧᠩ ᠰᠠᠷᠠᠪᠴᠢ ᠶᠢᠨ ᠢᠶᠠᠨ ᠡᠷᠭᠢᠨ ᠲᠣᠭᠤᠷᠢᠨ ᠳᠤ ᠮᠠᠯ ᠤᠨ ᠬᠠᠰᠢᠶ᠎ᠠ ᠪᠠᠶᠢᠭᠤᠯᠤᠨ᠂ ᠬᠠᠰᠢᠶᠠᠨ ᠤ ᠲᠤᠤᠷ ᠲᠠᠰᠤᠯᠤᠪᠴᠢ᠂ ᠵᠠᠭᠠᠭ᠂ ᠬᠤᠳᠳᠤᠭ ᠣᠩᠭᠤᠴᠠ ᠪᠠᠨ ᠵᠦᠢ ᠵᠣᠬᠢᠰᠲᠠᠶ ᠪᠠᠶᠢᠷᠢᠯᠠᠭᠤᠯᠤᠭᠰᠠᠨ ᠪᠠᠶᠢᠬᠤ ᠬᠡᠷᠡᠭᠲᠡᠢ᠃ ᠬᠠᠰᠢᠶᠠᠨ ᠠᠴᠠ ᠪᠠᠨ ᠭᠠᠷᠭᠠᠵᠤ ᠪᠡᠯᠴᠢᠭᠡᠷᠯᠡᠭᠦᠯᠵᠦ ᠪᠣᠯᠬᠤ ᠦᠭᠡᠢ᠃ ᠲᠠᠪᠦ᠂ ᠨᠦᠬᠦᠪᠦᠷᠢ ᠪᠠᠭᠤᠯᠭᠠᠬᠤ ᠲᠤᠬᠠᠢ      ᠮᠠᠯ ᠬᠠᠰᠢᠶᠠᠯᠠᠭ᠎ᠠ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠮᠠᠯ ᠬᠠᠰᠢᠶᠠᠯᠠᠭ᠎ᠠ ᠶᠢᠨ ᠠᠵᠢᠯ ᠢ ᠤᠳᠤᠷᠢᠳᠬᠤ ᠳᠤᠭᠤᠶᠢᠯᠠᠩ ᠠᠴᠠ ᠲᠠᠷᠢᠶᠠᠯᠠᠩ ᠮᠠᠯ ᠠᠵᠤ ᠠᠬᠤᠶ ᠶᠢᠨ ᠲᠤᠪᠴᠢᠶ᠎ᠠ᠂ ᠣᠶ ᠰᠢᠭᠤᠶ ᠨᠣᠳᠤᠭ ᠪᠡᠯᠴᠢᠭᠡᠷ ᠤᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ ᠪᠣᠯᠤᠨ ᠡᠯ᠎ᠡ ᠰᠤᠮᠤ ᠪᠠᠯᠭᠠᠰᠤ ᠶᠢ ᠵᠣᠬᠢᠶᠠᠨ ᠪᠠᠶᠢᠭᠤᠯᠵᠤ᠂ ᠬᠠᠰᠢᠶᠠᠯᠠᠭ᠎ᠠ ᠶᠠᠪᠤᠭᠳᠠᠭᠤᠯᠤᠭᠰᠠᠨ ᠪᠠᠶᠢᠲᠠᠯ ᠢ ᠬᠢᠨᠠᠨ ᠰᠢᠯᠭᠠᠵᠤ ᠬᠢᠷᠢ ᠲᠡᠩᠴᠡᠭᠰᠡᠨ ᠤ ᠳᠠᠷᠠᠭ᠎ᠠ ᠱᠠᠭᠠᠷᠳᠠᠯᠭ᠎ᠠ ᠶᠣᠰᠣᠭᠠᠷ ᠵᠠᠷᠯᠠᠯ ᠨᠡᠶᠢᠲᠡᠯᠡᠵᠦ ᠬᠢᠨᠠᠨ ᠬᠠᠷᠭᠤᠭᠤᠯᠤᠭᠠᠳ ᠠᠯᠳᠠᠭ᠎ᠠ ᠪᠤᠷᠤᠭᠤ ᠥᠬᠡᠶ ᠪᠣᠯ ᠨᠦᠬᠦᠪᠦᠷᠢ ᠮᠦᠩᠭᠦ ᠶᠢ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠮᠠᠯᠴᠢᠳ ᠤᠨ ᠲᠠᠩᠰᠠᠯᠠᠭᠰᠠᠨ ᠺᠠᠷᠲ ᠤᠷᠤᠭᠤ ᠰᠢᠭᠤᠳ ᠪᠠᠭᠤᠯᠭᠠᠨ᠎ᠠ᠃ ᠵᠢᠷᠭᠤᠭ᠎ᠠ᠂ ᠬᠠᠮᠢᠶ᠎ᠠ ᠪᠥᠬᠦᠶ ᠱᠠᠭᠠᠷᠳᠠᠯᠭ᠎ᠠ     ︵ᠨᠢᠭᠡ︶ ᠡᠯ᠎ᠡ ᠰᠤᠮᠤ ᠪᠠᠯᠭᠠᠰᠤ ︵ᠲᠠᠯᠠᠪᠠᠢ︶ ᠨᠢ ᠮᠠᠯ ᠬᠠᠰᠢᠶᠠᠯᠠᠭ᠎ᠠ ᠶᠢᠨ ᠲᠠᠩᠰᠠ ᠡᠪᠬᠢᠮᠠᠯ ᠢᠶᠠᠨ ᠪᠠᠶᠢᠭᠤᠯᠬᠤ ᠪᠦᠭᠡᠳ ᠮᠠᠯᠴᠢᠨ ᠡᠷᠦᠬᠡ ᠤᠳ ᠬᠠᠰᠢᠶᠠᠯᠠᠭ᠎ᠠ ᠶᠢᠨ ᠪᠡᠯᠡᠳᠬᠡᠯ ᠠᠵᠢᠯ ᠢᠶᠠᠨ ᠰᠠᠶᠢᠲᠤᠷ ᠬᠢᠵᠦ᠂ ᠬᠠᠰᠢᠶᠠᠯᠠᠭ᠎ᠠ ᠶᠢᠨ ᠡᠪᠡᠰᠦ ᠪᠤᠷᠳᠤᠭ᠎ᠠ ᠪᠠᠨ ᠲᠤᠬᠢᠷᠠᠮᠵᠢᠲᠠᠢ ᠨᠦᠭᠡᠴᠡᠯᠡᠬᠦ ᠶᠢᠨ ᠬᠠᠮᠲᠤ ᠬᠠᠰᠢᠶᠠᠯᠠᠭ᠎ᠠ ᠶᠢᠨ ᠳᠦᠷᠢᠮ ᠢ ᠴᠢᠩᠭ᠎ᠠ ᠵᠢᠷᠤᠮᠠᠯᠠᠨ᠂ ᠳᠤᠷ᠎ᠠ ᠲᠠᠪᠠ ᠪᠠᠷ ᠢᠶᠠᠨ ᠮᠠᠯ ᠪᠡᠯᠴᠢᠭᠡᠷᠯᠡᠭᠦᠯᠬᠦ ᠦᠭᠡᠢ ᠪᠠᠶᠢᠬᠤ ᠬᠡᠷᠡᠭᠲᠡᠢ᠃ ᠤᠬᠠᠮᠰᠠᠷ ᠠᠴᠠ ᠪᠠᠨ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠣᠯᠤᠨ ᠣᠶ ᠰᠢᠭᠤᠶ ᠨᠣᠲᠤᠭ ᠪᠡᠯᠴᠢᠭᠡᠷ ᠤᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠬᠦᠯᠢᠶᠡᠬᠦ ᠬᠡᠷᠡᠭᠲᠡᠶ᠃        ︵ᠬᠤᠶᠠᠷ︶ ᠡᠯ᠎ᠡ ᠰᠤᠮᠤ ᠪᠠᠯᠭᠠᠰᠤ ︵ᠲᠠᠯᠠᠪᠠᠢ︶ ᠨᠢ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ ᠂ ᠮᠠᠯᠴᠢᠨ ᠡᠷᠦᠬᠡ ᠮᠠᠯ ᠣᠨᠤᠭ᠎ᠠ ᠪᠠᠨ ᠬᠠᠰᠢᠶᠠᠯᠠᠭᠰᠠᠨ ᠡᠰᠡᠬᠦ᠂ ᠡᠪᠡᠰᠦ ᠪᠣᠷᠳᠤᠭ᠎ᠠ ᠤᠰᠤ ᠲᠡᠵᠢᠭᠡᠯ ᠪᠦᠷᠢᠨ ᠬᠠᠩᠭᠠᠮᠵᠢᠲᠠᠢ ᠪᠠᠶᠢᠭ᠎ᠠ ᠪᠠᠶᠢᠳᠠᠯ ᠢ ᠪᠠᠶᠢᠴᠠᠭᠠᠨ ᠱᠠᠭᠠᠷᠳᠠᠬᠤ ᠬᠡᠷᠡᠭᠳᠡᠢ᠃ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠬᠠᠰᠢᠶᠠᠯᠠᠨ ᠮᠠᠯᠵᠢᠬᠤ ᠮᠡᠷᠭᠡᠵᠢᠯ ᠤᠨ ᠵᠢᠯᠣᠭᠤᠳᠤᠯᠭ᠎ᠠ ᠪᠠ ᠬᠢᠵᠢᠭ ᠡᠪᠡᠳᠴᠢᠨ ᠢ ᠰᠡᠷᠭᠡᠶᠢᠯᠡᠬᠦ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠨᠢ ᠬᠢᠨᠠᠯᠲᠠ  ᠬᠠᠮᠢᠶᠠᠷᠤᠯᠲᠠ ᠪᠠᠨ ᠴᠢᠩᠭᠠᠳᠬᠠᠵᠤ᠂ ᠨᠤᠲᠤᠭ ᠪᠡᠯᠴᠢᠭᠡᠷ ᠤᠨ ᠬᠠᠮᠢᠶᠠᠷᠤᠭᠴᠢᠳ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠴᠠᠭᠳᠠᠯᠲᠠ ᠬᠠᠮᠢᠶᠠᠷᠤᠯᠲᠠ ᠪᠠᠨ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠶ᠃ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ᠂ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ᠬᠠᠤᠯᠢ ᠶᠢᠨ ᠲᠠᠭᠠᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠳᠬᠠᠵᠤ᠂ ᠬᠤᠯᠠᠭᠠᠢ ᠪᠠᠷ ᠪᠡᠯᠴᠢᠭᠡᠷᠯᠡᠬᠦᠯᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠣᠭᠲᠠᠭᠠᠯ ᠠᠴᠠ ᠵᠦᠷᠢᠴᠡᠭᠰᠡᠨ ᠠᠵᠢᠯᠯᠠᠭ᠎ᠠ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ︾ ᠤᠨ ᠲᠠᠭᠠᠤ ᠪᠠᠶᠢᠴᠠᠭᠠᠨ ᠰᠢᠢᠳᠪᠦᠷᠢᠯᠡᠬᠦ ᠬᠡᠷᠡᠭᠳᠡᠢ᠃       ︵ᠭᠤᠷᠪᠠ︶  ᠮᠠᠯ ᠬᠠᠰᠢᠶᠠᠯᠠᠭ᠎ᠠ ᠶᠢᠨ ᠬᠤᠭᠤᠴᠠᠭᠠᠨ ᠳᠤ ᠢᠯᠡᠴᠢᠯᠡᠨ ᠮᠡᠳᠡᠭᠦᠯᠬᠦ ᠲᠦᠷᠢᠮ ᠢ ᠬᠡᠷᠡᠭᠵᠢᠭᠦᠯᠬᠦ ᠪᠦᠭᠡᠳ ᠬᠠᠤᠯᠢ ᠬᠡᠷᠡᠭᠵᠢᠭᠦᠯᠬᠦ ᠪᠠᠶᠢᠭᠤᠯᠭ᠎ᠠ ᠠᠴᠠ ᠬᠢᠨᠠᠯᠲᠠ ᠲᠠᠯᠪᠢᠬᠤ᠂ ᠰᠤᠮᠤ ᠭᠠᠴᠠᠭ᠎ᠠ ᠠᠴᠠ ᠬᠢᠨᠠᠯᠲᠠ ᠲᠠᠯᠪᠢᠬᠤ ᠂ ᠨᠡᠶᠢᠭᠡᠮ ᠨᠡᠶᠢᠲᠡ ᠠᠴᠠ ᠬᠢᠨᠠᠯᠲᠠ ᠲᠠᠯᠪᠢᠬᠤ᠂ ᠣᠯᠠᠨ ᠲᠦᠮᠡᠨ ᠠᠴᠠ ᠬᠢᠨᠠᠯᠲᠠ ᠲᠠᠯᠪᠢᠬᠤ ᠠᠵᠢᠯ ᠤᠨ ᠲᠤᠭᠲᠠᠯᠴᠠᠭᠠᠨ ᠤ ᠲᠠᠭᠠᠤ ᠬᠠᠮᠢᠶᠠᠷᠤᠯᠲᠠ ᠪᠠᠨ ᠴᠢᠩᠭᠠᠳᠬᠠᠵᠤ᠂ ᠬᠤᠯᠠᠭᠠᠢ ᠪᠠᠷ ᠪᠡᠯᠴᠢᠭᠡᠷᠯᠡᠬᠦᠯᠬᠦ ᠪᠣᠶᠣ ᠳᠥᠷᠢᠮ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠬᠦ ᠶᠢ ᠮᠠᠯᠴᠢᠳ ᠲᠤ ᠪᠠᠨ ᠤᠷᠢᠶᠠᠯᠠᠵᠤ ᠪᠠᠶᠢᠨ᠎ᠠ᠃ ᠢᠯᠡᠴᠢᠯᠡᠨ ᠮᠡᠳᠡᠭᠦᠯᠬᠦ ᠤᠲᠠᠰᠤ᠄   ᠱᠠᠩᠳᠤ ᠪᠠᠯᠭᠠᠰᠤ 13474749099  ᠰᠠᠩ ᠤᠨ ᠳᠠᠯᠠᠶ ᠪᠠᠯᠭᠠᠰᠤ 15247883871   ᠬᠠᠪᠢᠷᠭ᠎ᠠ ᠪᠠᠯᠭᠠᠰᠤ  15904794036  ᠪᠤᠱᠤᠤᠳᠠᠶ ᠰᠤᠮᠤ 13947981880   ᠨᠠᠷᠠᠲᠤ ᠰᠤᠮᠤ  13848496101  ᠵᠢᠭᠠᠰᠤᠲᠠᠢ ᠰᠤᠮᠤ  15148688086  ᠰᠠᠶᠢᠨᠬᠤᠳᠳᠤᠭ ᠰᠤᠮᠤ  13614790149  ᠲᠠᠪᠦ‍ ᠨᠢᠭᠡ ᠮᠠᠯᠵᠢᠯ ᠤᠨ ᠲᠠᠯᠠᠪᠠᠢ  13614799470  ᠪᠣᠷᠣᠬᠤᠲᠠ ᠵᠢᠱᠢᠶ᠎ᠡ ᠦᠵᠡᠭᠦᠯᠬᠦ ᠲᠣᠭᠤᠷᠢᠭ  13514793064  ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ     4231808                                                                                  2024 ᠣᠨ ᠤ 3 ᠰᠠᠷ᠎ᠠ ᠶᠢᠨ 7 ᠤ ᠡᠳᠦᠷ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号