| | | ᠬᠤᠯᠠᠨ ᠰᠢᠷᠭ᠎ᠠ ᠳᠠᠭ᠎ᠠ ᠶᠢᠨ ᠡᠯᠡᠰᠦᠨ ᠤ ᠡᠮᠦᠨ᠎ᠡ ᠵᠠᠬ᠎ᠠ ᠳᠤ ᠪᠠᠶᠢᠷᠢᠯᠠᠭ᠎ᠠ ᠪᠠᠭ᠎ᠠ ᠵᠢᠭᠠᠰᠤᠲᠠᠢ ᠶᠢᠨ | ᠪᠢᠲᠡᠭᠦᠮᠵᠢᠯᠡᠨ ᠬᠠᠮᠠᠭᠠᠯᠠᠬᠤ ᠲᠤᠭᠤᠷᠢᠭ ᠪᠠ ᠤᠰᠤᠨ ᠤ ᠡᠬᠢ ᠰᠤᠷᠪᠤᠯᠵᠢ ᠶᠢ ᠬᠠᠳᠠᠭᠠᠯᠠᠨ ᠬᠠᠮᠠᠭᠠᠯᠠᠬᠤ ᠲᠤᠭᠤᠷᠢᠭ | ᠪᠣᠯ ᠰᠢᠯᠤᠭᠤᠨ ᠬᠦᠬᠡ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠲᠦᠷᠦᠯ ᠵᠦᠢᠯ | ᠤᠨ ᠭᠤᠣᠯᠳᠠᠯᠭ᠎ᠠ ᠲᠠᠢ ᠬᠠᠮᠠᠭᠠᠯᠠᠯᠲᠠ ᠶᠢᠨ ᠣᠷᠣᠨ ᠪᠤᠯᠬᠤ ᠪᠠᠷ ᠪᠠᠷᠠᠬᠤ ᠦᠭᠡᠢ ᠰᠢᠯᠤᠭᠤᠨ ᠬᠦᠬᠡ ᠬᠤᠰᠢᠭᠤᠨ ᠤ | ᠠᠮᠢ ᠠᠬᠤᠢ ᠶᠢᠨ ᠵᠤᠭᠠᠴᠠᠯ ᠤᠨ ᠪᠦᠰᠡ ᠪᠠᠶᠢᠵᠤ᠂ ᠨᠡᠶᠢᠳᠡ 35.7 ᠲᠦᠮᠡᠨ ᠮᠦ ᠲᠠᠯᠠᠪᠠᠢ ᠡᠵᠡᠯᠡᠳᠡᠭ᠃ | | | | ᠪᠠᠳᠦᠪᠦ᠋ᠬᠡ ᠪᠤᠯ ᠰᠠᠩ ᠤᠨ ᠳᠠᠯᠠᠢ ᠪᠠᠯᠭᠠᠰᠤᠨ ᠤ ᠪᠡᠯᠴᠢᠭᠡᠷᠯᠡᠭᠦᠯᠬᠦ ᠶᠢ ᠬᠤᠷᠢᠭᠯᠠᠬᠤ ᠲᠤᠭᠤᠷᠢᠭ ᠤᠨ | ᠨᠤᠲᠤᠭ ᠪᠡᠯᠴᠢᠭᠡᠷ ᠢ ᠬᠠᠷᠠᠵᠤ ᠬᠠᠮᠠᠭᠠᠯᠠᠬᠤ ᠠᠵᠢᠯᠳᠠᠨ᠃ ᠬᠠᠮᠠᠭᠠᠯᠠᠯᠳᠠ ᠶᠢᠨ ᠲᠤᠭᠤᠷᠢᠭ ᠢ ᠴᠠᠭᠳᠠᠨ ᠪᠠᠶᠢᠴᠠᠭᠠᠬᠤ | ᠪᠤᠯ ᠳᠡᠭᠦᠨ ᠤ ᠡᠳᠦᠷ ᠪᠦᠷᠢ ᠶᠢᠨ ᠠᠵᠢᠯ ᠪᠤᠯᠤᠨ᠎ᠠ᠃ ᠪᠠᠳᠤᠪᠦ᠋ᠬᠡ᠄ ︽ᠪᠢ ᠨᠤᠳᠤᠭ ᠪᠡᠯᠴᠢᠭᠡᠷ ᠢ ᠬᠠᠷᠠᠵᠤ | ᠬᠠᠮᠠᠭᠠᠯᠠᠬᠤ ᠠᠵᠢᠯ ᠢ ᠬᠢᠭᠡᠳ ᠨᠢᠭᠡᠨᠳᠡ ᠠᠷᠪᠠᠨ ᠬᠡᠳᠦᠨ ᠵᠢᠯ ᠪᠤᠯᠵᠤ ᠪᠠᠶᠢᠨ᠎ᠠ᠃ ᠥᠩᠭᠡᠷᠡᠭᠰᠡᠨ ᠳᠤ ᠡᠨᠡ ᠬᠡᠰᠡᠭ | ᠭᠠᠵᠠᠷ ᠨᠢ ᠪᠦᠷ ᠡᠯᠡᠰᠦᠷᠭᠡᠭᠵᠢᠭᠰᠡᠨ ᠪᠠᠶᠢᠭᠰᠠᠨ᠂ ᠤᠯᠤᠰ ᠤᠨ ᠬᠠᠮᠢᠶ᠎ᠠ ᠲᠠᠢ ᠲᠥᠷᠥ ᠶᠢᠨ ᠪᠣᠳᠣᠯᠭ᠎ᠠ ᠶᠢᠨ | ᠳᠡᠮᠵᠢᠯᠭᠡ ᠪᠠᠷ ᠡᠯᠡᠰᠦᠷᠬᠡᠭ ᠭᠠᠵᠠᠷ ᠢ ᠭᠤᠤᠯᠳᠠᠯᠭ᠎ᠠ ᠲᠠᠢ ᠵᠠᠰᠠᠵᠤ ᠬᠠᠮᠠᠭᠠᠯᠠᠭᠰᠠᠨ ᠠᠴᠠ ᠣᠲᠣ ᠮᠠᠰᠢ ᠶᠡᠭᠡ | ᠬᠤᠪᠢᠷᠠᠯᠲᠠ ᠲᠠᠢ ᠪᠣᠯᠵᠣ᠂ ᠤᠷᠭᠤᠮᠠᠯ ᠤᠨ ᠬᠤᠴᠢᠯᠭ᠎ᠠ ᠤᠯᠠᠮ ᠠᠴᠠ ᠤᠯᠠᠮ ᠰᠠᠶᠢᠵᠢᠷᠠᠨ᠂ ᠬᠡᠭᠡᠷ᠎ᠡ ᠶᠢᠨ ᠠᠮᠢᠲᠠᠨ | ᠤᠯᠠᠰᠢᠷᠠᠵᠠᠢ᠃ ᠪᠡᠯᠴᠢᠭᠡᠷ ᠰᠡᠷᠭᠦᠭᠰᠡᠨ ᠠᠴᠠ ᠮᠠᠯᠴᠢᠳ ᠪᠠᠰᠠ ᠠᠰᠢᠭ ᠬᠦᠷᠳᠡᠭᠰᠡᠨ ᠪᠠᠶᠢᠨ᠎ᠠ︾ ᠭᠡᠯᠡ᠃ | ᠪᠠᠳᠤᠪᠦ᠋ᠬᠡ ᠡᠨᠡ ᠵᠢᠯ 56 ᠨᠠᠰᠤᠲᠠᠶ᠃ 2010 ᠣᠨ ᠠᠴᠠ ᠨᠤᠲᠤᠭ ᠪᠡᠯᠴᠢᠭᠡᠷ ᠤᠨ ᠬᠠᠮᠢᠶᠠᠷᠤᠭᠴᠢ ᠶᠢᠨ | ᠡᠭᠦᠷᠭᠡ ᠶᠢ ᠬᠠᠷᠢᠭᠤᠴᠠᠵᠤ᠂ ᠲᠤᠯᠤᠭᠠᠨ ᠭᠠᠴᠠᠭᠠᠨ ᠤ 35.7 ᠲᠦᠮᠡᠨ ᠮᠥ ᠪᠡᠯᠴᠢᠭᠡᠷ ᠢ ᠬᠠᠷᠠᠵᠤ ᠬᠠᠮᠠᠭᠠᠯᠠᠬᠤ | ᠠᠵᠢᠯ ᠢ ᠬᠢᠭᠡᠳ 13 ᠵᠢᠯ ᠤᠨ ᠨᠢᠭᠤᠷ ᠦᠵᠡᠵᠦ ᠪᠤᠢ᠃ ᠡᠨᠡᠬᠦ ᠠᠷᠪᠠᠨ ᠬᠡᠳᠦᠨ ᠵᠢᠯ ᠤᠨ ᠲᠤᠷᠰᠢ᠂ ᠲᠡᠷᠡ ᠡᠳᠦᠷ | ᠪᠦᠷᠢ ᠨᠤᠲᠤᠭ ᠪᠡᠯᠴᠢᠭᠡᠷ ᠢ ᠲᠣᠭᠤᠷᠢᠨ ᠪᠠᠶᠢᠴᠠᠭᠠᠵᠤ ᠬᠠᠷᠠᠵᠤ ᠬᠠᠮᠠᠭᠠᠯᠠᠨ᠂ ᠪᠡᠯᠴᠢᠭᠡᠷᠯᠡᠭᠦᠯᠬᠦ ᠶᠢ ᠬᠤᠷᠢᠭᠯᠠᠬᠤ ᠪᠠ | ᠮᠠᠯ ᠪᠡᠯᠴᠢᠭᠡᠷ ᠤᠨ ᠲᠡᠩᠴᠡᠭᠦᠷᠢ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠳᠠ ᠳᠠᠯᠪᠢᠬᠰᠠᠭᠠᠷ ᠢᠷᠡᠭᠰᠡᠨ | ᠪᠠᠶᠢᠨ᠎ᠠ᠃ | | ᠳᠡᠷᠡ ᠠᠵᠢᠯ ᠤᠨ ᠳᠤᠮᠳᠠ ᠲᠤᠯᠭᠠᠷᠠᠭᠰᠠᠨ ᠮᠠᠰᠢ ᠤᠯᠠᠨ ᠬᠦᠴᠢᠷ ᠪᠡᠷᠬᠡᠰᠢᠶᠡᠯ ᠢ ᠵᠤᠷᠢᠭᠳᠠᠢ ᠢᠯᠠᠨ ᠳᠠᠪᠠᠵᠤ᠂ | ᠤᠯᠠᠨ ᠲᠦᠮᠡᠨ ᠳᠤ ᠬᠠᠤᠯᠢ ᠴᠠᠭᠠᠵᠠ᠂ ᠲᠦᠷᠦ ᠶᠢᠨ ᠪᠤᠳᠤᠯᠭ᠎ᠠ ᠶᠢ ᠢᠮᠠᠬᠳᠠ ᠳᠠᠶᠢᠯᠪᠤᠷᠢᠯᠠᠨ ᠦᠭᠴᠦ᠂ ᠠᠮᠢ | ᠠᠬᠤᠢ ᠪᠠᠨ ᠬᠠᠮᠠᠭᠠᠯᠠᠬᠤ ᠶᠢ ᠤᠬᠠᠭᠤᠯᠤᠨ ᠰᠤᠷᠳᠠᠯᠴᠢᠯᠠᠳᠠᠭ᠃ ᠬᠦᠮᠦᠰ ᠤᠨ ᠦᠵᠡᠯ ᠤᠬᠠᠮᠰᠠᠷ ᠳᠡᠭᠡᠭᠰᠢᠯᠡᠬᠦ ᠶᠢ | ᠳᠠᠭᠠᠯᠳᠤᠨ ᠲᠠᠯ᠎ᠠ ᠨᠤᠲᠤᠭ ᠤᠨ ᠠᠮᠢ ᠠᠬᠤᠢ ᠶᠢᠨ ᠣᠷᠴᠢᠨ ᠲᠣᠭᠤᠷᠢᠨ ᠴᠦ ᠲᠠᠰᠤᠷᠠᠯᠲᠠ ᠦᠭᠡᠢ ᠰᠠᠶᠢᠵᠢᠷᠠᠵᠤ | ᠢᠷᠡᠭᠰᠡᠨ ᠪᠠᠶᠢᠨ᠎ᠠ᠃ ᠰᠠᠩ ᠤᠨ ᠳᠠᠯᠠᠢ ᠪᠠᠯᠭᠠᠰᠤᠨ ᠤ ᠪᠠᠶᠠᠨᠰᠦ᠋ᠷᠦᠭ ᠭᠠᠴᠠᠭᠠᠨ ᠤ ᠮᠠᠯᠴᠢᠨ ᠰᠡᠴᠡᠨᠴᠡᠩᠭᠡᠯ ᠬᠡᠯᠡᠬᠦ | ᠳᠡᠭᠡᠨ᠄ ︽ᠪᠠᠳᠤᠪᠦ᠋ᠬᠡ ᠥᠪᠡᠷ ᠤᠨ ᠠᠵᠢᠯ ᠳᠠᠭᠠᠨ ᠮᠠᠰᠢ ᠬᠠᠷᠢᠭᠤᠴᠠᠯᠭ᠎ᠠ ᠲᠠᠢ᠃ ᠳᠡᠷᠡ ᠵᠢᠯ ᠤᠨ ᠳᠥᠷᠪᠡᠨ | ᠤᠯᠠᠷᠢᠯ ᠳᠤ ᠦᠷᠬᠦᠯᠵᠢ ᠳᠤᠤᠷ ᠬᠦᠷᠢᠶ᠎ᠡ ᠬᠠᠷᠠᠵᠤ ᠬᠠᠮᠠᠭᠠᠯᠠᠳᠠᠭ᠃ ᠨᠤᠲᠤᠭ ᠪᠡᠯᠴᠢᠭᠡᠷ ᠪᠣᠯ ᠮᠠᠨ ᠤ ᠮᠠᠯᠴᠢᠳ ᠤᠨ | ᠠᠮᠢᠨ ᠰᠤᠳᠠᠰᠤ᠂ ᠠᠮᠢ ᠠᠬᠤᠶ ᠪᠠᠨ ᠰᠠᠶᠢᠲᠤᠷ ᠬᠠᠮᠠᠭᠠᠯᠠᠪᠠᠯ ᠪᠢᠳᠡᠨ ᠤ ᠦᠶᠯᠡᠳᠪᠦᠷᠢᠯᠡᠯ ᠠᠮᠢᠳᠤᠷᠠᠯ ᠰᠠᠶ᠋ᠢ | ᠢᠷᠡᠭᠡᠳᠦᠶ ᠲᠠᠢ ᠪᠣᠯᠵᠣ ᠴᠢᠳᠠᠨ᠎ᠠ︾ ᠭᠡᠵᠦ ᠶᠠᠷᠢᠯ᠎ᠠ᠃ | ᠪᠠᠳᠤᠪᠦ᠋ᠬᠡ ᠬᠡᠵᠢᠶᠡᠳᠡ ᠠᠵᠢᠯᠯᠠᠬᠤ ᠶᠢᠨ ᠳᠠᠭᠠᠤ ᠰᠤᠷᠤᠯᠴᠠᠬᠤ ᠶᠢ ᠴᠦ ᠴᠢᠬᠤᠯᠠᠴᠢᠯᠠᠵᠤ᠂ ᠲᠥᠷᠥ ᠶᠢᠨ | ᠪᠣᠳᠣᠯᠭ᠎ᠠ ᠬᠠᠤᠯᠢ ᠲᠣᠭᠲᠠᠭᠠᠯ᠂ ᠭᠠᠯ ᠰᠡᠷᠭᠡᠶᠢᠯᠡᠯᠲᠡ᠂ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠵᠡᠷᠭᠡ | ᠲᠤᠬᠠᠶᠢᠯᠠᠭᠰᠠᠨ ᠠᠵᠢᠯ ᠤᠨ ᠮᠡᠳᠡᠯᠭᠡ ᠶᠢ ᠤᠶᠢᠯᠠᠭᠠᠬᠤ ᠶᠢᠨ ᠬᠠᠮᠳᠤ ᠮᠠᠯᠴᠢᠳ ᠲᠤ ᠤᠬᠠᠭᠤᠯᠭ᠎ᠠ ᠶᠢᠨ ᠬᠠᠭᠤᠳᠠᠰᠤ | ᠳᠠᠷᠬᠠᠭᠠᠨ᠂ ᠬᠠᠤᠯᠢ ᠶᠢ ᠵᠥᠷᠢᠴᠡᠨ ᠮᠠᠯ ᠪᠡᠯᠴᠢᠭᠡᠷᠯᠡᠬᠦᠯᠬᠦ ᠶᠢᠨ ᠬᠤᠤᠷ ᠬᠦᠨᠦᠭᠡᠯ ᠢ ᠢᠳᠡᠪᠬᠢᠳᠡᠢ ᠳᠠᠶᠢᠯᠪᠤᠷᠢᠯᠠᠵᠤ᠂ | ᠲᠤᠭᠳᠠᠭᠠᠯ ᠠᠴᠠ ᠵᠦᠷᠢᠴᠡᠭᠰᠡᠨ ᠠᠵᠢᠯᠯᠠᠭ᠎ᠠ ᠶᠢ ᠴᠠᠭ ᠲᠤᠬᠠᠢ ᠳᠤᠨᠢ ᠬᠤᠷᠢᠭᠯᠠᠨ ᠵᠤᠭᠰᠤᠭᠠᠳᠠᠭ ᠪᠠᠶᠢᠨ᠎ᠠ᠃ | ᠰᠠᠩ ᠤᠨ ᠲᠡᠯᠡᠶ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶᠠᠨ | ᠤ ᠳᠠᠷᠤᠭ᠎ᠠ ᠰᠠᠷᠠᠨᠳᠤᠩᠭᠠᠯᠠᠭ᠄ ︽ᠪᠠᠳᠤᠪᠦ᠋ᠬᠡ 35.7 ᠲᠦᠮᠡᠨ ᠮᠥ ᠪᠡᠯᠴᠢᠭᠡᠷᠯᠡᠭᠦᠯᠬᠦ ᠶᠢ ᠬᠤᠷᠢᠭᠯᠠᠬᠤ ᠲᠤᠭᠤᠷᠢᠭ | ᠢ ᠬᠠᠮᠢᠶᠠᠷᠤᠨ ᠬᠠᠮᠠᠭᠠᠯᠠᠬᠤ ᠡᠭᠦᠷᠭᠡ ᠶᠢ ᠡᠭᠦᠷᠭᠡᠯᠡᠭᠰᠡᠨ ᠠᠴᠠ ᠨᠠᠰᠢ ᠡᠷᠳᠡᠯᠡᠵᠦ ᠤᠷᠤᠶᠢᠯᠠᠨ ᠴᠠᠭᠳᠠᠨ ᠪᠠᠶᠢᠴᠠᠭᠠᠵᠤ᠂ | ᠠᠮᠢ ᠠᠬᠤᠶ ᠶᠢ ᠰᠡᠷᠭᠦᠭᠡᠬᠦ ᠠᠵᠢᠯ ᠳᠤ ᠵᠣᠬᠢᠬᠤ ᠬᠤᠪᠢ ᠨᠡᠮᠡᠷᠢ ᠦᠵᠡᠭᠦᠯᠦᠭᠰᠡᠨ ᠶᠤᠮ᠃ ᠤᠳᠤᠬᠠᠨ ᠳᠤ ᠡᠨᠡᠬᠦ | ᠬᠡᠰᠡᠭ ᠭᠠᠵᠠᠷ ᠤᠨ ᠤᠷᠭᠤᠮᠠᠯ ᠤᠨ ᠬᠤᠴᠢᠯᠭ᠎ᠠ ᠢᠯᠡᠳᠲᠡ ᠰᠠᠶᠢᠵᠢᠷᠠᠭᠰᠠᠨ ᠦᠷ᠎ᠡ ᠪᠦᠲᠦᠮᠵᠢ ᠶᠢ ᠤᠯᠵᠠᠢ᠃ | ᠡᠳᠡᠭᠡᠷ ᠨᠢ ᠴᠥᠮ ᠬᠠᠮᠢᠶᠠᠷᠤᠨ ᠬᠠᠮᠠᠭᠠᠯᠠᠭᠴᠢ ᠶᠢᠨ ᠰᠢᠷᠭᠠᠭᠤ ᠬᠥᠳᠡᠯᠮᠦᠷᠢ ᠠᠴᠠ ᠰᠠᠯᠵᠤ ᠴᠢᠳᠠᠬᠤ ᠦᠭᠡᠢ ᠶᠤᠮ︾ | ᠭᠡᠯᠡ᠃ | ᠠᠷᠪᠠᠭᠠᠳ ᠵᠢᠯ ᠳᠤ᠂ ᠪᠠᠳᠤᠪᠦ᠋ᠬᠡ ᠠᠮᠢ ᠠᠬᠤᠢ ᠶᠢ ᠬᠠᠮᠠᠭᠠᠯᠠᠬᠤ ᠬᠦᠨᠳᠦ ᠡᠭᠦᠷᠭᠡ ᠶᠢᠨ ᠡᠮᠦᠨ᠎ᠡ ᠬᠤᠶᠢᠰᠢ | ᠦᠭᠡᠢ ᠵᠢᠳᠬᠦᠵᠦ᠂ ︽ᠤᠰᠤ ᠨᠢ ᠲᠤᠩᠭᠠᠯᠠᠭ᠂ ᠤᠷᠭᠤᠴᠠ ᠨᠢ ᠦᠳᠭᠡᠨ᠂ ᠠᠭᠠᠷ ᠨᠢ ᠴᠡᠯᠮᠡᠭ︾ ᠲᠠᠯ᠎ᠠ ᠨᠤᠳᠤᠭ | ᠤᠨ ᠠᠮᠢ ᠠᠬᠤᠶ ᠶᠢᠨ ᠤᠷᠴᠢᠨ ᠲᠤᠭᠤᠷᠢᠨ ᠢ ᠬᠠᠮᠠᠭᠠᠯᠠᠬᠤ ᠳᠤ ᠥᠪᠡᠷ ᠤᠨ ᠬᠦᠴᠦᠨ ᠵᠢᠳᠬᠦᠯ ᠢᠶᠠᠨ ᠡᠷᠭᠦᠵᠦ | ᠶᠠᠪᠤᠨ᠎ᠠ᠃ | |