ᠪᠠᠳᠤᠪᠦ᠋ᠬᠡ᠄ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠬᠤ ᠳᠤ ᠬᠦᠴᠦᠨ ᠵᠢᠳᠬᠦᠯ ᠢᠶᠠᠨ ᠡᠷᠭᠦᠨ᠎ᠡ
ᠨᠡᠶᠢᠲᠡᠯᠡᠭᠰᠡᠨ ᠴᠠᠭ᠄
2024/3/8
      ᠬᠤᠯᠠᠨ ᠰᠢᠷᠭ᠎ᠠ ᠳᠠᠭ᠎ᠠ ᠶᠢᠨ ᠡᠯᠡᠰᠦᠨ ᠤ ᠡᠮᠦᠨ᠎ᠡ ᠵᠠᠬ᠎ᠠ ᠳᠤ ᠪᠠᠶᠢᠷᠢᠯᠠᠭ᠎ᠠ ᠪᠠᠭ᠎ᠠ ᠵᠢᠭᠠᠰᠤᠲᠠᠢ ᠶᠢᠨ ᠪᠢᠲᠡᠭᠦᠮᠵᠢᠯᠡᠨ ᠬᠠᠮᠠᠭᠠᠯᠠᠬᠤ ᠲᠤᠭᠤᠷᠢᠭ ᠪᠠ ᠤᠰᠤᠨ ᠤ ᠡᠬᠢ ᠰᠤᠷᠪᠤᠯᠵᠢ ᠶᠢ ᠬᠠᠳᠠᠭᠠᠯᠠᠨ ᠬᠠᠮᠠᠭᠠᠯᠠᠬᠤ ᠲᠤᠭᠤᠷᠢᠭ ᠪᠣᠯ ᠰᠢᠯᠤᠭᠤᠨ ᠬᠦᠬᠡ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠲᠦᠷᠦᠯ ᠵᠦᠢᠯ ᠎ ᠤᠨ ᠭᠤᠣᠯᠳᠠᠯᠭ᠎ᠠ ᠲᠠᠢ ᠬᠠᠮᠠᠭᠠᠯᠠᠯᠲᠠ ᠶᠢᠨ ᠣᠷᠣᠨ ᠪᠤᠯᠬᠤ ᠪᠠᠷ ᠪᠠᠷᠠᠬᠤ ᠦᠭᠡᠢ ᠰᠢᠯᠤᠭᠤᠨ ᠬᠦᠬᠡ ᠬᠤᠰᠢᠭᠤᠨ ᠤ ᠠᠮᠢ ᠠᠬᠤᠢ ᠶᠢᠨ ᠵᠤᠭᠠᠴᠠᠯ ᠤᠨ ᠪᠦᠰᠡ ᠪᠠᠶᠢᠵᠤ᠂ ᠨᠡᠶᠢᠳᠡ 35.7 ᠲᠦᠮᠡᠨ ᠮᠦ ᠲᠠᠯᠠᠪᠠᠢ ᠡᠵᠡᠯᠡᠳᠡᠭ᠃
微信图片_20240306100500.jpg   微信图片_20240308104452.jpg   微信图片_20240308104505.jpg
       ᠪᠠᠳᠦᠪᠦ᠋ᠬᠡ ᠪᠤᠯ ᠰᠠᠩ ᠤᠨ ᠳᠠᠯᠠᠢ ᠪᠠᠯᠭᠠᠰᠤᠨ ᠤ ᠪᠡᠯᠴᠢᠭᠡᠷᠯᠡᠭᠦᠯᠬᠦ ᠶᠢ ᠬᠤᠷᠢᠭᠯᠠᠬᠤ ᠲᠤᠭᠤᠷᠢᠭ ᠤᠨ ᠨᠤᠲᠤᠭ ᠪᠡᠯᠴᠢᠭᠡᠷ ᠢ ᠬᠠᠷᠠᠵᠤ ᠬᠠᠮᠠᠭᠠᠯᠠᠬᠤ ᠠᠵᠢᠯᠳᠠᠨ᠃ ᠬᠠᠮᠠᠭᠠᠯᠠᠯᠳᠠ ᠶᠢᠨ ᠲᠤᠭᠤᠷᠢᠭ ᠢ ᠴᠠᠭᠳᠠᠨ ᠪᠠᠶᠢᠴᠠᠭᠠᠬᠤ ᠪᠤᠯ ᠳᠡᠭᠦᠨ ᠤ ᠡᠳᠦᠷ ᠪᠦᠷᠢ ᠶᠢᠨ ᠠᠵᠢᠯ ᠪᠤᠯᠤᠨ᠎ᠠ᠃ ᠪᠠᠳᠤᠪᠦ᠋ᠬᠡ᠄ ︽ᠪᠢ ᠨᠤᠳᠤᠭ ᠪᠡᠯᠴᠢᠭᠡᠷ ᠢ ᠬᠠᠷᠠᠵᠤ ᠬᠠᠮᠠᠭᠠᠯᠠᠬᠤ ᠠᠵᠢᠯ ᠢ ᠬᠢᠭᠡᠳ ᠨᠢᠭᠡᠨᠳᠡ ᠠᠷᠪᠠᠨ ᠬᠡᠳᠦᠨ ᠵᠢᠯ ᠪᠤᠯᠵᠤ ᠪᠠᠶᠢᠨ᠎ᠠ᠃ ᠥᠩᠭᠡᠷᠡᠭᠰᠡᠨ ᠳᠤ ᠡᠨᠡ ᠬᠡᠰᠡᠭ ᠭᠠᠵᠠᠷ ᠨᠢ ᠪᠦᠷ ᠡᠯᠡᠰᠦᠷᠭᠡᠭᠵᠢᠭᠰᠡᠨ ᠪᠠᠶᠢᠭᠰᠠᠨ᠂ ᠤᠯᠤᠰ ᠤᠨ ᠬᠠᠮᠢᠶ᠎ᠠ ᠲᠠᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠷ ᠡᠯᠡᠰᠦᠷᠬᠡᠭ ᠭᠠᠵᠠᠷ ᠢ ᠭᠤᠤᠯᠳᠠᠯᠭ᠎ᠠ ᠲᠠᠢ ᠵᠠᠰᠠᠵᠤ ᠬᠠᠮᠠᠭᠠᠯᠠᠭᠰᠠᠨ ᠠᠴᠠ ᠣᠲᠣ ᠮᠠᠰᠢ ᠶᠡᠭᠡ ᠬᠤᠪᠢᠷᠠᠯᠲᠠ ᠲᠠᠢ ᠪᠣᠯᠵᠣ᠂ ᠤᠷᠭᠤᠮᠠᠯ ᠤᠨ ᠬᠤᠴᠢᠯᠭ᠎ᠠ ᠤᠯᠠᠮ ᠠᠴᠠ ᠤᠯᠠᠮ ᠰᠠᠶᠢᠵᠢᠷᠠᠨ᠂ ᠬᠡᠭᠡᠷ᠎ᠡ ᠶᠢᠨ ᠠᠮᠢᠲᠠᠨ ᠤᠯᠠᠰᠢᠷᠠᠵᠠᠢ᠃ ᠪᠡᠯᠴᠢᠭᠡᠷ ᠰᠡᠷᠭᠦᠭᠰᠡᠨ ᠠᠴᠠ ᠮᠠᠯᠴᠢᠳ ᠪᠠᠰᠠ ᠠᠰᠢᠭ ᠬᠦᠷᠳᠡᠭᠰᠡᠨ ᠪᠠᠶᠢᠨ᠎ᠠ︾ ᠭᠡᠯ᠎ᠡ᠃
微信图片_20240308104455.jpg      ᠪᠠᠳᠤᠪᠦ᠋ᠬᠡ ᠡᠨᠡ ᠵᠢᠯ 56 ᠨᠠᠰᠤᠲᠠᠶ᠃ 2010 ᠣᠨ ᠠᠴᠠ ᠨᠤᠲᠤᠭ ᠪᠡᠯᠴᠢᠭᠡᠷ ᠤᠨ ᠬᠠᠮᠢᠶᠠᠷᠤᠭᠴᠢ ᠶᠢᠨ
ᠡᠭᠦᠷᠭᠡ ᠶᠢ ᠬᠠᠷᠢᠭᠤᠴᠠᠵᠤ᠂ ᠲᠤᠯᠤᠭᠠᠨ ᠭᠠᠴᠠᠭᠠᠨ ᠤ 35.7 ᠲᠦᠮᠡᠨ ᠮᠥ ᠪᠡᠯᠴᠢᠭᠡᠷ ᠢ ᠬᠠᠷᠠᠵᠤ ᠬᠠᠮᠠᠭᠠᠯᠠᠬᠤ ᠠᠵᠢᠯ ᠢ ᠬᠢᠭᠡᠳ 13 ᠵᠢᠯ ᠤᠨ ᠨᠢᠭᠤᠷ ᠦᠵᠡᠵᠦ ᠪᠤᠢ᠃ ᠡᠨᠡᠬᠦ ᠠᠷᠪᠠᠨ ᠬᠡᠳᠦᠨ ᠵᠢᠯ ᠤᠨ ᠲᠤᠷᠰᠢ᠂ ᠲᠡᠷᠡ ᠡᠳᠦᠷ ᠪᠦᠷᠢ ᠨᠤᠲᠤᠭ ᠪᠡᠯᠴᠢᠭᠡᠷ ᠢ ᠲᠣᠭᠤᠷᠢᠨ ᠪᠠᠶᠢᠴᠠᠭᠠᠵᠤ ᠬᠠᠷᠠᠵᠤ ᠬᠠᠮᠠᠭᠠᠯᠠᠨ᠂ ᠪᠡᠯᠴᠢᠭᠡᠷᠯᠡᠭᠦᠯᠬᠦ ᠶᠢ ᠬᠤᠷᠢᠭᠯᠠᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠳᠠ ᠳᠠᠯᠪᠢᠬᠰᠠᠭᠠᠷ ᠢᠷᠡᠭᠰᠡᠨ ᠪᠠᠶᠢᠨ᠎ᠠ᠃
微信图片_20240308104517.jpg      微信图片_20240308104508.jpg
     ᠳᠡᠷᠡ ᠠᠵᠢᠯ ᠤᠨ ᠳᠤᠮᠳᠠ ᠲᠤᠯᠭᠠᠷᠠᠭᠰᠠᠨ ᠮᠠᠰᠢ ᠤᠯᠠᠨ ᠬᠦᠴᠢᠷ ᠪᠡᠷᠬᠡᠰᠢᠶᠡᠯ ᠢ ᠵᠤᠷᠢᠭᠳᠠᠢ ᠢᠯᠠᠨ ᠳᠠᠪᠠᠵᠤ᠂ ᠤᠯᠠᠨ ᠲᠦᠮᠡᠨ ᠳᠤ ᠬᠠᠤᠯᠢ ᠴᠠᠭᠠᠵᠠ᠂ ᠲᠦᠷᠦ ᠶᠢᠨ ᠪᠤᠳᠤᠯᠭ᠎ᠠ ᠶᠢ ᠢᠮᠠᠬᠳᠠ ᠳᠠᠶᠢᠯᠪᠤᠷᠢᠯᠠᠨ ᠦᠭᠴᠦ᠂ ᠠᠮᠢ ᠠᠬᠤᠢ ᠪᠠᠨ ᠬᠠᠮᠠᠭᠠᠯᠠᠬᠤ ᠶᠢ ᠤᠬᠠᠭᠤᠯᠤᠨ ᠰᠤᠷᠳᠠᠯᠴᠢᠯᠠᠳᠠᠭ᠃ ᠬᠦᠮᠦᠰ ᠤᠨ ᠦᠵᠡᠯ ᠤᠬᠠᠮᠰᠠᠷ ᠳᠡᠭᠡᠭᠰᠢᠯᠡᠬᠦ ᠶᠢ ᠳᠠᠭᠠᠯᠳᠤᠨ ᠲᠠᠯ᠎ᠠ ᠨᠤᠲᠤᠭ ᠤᠨ ᠠᠮᠢ ᠠᠬᠤᠢ ᠶᠢᠨ ᠣᠷᠴᠢᠨ ᠲᠣᠭᠤᠷᠢᠨ ᠴᠦ ᠲᠠᠰᠤᠷᠠᠯᠲᠠ ᠦᠭᠡᠢ ᠰᠠᠶᠢᠵᠢᠷᠠᠵᠤ ᠢᠷᠡᠭᠰᠡᠨ ᠪᠠᠶᠢᠨ᠎ᠠ᠃ ᠰᠠᠩ ᠤᠨ ᠳᠠᠯᠠᠢ ᠪᠠᠯᠭᠠᠰᠤᠨ ᠤ ᠪᠠᠶᠠᠨᠰᠦ᠋ᠷᠦᠭ ᠭᠠᠴᠠᠭᠠᠨ ᠤ ᠮᠠᠯᠴᠢᠨ ᠰᠡᠴᠡᠨᠴᠡᠩᠭᠡᠯ ᠬᠡᠯᠡᠬᠦ ᠎ ᠳᠡᠭᠡᠨ᠄ ︽ᠪᠠᠳᠤᠪᠦ᠋ᠬᠡ ᠥᠪᠡᠷ ᠤᠨ ᠠᠵᠢᠯ ᠳᠠᠭᠠᠨ ᠮᠠᠰᠢ ᠬᠠᠷᠢᠭᠤᠴᠠᠯᠭ᠎ᠠ ᠲᠠᠢ᠃ ᠳᠡᠷᠡ ᠵᠢᠯ ᠤᠨ ᠳᠥᠷᠪᠡᠨ ᠤᠯᠠᠷᠢᠯ ᠳᠤ ᠦᠷᠬᠦᠯᠵᠢ ᠳᠤᠤᠷ ᠬᠦᠷᠢᠶ᠎ᠡ ᠬᠠᠷᠠᠵᠤ ᠬᠠᠮᠠᠭᠠᠯᠠᠳᠠᠭ᠃ ᠨᠤᠲᠤᠭ ᠪᠡᠯᠴᠢᠭᠡᠷ ᠪᠣᠯ ᠮᠠᠨ ᠤ ᠮᠠᠯᠴᠢᠳ ᠤᠨ ᠠᠮᠢᠨ ᠰᠤᠳᠠᠰᠤ᠂ ᠠᠮᠢ ᠠᠬᠤᠶ ᠪᠠᠨ ᠰᠠᠶᠢᠲᠤᠷ ᠬᠠᠮᠠᠭᠠᠯᠠᠪᠠᠯ ᠪᠢᠳᠡᠨ ᠤ ᠦᠶᠯᠡᠳᠪᠦᠷᠢᠯᠡᠯ ᠠᠮᠢᠳᠤᠷᠠᠯ ᠰᠠᠶ᠋ᠢ ᠢᠷᠡᠭᠡᠳᠦᠶ ᠲᠠᠢ ᠪᠣᠯᠵᠣ ᠴᠢᠳᠠᠨ᠎ᠠ︾ ᠭᠡᠵᠦ ᠶᠠᠷᠢᠯ᠎ᠠ᠃       ᠪᠠᠳᠤᠪᠦ᠋ᠬᠡ ᠬᠡᠵᠢᠶᠡᠳᠡ ᠠᠵᠢᠯᠯᠠᠬᠤ ᠶᠢᠨ ᠳᠠᠭᠠᠤ ᠰᠤᠷᠤᠯᠴᠠᠬᠤ ᠶᠢ ᠴᠦ ᠴᠢᠬᠤᠯᠠᠴᠢᠯᠠᠵᠤ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠭᠠᠯ ᠰᠡᠷᠭᠡᠶᠢᠯᠡᠯᠲᠡ᠂ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠵᠡᠷᠭᠡ ᠲᠤᠬᠠᠶᠢᠯᠠᠭᠰᠠᠨ ᠠᠵᠢᠯ ᠤᠨ ᠮᠡᠳᠡᠯᠭᠡ ᠶᠢ ᠤᠶᠢᠯᠠᠭᠠᠬᠤ ᠶᠢᠨ ᠬᠠᠮᠳᠤ ᠮᠠᠯᠴᠢᠳ ᠲᠤ ᠤᠬᠠᠭᠤᠯᠭ᠎ᠠ ᠶᠢᠨ ᠬᠠᠭᠤᠳᠠᠰᠤ ᠳᠠᠷᠬᠠᠭᠠᠨ᠂ ᠬᠠᠤᠯᠢ ᠶᠢ ᠵᠥᠷᠢᠴᠡᠨ ᠮᠠᠯ ᠪᠡᠯᠴᠢᠭᠡᠷᠯᠡᠬᠦᠯᠬᠦ ᠶᠢᠨ ᠬᠤᠤᠷ ᠬᠦᠨᠦᠭᠡᠯ ᠢ ᠢᠳᠡᠪᠬᠢᠳᠡᠢ ᠳᠠᠶᠢᠯᠪᠤᠷᠢᠯᠠᠵᠤ᠂ ᠲᠤᠭᠳᠠᠭᠠᠯ ᠠᠴᠠ ᠵᠦᠷᠢᠴᠡᠭᠰᠡᠨ ᠠᠵᠢᠯᠯᠠᠭ᠎ᠠ ᠶᠢ ᠴᠠᠭ ᠲᠤᠬᠠᠢ ᠳᠤᠨᠢ ᠬᠤᠷᠢᠭᠯᠠᠨ ᠵᠤᠭᠰᠤᠭᠠᠳᠠᠭ ᠪᠠᠶᠢᠨ᠎ᠠ᠃
微信图片_20240308104521.jpg      ᠰᠠᠩ ᠤᠨ ᠲᠡᠯᠡᠶ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶᠠᠨ
᠎ ᠤ ᠳᠠᠷᠤᠭ᠎ᠠ ᠰᠠᠷᠠᠨᠳᠤᠩᠭᠠᠯᠠᠭ᠄ ︽ᠪᠠᠳᠤᠪᠦ᠋ᠬᠡ 35.7 ᠲᠦᠮᠡᠨ ᠮᠥ ᠪᠡᠯᠴᠢᠭᠡᠷᠯᠡᠭᠦᠯᠬᠦ ᠶᠢ ᠬᠤᠷᠢᠭᠯᠠᠬᠤ ᠲᠤᠭᠤᠷᠢᠭ ᠎ ᠢ ᠬᠠᠮᠢᠶᠠᠷᠤᠨ ᠬᠠᠮᠠᠭᠠᠯᠠᠬᠤ ᠡᠭᠦᠷᠭᠡ ᠶᠢ ᠡᠭᠦᠷᠭᠡᠯᠡᠭᠰᠡᠨ ᠠᠴᠠ ᠨᠠᠰᠢ ᠡᠷᠳᠡᠯᠡᠵᠦ ᠤᠷᠤᠶᠢᠯᠠᠨ ᠴᠠᠭᠳᠠᠨ ᠪᠠᠶᠢᠴᠠᠭᠠᠵᠤ᠂ ᠠᠮᠢ ᠠᠬᠤᠶ ᠶᠢ ᠰᠡᠷᠭᠦᠭᠡᠬᠦ ᠠᠵᠢᠯ ᠳᠤ ᠵᠣᠬᠢᠬᠤ ᠬᠤᠪᠢ ᠨᠡᠮᠡᠷᠢ ᠦᠵᠡᠭᠦᠯᠦᠭᠰᠡᠨ ᠶᠤᠮ᠃ ᠤᠳᠤᠬᠠᠨ ᠳᠤ ᠡᠨᠡᠬᠦ ᠬᠡᠰᠡᠭ ᠭᠠᠵᠠᠷ ᠤᠨ ᠤᠷᠭᠤᠮᠠᠯ ᠤᠨ ᠬᠤᠴᠢᠯᠭ᠎ᠠ ᠢᠯᠡᠳᠲᠡ  ᠰᠠᠶᠢᠵᠢᠷᠠᠭᠰᠠᠨ ᠦᠷ᠎ᠡ ᠪᠦᠲᠦᠮᠵᠢ ᠶᠢ ᠤᠯᠵᠠᠢ᠃ ᠡᠳᠡᠭᠡᠷ ᠨᠢ ᠴᠥᠮ ᠬᠠᠮᠢᠶᠠᠷᠤᠨ ᠬᠠᠮᠠᠭᠠᠯᠠᠭᠴᠢ ᠶᠢᠨ ᠰᠢᠷᠭᠠᠭᠤ ᠬᠥᠳᠡᠯᠮᠦᠷᠢ ᠠᠴᠠ ᠰᠠᠯᠵᠤ ᠴᠢᠳᠠᠬᠤ ᠦᠭᠡᠢ ᠶᠤᠮ︾ ᠭᠡᠯ᠎ᠡ᠃      ᠠᠷᠪᠠᠭᠠᠳ ᠵᠢᠯ ᠳᠤ᠂ ᠪᠠᠳᠤᠪᠦ᠋ᠬᠡ ᠠᠮᠢ ᠠᠬᠤᠢ ᠶᠢ ᠬᠠᠮᠠᠭᠠᠯᠠᠬᠤ ᠬᠦᠨᠳᠦ ᠡᠭᠦᠷᠭᠡ ᠶᠢᠨ ᠡᠮᠦᠨ᠎ᠡ ᠬᠤᠶᠢᠰᠢ ᠦᠭᠡᠢ ᠵᠢᠳᠬᠦᠵᠦ᠂ ︽ᠤᠰᠤ ᠨᠢ ᠲᠤᠩᠭᠠᠯᠠᠭ᠂ ᠤᠷᠭᠤᠴᠠ ᠨᠢ ᠦᠳᠭᠡᠨ᠂ ᠠᠭᠠᠷ ᠨᠢ ᠴᠡᠯᠮᠡᠭ︾ ᠲᠠᠯ᠎ᠠ ᠨᠤᠳᠤᠭ ᠎ ᠤᠨ ᠠᠮᠢ ᠠᠬᠤᠶ ᠶᠢᠨ ᠤᠷᠴᠢᠨ ᠲᠤᠭᠤᠷᠢᠨ ᠢ ᠬᠠᠮᠠᠭᠠᠯᠠᠬᠤ ᠳᠤ ᠥᠪᠡᠷ ᠤᠨ ᠬᠦᠴᠦᠨ ᠵᠢᠳᠬᠦᠯ ᠢᠶᠠᠨ ᠡᠷᠭᠦᠵᠦ ᠶᠠᠪᠤᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠣᠴᠢᠯᠠᠭᠣᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号