ᠰᠢᠯᠤᠭᠤᠨ ᠬᠥᠬᠡ ᠬᠤᠰᠢᠭᠤᠨ ᠤ ᠰᠠᠩ ᠤᠨ ᠳᠠᠯᠠᠢ ᠪᠠᠯᠭᠠᠰᠤ ᠶᠢᠨ ᠡᠷᠳᠡᠨᠢᠳᠠᠯᠠᠢ ᠭᠠᠴᠠᠭ᠎ᠠ ᠶᠢᠨ | ᠨᠤᠳᠤᠭ ᠲᠠᠬᠢ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠵᠠᠰᠠᠯᠲᠠ ᠶᠢᠨ ᠣᠷᠣᠨ ᠢ ᠬᠠᠷᠠᠬᠤᠶ᠎ᠠ | ᠬᠠᠶᠢᠯᠠᠰᠤ᠂ ᠰᠢᠷ᠎ᠠ ᠪᠤᠷᠭᠠᠰᠤ ᠭᠡᠰᠡᠭ ᠭᠡᠰᠡᠭ ᠢᠶᠠᠷ ᠪᠠᠭᠰᠢᠷᠠᠨ ᠤᠷᠭᠤᠵᠦ᠂ ᠠᠮᠢᠵᠢᠷᠠᠯ ᠪᠢᠯᠬᠠᠨ᠎ᠠ᠃ | ᠣᠶᠢᠷ᠎ᠠ ᠳᠤ᠂ ᠰᠤᠷᠪᠤᠯᠵᠢᠯᠠᠭᠴᠢ ᠪᠠᠲᠤᠪᠦ᠋ᠬᠡ ᠶᠢ ᠳᠠᠭᠠᠵᠤ ᠵᠠᠰᠠᠯᠲᠠ ᠶᠢᠨ ᠣᠷᠣᠨ ᠳᠤ ᠬᠦᠷᠭᠦ ᠳᠤ ᠲᠡᠷᠡ᠂ | ᠠᠮᠢ ᠠᠬᠤᠢ ᠣᠷᠴᠢᠨ ᠲᠤᠭᠤᠷᠢᠨ ᠰᠠᠶᠢᠵᠢᠷᠠᠬᠰᠠᠨ ᠠᠴᠠ ᠥᠩᠭᠡᠷᠡᠭᠰᠡᠨ ᠤ ᠡᠯᠡᠰᠦᠨ ᠴᠦᠯ ᠨᠣᠭᠤᠭᠠᠨ ᠪᠦᠷᠢᠳᠦ | ᠪᠤᠯᠵᠦ ᠬᠤᠪᠢᠷᠠᠭᠠᠳ᠂ ᠡᠪᠡᠰᠦᠨ ᠤ ᠤᠨᠠᠯᠲᠠ ᠶᠢ ᠴᠤ ᠮᠦ ᠪᠦᠷᠢ ᠳᠤ 300 ᠵᠢᠩ ᠣᠷᠴᠢᠮ ᠪᠣᠯᠲᠠᠯ᠎ᠠ | ᠳᠡᠭᠡᠭᠰᠢᠯᠡᠭᠦᠯᠦᠭᠰᠡᠨ ᠪᠠᠶᠢᠨ᠎ᠠ ᠭᠡᠵᠦ ᠶᠠᠷᠢᠨ᠎ᠠ᠃ ᠪᠠᠲᠤᠪᠦ᠋ᠬᠡ ᠪᠣᠯ ᠰᠠᠩ ᠤᠨ ᠳᠠᠯᠠᠢ ᠪᠠᠯᠭᠠᠰᠤᠨ ᠤ | ᠪᠡᠯᠴᠢᠭᠡᠷᠯᠡᠬᠦᠯᠬᠦ ᠶᠢ ᠵᠤᠬᠰᠤᠭᠠᠬᠤ ᠣᠷᠣᠨ ᠤ ᠨᠤᠲᠤᠭ ᠪᠡᠯᠴᠢᠭᠡᠷ ᠢ ᠬᠠᠮᠢᠶᠠᠷᠤᠨ ᠬᠠᠮᠠᠭᠠᠯᠠᠭᠴᠢ ᠶᠤᠮ᠂ 13 ᠵᠢᠯ | ᠨᠤᠲᠤᠭ ᠪᠡᠯᠴᠢᠭᠡᠷ ᠢ ᠬᠠᠮᠢᠶᠠᠷᠴᠦ ᠬᠠᠮᠠᠭᠠᠯᠠᠬᠰᠠᠨ ᠠᠵᠢᠯ ᠤᠨ ᠲᠤᠷᠰᠢᠯᠭ᠎ᠠ ᠲᠠᠢ ᠲᠡᠷᠡ ᠪᠠᠷ ᠡᠨᠡ ᠬᠦ ᠨᠣᠭᠤᠭᠠᠨ | ᠪᠦᠷᠢᠳᠦ ᠬᠢᠯᠪᠠᠷ ᠪᠤᠰᠤ ᠪᠠᠷ ᠢᠷᠡᠭᠰᠡᠨ ᠢ ᠰᠠᠶᠢᠨ ᠮᠡᠳᠡᠨ᠎ᠠ᠃ | ᠡᠷᠳᠡᠨᠢᠳᠠᠯᠠᠢ ᠭᠠᠴᠠᠭᠠᠨ ᠳᠠᠬᠢ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠵᠠᠰᠠᠯᠲᠠ ᠶᠢᠨ | ᠣᠷᠣᠨ ᠨᠢ ᠬᠠᠮᠠᠷ ᠬᠠᠳᠬᠤᠬᠤ ᠡᠪᠡᠰᠦ ᠦᠭᠡᠢ ᠡᠯᠡᠰᠦᠨ ᠴᠦᠯ ᠠᠴᠠ ᠲᠤᠷᠤᠭ ᠮᠣᠳᠣ ᠵᠠᠯᠭᠠᠯᠳᠤᠭᠰᠠᠨ ᠨᠣᠭᠤᠭᠠᠨ | ᠪᠦᠷᠢᠳᠦ ᠪᠤᠯᠤᠬᠰᠠᠨ ᠨᠢ ᠮᠠᠨ ᠤ ᠠᠶᠢᠮᠠᠭ ᠤᠨ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ | ᠢᠨᠵᠧᠨᠧᠷᠢᠩ ᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠦᠭᠰᠡᠨ ᠤ ᠦᠷ᠎ᠠ ᠠᠰᠢᠭ ᠶᠤᠮ᠃ | 2000 ᠣᠨ ᠠᠴᠠ ᠨᠠᠭᠠᠰᠢ᠂ ᠰᠢᠯᠤᠭᠤᠨ ᠬᠥᠬᠡ ᠬᠤᠰᠢᠭᠤ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠲᠡ 10 ᠳ᠋ᠦᠩᠰᠢᠭᠤᠷ ᠭᠠᠷᠤᠢ | ᠲᠥᠭᠦᠷᠢᠭ ᠤᠨ ᠪᠡᠯᠡ ᠣᠷᠣᠭᠤᠯᠵᠤ᠂ 535.14 ᠲᠦᠮᠡᠨ ᠮᠦ ᠲᠠᠯᠠᠪᠠᠢ ᠶᠢ ᠵᠠᠰᠠᠵᠠᠢ᠃ ︽ᠪᠢᠳᠡ ᠠᠮᠢ ᠠᠬᠤᠢ ᠶᠢ | ᠬᠠᠮᠠᠭᠠᠯᠠᠨ ᠰᠡᠷᠭᠦᠭᠡᠬᠦ ᠪᠠᠷ ᠭᠤᠣᠯ ᠵᠠᠷᠴᠢᠮ ᠪᠤᠯᠭᠠᠵᠦ᠂ ᠪᠢᠲᠡᠭᠦᠮᠵᠢᠯᠡᠬᠦ ᠪᠠᠷ ᠭᠤᠣᠯ ᠪᠣᠯᠭᠠᠠ᠂ ᠪᠢᠲᠡᠭᠦᠮᠵᠢᠯᠡᠬᠦ | ᠨᠢᠰᠭᠡᠯ ᠢᠶᠠᠷ ᠲᠠᠷᠢᠵᠦ ᠤᠶᠢᠵᠢᠭᠤᠯᠬᠤ᠂ ᠪᠣᠳᠠ ᠰᠥᠭᠡᠭ ᠡᠪᠡᠰᠦ ᠲᠠᠷᠢᠬᠤ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ | ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠵᠤ᠂ ᠭᠠᠩ ᠬᠠᠭᠰᠠᠷᠠᠭᠠᠨ ᠳᠤ ᠳᠠᠭᠠᠭᠠᠴᠠᠲᠠᠢ ᠬᠠᠶᠢᠯᠠᠰᠤᠨ ᠮᠣᠳᠣ᠂ | ᠰᠢᠷ᠎ᠠ ᠰᠢᠪᠠᠭ ᠵᠡᠷᠭᠡ ᠶᠢ ᠰᠣᠩᠭᠤᠵᠤ 5. 2 ᠲᠦᠮᠡᠨ ᠮᠦ ᠭᠠᠵᠠᠷ ᠢ ᠨᠢᠰᠬᠡᠯ ᠢᠶᠠᠷ ᠳᠠᠷᠢᠵᠤ ᠣᠶᠢᠵᠢᠭᠤᠯᠤᠨ᠂ | ᠨᠡᠭᠦᠳᠡᠯ ᠡᠯᠡᠰᠦᠷᠬᠡᠭ ᠭᠠᠵᠠᠷ ᠲᠤ ᠬᠠᠨᠳᠤᠭᠤᠯᠤᠨ 1.3 ᠲᠦᠮᠡᠨ ᠮᠦ ᠰᠢᠷ᠎ᠠ ᠪᠤᠷᠭᠠᠰᠤᠨ ᠡᠯᠡᠰᠦᠨ ᠬᠠᠯᠬᠠᠪᠴᠢ ᠢᠢ | ᠪᠠᠶᠢᠭᠤᠯᠵᠤ᠂ 2600 ᠮᠦ ᠭᠠᠵᠠᠷ ᠲᠤ ᠪᠣᠳᠠ ᠰᠥᠭᠡᠭ ᠮᠣᠳᠣ ᠲᠠᠷᠢᠵᠦ᠂ ᠬᠠᠭᠠᠯᠪᠤᠷᠢᠯᠠᠬᠤ ᠦᠭᠡᠢ ᠪᠠᠷ 1000 | ᠮᠦ ᠰᠢᠯᠢᠳᠡᠭ ᠲᠡᠵᠢᠭᠡᠯ ᠡᠪᠡᠰᠦ ᠢᠢ ᠨᠥᠬᠦᠵᠦ ᠳᠠᠷᠢᠨ᠂ 2009 ᠣᠨ ᠳᠤ ᠶᠡᠷᠦᠩᠬᠡᠶᠢᠯᠡᠨ ᠵᠠᠰᠠᠬᠤ ᠠᠵᠢᠯ ᠢ | ᠬᠢᠭᠰᠡᠨ ᠠᠴᠠ ᠨᠠᠭᠠᠰᠢ᠂ ᠲᠣᠰ ᠲᠥᠷᠥᠯ ᠵᠦᠢᠯ ᠤᠨ ᠣᠷᠣᠨ ᠤ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠢᠢ | 60% ᠳᠤ ᠬᠦᠷᠭᠡᠪᠡ︾ ᠭᠡᠵᠦ ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤᠨ ᠤ ᠳᠠᠷᠤᠭ᠎ᠠ ᠯᠢᠦ ᠰᠢᠶᠣᠣ ᠮᠢᠨ ᠲᠠᠨᠢᠯᠴᠠᠭᠤᠯᠪᠠ᠃ | ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠪᠣᠯ ᠮᠠᠨ ᠤ ᠤᠯᠤᠰ ᠤᠨ ᠲᠠᠪᠤᠨ ᠶᠡᠭᠡ ᠡᠯᠡᠰᠦᠷᠬᠡᠭ | ᠭᠠᠵᠠᠷ ᠤᠨ ᠨᠢᠭᠡ ᠪᠣᠯᠣᠨ᠎ᠠ᠃ ᠶᠡᠷᠦᠩᠬᠡᠢ ᠲᠠᠯᠠᠪᠠᠶ ᠨᠢ 3.84 ᠲᠦᠮᠡᠨ ᠬᠠᠪᠲᠠᠭᠠᠢ ᠳᠥᠷᠪᠡᠯᠵᠢᠨ ᠺᠢᠯᠤᠮᠧᠳ᠋ᠷ | ᠪᠠᠶᠢᠵᠤ᠂ ᠰᠢᠯᠢ ᠶᠢᠨ ᠭᠤᠣᠯ ᠠᠶᠢᠮᠠᠭ ᠲᠠᠬᠢ ᠲᠠᠯᠠᠪᠠᠶ ᠨᠢ 3.2 ᠲᠦᠮᠡᠨ ᠬᠠᠪᠲᠠᠭᠠᠢ ᠳᠥᠷᠪᠡᠯᠵᠢᠨ ᠺᠢᠯᠤᠮᠧᠳ᠋ᠷ | ᠪᠠᠶᠢᠵᠤ᠂ ᠶᠡᠷᠦᠩᠬᠡᠢ ᠲᠠᠯᠠᠪᠠᠶ ᠶᠢᠨ 83.4% ᠶᠢ ᠡᠵᠡᠯᠡᠵᠦ᠂ ᠡᠷᠢᠶᠡᠨ ᠬᠤᠲᠠ᠂ ᠰᠢᠯᠢ ᠶᠢᠨ ᠬᠤᠲᠠ᠂ ᠠᠪᠠᠭ᠎ᠠ | ᠬᠤᠰᠢᠭᠤ ᠵᠡᠷᠭᠡ 9 ᠬᠤᠰᠢᠭᠤ ᠰᠢᠶᠠᠨ ᠤ 24 ᠰᠤᠮᠤ ᠰᠢᠶᠠᠩ ᠪᠠᠯᠭᠠᠰᠤ ︵ᠲᠠᠯᠠᠪᠠᠶ︶ ᠪᠠᠷ ᠲᠠᠷᠬᠠᠵᠤ᠂ | ᠪᠡᠭᠡᠵᠢᠩ ᠠᠴᠠ ᠰᠢᠯᠤᠭᠤᠨ ᠱᠤᠭᠤᠮ ᠢᠶᠠᠷ 180 ᠺᠢᠯᠤᠮᠧᠳ᠋ᠷ ᠵᠠᠶᠢᠲᠠᠢ ᠪᠠᠶᠢᠵᠦ᠂ ᠨᠡᠶᠢᠰᠯᠡᠯ ᠪᠠ ᠤᠮᠠᠷᠠᠲᠤ | ᠣᠷᠣᠨ ᠠᠴᠠ ᠬᠠᠮᠤᠭ ᠤᠨ ᠣᠶᠢᠷ᠎ᠠ ᠡᠯᠡᠰᠦᠨ ᠤ ᠡᠬᠢ ᠪᠤᠯᠤᠨ᠎ᠠ᠃ ᠰᠢᠯᠢ ᠶᠢᠨ ᠭᠤᠣᠯ ᠠᠶᠢᠮᠠᠭ ᠨᠢ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠠ ᠤᠯᠤᠰ ᠤᠨ | ᠴᠢᠬᠤᠯᠠ ᠡᠨᠧᠷᠭᠢ ᠶᠢᠨ ᠰᠠᠭᠤᠷᠢᠨ ᠪᠣᠯᠤᠭᠰᠠᠨ ᠤ ᠬᠤᠪᠢ ᠳᠤ᠂ ᠣᠶᠢᠷ᠎ᠠ ᠶᠢᠨ ᠠᠷᠪᠠᠨ ᠵᠢᠯ ᠤᠨ ᠲᠤᠷᠰᠢ᠂ ᠪᠡᠭᠡᠵᠢᠩ | ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠡᠪᠡᠰᠦ | ᠪᠡᠯᠴᠢᠭᠡᠷ ᠢ ᠰᠡᠷᠭᠦᠭᠡᠬᠦ᠂ ᠥᠪᠥᠷ ᠮᠣᠩᠭᠤᠯ ᠤᠨ ᠥᠨᠳᠦᠷᠯᠢᠭ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ᠂ | ᠥᠪᠥᠷ ᠮᠣᠩᠭᠤᠯ ᠤᠨ ᠵᠡᠭᠦᠨ ᠬᠡᠰᠡᠭ ᠤᠨ ᠲᠠᠯ᠎ᠠ ᠨᠤᠲᠤᠭ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠵᠡᠷᠭᠡ | ᠭᠤᠣᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠢᠯ ᠳᠤ ᠲᠦᠰᠢᠭᠯᠡᠨ᠂ ᠣᠶ ᠰᠢᠭᠤᠢ ᠪᠠ ᠲᠠᠯ᠎ᠠ ᠨᠤᠲᠤᠭ ᠤᠨ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠨᠡᠶᠢᠲᠡ 2400 ᠭᠠᠷᠤᠢ ᠲᠦᠮᠡᠨ ᠮᠦ | ᠬᠡᠷᠡᠭᠵᠢᠭᠦᠯᠦᠭᠰᠡᠨ ᠶᠤᠮ᠃ | ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2010 ᠣᠨ ᠤ ᠬᠢ ᠲᠠᠢ ᠬᠠᠷᠢᠴᠠᠭᠤᠯᠪᠠᠯ᠂ ᠪᠥᠬᠦ | ᠠᠶᠢᠮᠠᠭ ᠤᠨ ᠣᠶ ᠰᠢᠭᠤᠢ ᠶᠢᠨ ᠪᠦᠷᠬᠦᠴᠡ 7.14% ᠪᠠᠶᠢᠭᠰᠠᠨ ᠠᠴᠠ ᠪᠠᠨ 7.6% ᠪᠤᠯᠤᠨ ᠨᠡᠮᠡᠭᠳᠡᠵᠦ᠂ | ᠣᠶᠢᠷ᠎ᠠ ᠶᠢᠨ ᠠᠷᠪᠠᠨ ᠵᠢᠯ ᠳᠤ ᠨᠤᠲᠤᠭ ᠪᠡᠯᠴᠢᠭᠡᠷ ᠤᠨ ᠲᠤᠮᠳᠠᠴᠢ ᠤᠷᠭᠤᠮᠠᠯ ᠤᠨ ᠪᠦᠷᠬᠦᠴᠡ 46.21% ᠬᠦᠷᠴᠦ᠂ | ᠲᠦᠷᠦᠭᠦᠤ ᠠᠷᠪᠠᠨ ᠵᠢᠯ ᠤᠨ ᠬᠢ ᠠᠴᠠ 5.86 ᠵᠠᠭᠤᠨ ᠤ ᠨᠢᠭᠡᠴᠢ ᠳᠡᠭᠡᠭᠰᠢᠯᠡᠵᠡᠢ︔ ᠪᠥᠬᠦ ᠠᠶᠢᠮᠠᠭ ᠤᠨ | ᠡᠯᠡᠰᠦᠷᠭᠡᠭᠵᠢᠭᠰᠡᠨ ᠭᠠᠵᠠᠷ ᠰᠢᠷᠣᠢ ᠶᠢᠨ ᠲᠠᠯᠠᠪᠠᠶ 8876 ᠲᠦᠮᠡᠨ ᠮᠦ ᠪᠠᠶᠢᠭᠰᠠᠨ ᠠᠴᠠ ᠪᠠᠨ 8645 ᠲᠦᠮᠡᠨ | ᠮᠦ ᠪᠣᠯᠣᠨ ᠪᠠᠭᠠᠰᠴᠤ᠂ ᠡᠭᠦᠨ ᠳᠤ ᠨᠡᠭᠦᠳᠡᠯ᠂ ᠬᠠᠭᠠᠰ ᠲᠣᠭᠲᠠᠮᠠᠯ ᠡᠯᠡᠰᠦᠷᠬᠡᠭ ᠭᠠᠵᠠᠷ ᠤᠨ ᠲᠠᠯᠠᠪᠠᠶ 1044 | ᠲᠦᠮᠡᠨ ᠮᠦ ᠪᠠᠶᠢᠭᠰᠠᠨ ᠠᠴᠠ ᠪᠠᠨ 597 ᠲᠦᠮᠡᠨ ᠮᠦ ᠪᠣᠯᠣᠨ ᠪᠠᠭᠠᠰᠴᠤ᠂ ᠨᠤᠲᠤᠭ ᠪᠡᠯᠴᠢᠭᠡᠷ ᠤᠨ ᠤᠷᠭᠤᠮᠠᠯ ᠤᠨ | ᠬᠤᠴᠢᠯᠭ᠎ᠠ ᠬᠢᠭᠡᠳ ᠣᠶ ᠰᠢᠭᠤᠢ ᠶᠢᠨ ᠪᠦᠷᠬᠦᠴᠡ ᠶᠢᠨ ︽ᠬᠤᠣᠰ ᠨᠡᠮᠡᠭᠳᠡᠯ︾ ᠪᠠ ᠡᠯᠡᠰᠦᠷᠭᠡᠭᠵᠢᠭᠰᠡᠨ ᠭᠠᠵᠠᠷ ᠤᠨ | ᠲᠠᠯᠠᠪᠠᠶ ᠬᠢᠭᠡᠳ ᠡᠯᠡᠰᠦᠷᠭᠡᠭᠵᠢᠭᠰᠡᠨ ᠬᠡᠮᠵᠢᠶ᠎ᠡ ᠶᠢᠨ ︽ᠬᠤᠣᠰ ᠬᠠᠰᠤᠭᠳᠠᠯ︾ ᠤᠨ ᠬᠠᠷᠠᠯᠲᠠ ᠶᠢ ᠪᠡᠶᠡᠯᠡᠭᠦᠯᠪᠡ᠃ | ᠮᠠᠨ ᠤ ᠠᠶᠢᠮᠠᠭ ᠤᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠭᠡᠯᠳᠡ ᠶᠢᠨ | ᠲᠠᠶᠢᠯᠠᠯᠳᠤᠭᠠᠨ ᠤ 2024 ᠣᠨ ᠤ ᠭᠤᠣᠯᠳᠠᠯᠭ᠎ᠠ ᠲᠠᠢ ᠢᠨᠵᠧᠨᠧᠷᠢᠩ ᠤᠨ ᠲᠦᠷᠦᠯ ᠵᠦᠢᠯ ᠤᠨ | ᠲᠣᠬᠢᠷᠠᠭᠤᠯᠤᠯᠲᠠ ᠶᠢᠨ ᠬᠤᠷᠠᠯ ᠲᠡᠭᠡᠷ᠎ᠠ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠭᠡᠯᠳᠡ ᠶᠢᠨ | ᠲᠠᠶᠢᠯᠠᠯᠳᠤᠭᠠᠨ ᠪᠣᠯ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠪᠠᠶᠢᠷᠢᠯᠠᠭᠤᠯᠤᠭᠰᠠᠨ ︽ᠤᠮᠠᠷᠠᠲᠤ ᠶᠢᠨ | ᠭᠤᠷᠪᠠᠨ ᠤᠷᠤᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠷᠪᠠᠨ ᠶᠡᠭᠡ ᠪᠡᠯᠭᠡ | ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠨᠢᠭᠡ ᠪᠣᠯᠣᠨ᠎ᠠ᠂ ︽ᠤᠮᠠᠷᠠᠳᠦ ᠶᠢᠨ ᠭᠤᠷᠪᠠᠠ ᠤᠷᠤᠨ ᠤ ᠵᠤᠷᠢᠭ ᠰᠠᠨᠠᠭ᠎ᠠ︾ | ᠶᠢ ᠶᠡᠬᠡᠪᠡᠷ ᠪᠠᠳᠠᠷᠠᠭᠤᠯᠵᠤ᠂ ᠠᠮᠢ ᠠᠬᠤᠢ ᠶᠢ ᠬᠠᠮᠠᠭᠠᠯᠠᠵᠦ ᠰᠡᠷᠭᠦᠭᠡᠬᠦ ᠢᠨᠵᠧᠨᠧᠷᠢᠩ ᠤᠨ ᠲᠦᠷᠦᠯ ᠵᠦᠢᠯ ᠢ | ᠦᠷᠭᠦᠯᠵᠢᠯᠡᠨ ᠠᠬᠢᠭᠤᠯᠵᠤ᠂ ︽ᠨᠤᠭᠤᠭᠠᠷᠠᠭᠤᠯᠤᠯᠳᠠ ᠶᠢ ᠠᠬᠢᠭᠤᠯᠵᠦ ᠡᠯᠡᠰᠦ ᠶᠢ ᠵᠠᠰᠠᠬᠤ︾ ᠰᠠᠶᠢᠨ ᠬᠠᠨᠳᠤᠰᠢ ᠶᠢ | ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠠᠶᠢᠮᠠᠭ ᠤᠨ ᠣᠶ ᠰᠢᠭᠤᠢ ᠪᠠ ᠨᠤᠲᠤᠭ | ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ | ᠥᠷᠭᠡᠨᠪᠠᠶᠠᠷ ᠢᠯᠡᠷᠬᠡᠶᠢᠯᠡᠬᠦ ᠳᠡᠭᠡᠨ᠂ ᠰᠢᠯᠤᠭᠤᠨ ᠬᠥᠬᠡ ᠬᠤᠰᠢᠭᠤᠨ ᠤ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ | ᠭᠠᠵᠠᠷ ᠤᠨ ᠶᠡᠷᠦᠩᠬᠡᠶᠢᠯᠡᠨ ᠵᠠᠰᠠᠯᠳᠠ ᠶᠢᠨ ᠣᠷᠣᠨ ᠪᠣᠯ ᠮᠠᠨ ᠤ ᠠᠶᠢᠮᠠᠭ ᠤᠨ ᠬᠤᠯᠠᠨ ᠰᠢᠷᠭ᠎ᠠ ᠳᠠᠭ᠎ᠠ ᠶᠢᠨ | ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠨᠢᠭᠡᠨ ᠬᠤᠷᠢᠶᠠᠩᠭᠤᠢ ᠳᠦᠷᠬᠦ ᠪᠣᠯᠣᠨ᠎ᠠ᠃ | ᠪᠢᠳᠡ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠢ | ᠠᠬᠢᠭᠤᠯᠵᠤ᠂ ᠠᠮᠢ ᠠᠬᠤᠢ᠂ ᠠᠵᠤ ᠠᠬᠤᠢ ᠪᠠ ᠨᠡᠶᠢᠭᠡᠮ ᠤᠨ ᠦᠷ᠎ᠠ ᠠᠰᠢᠭ ᠭᠥᠷᠳᠡᠬᠦ ᠶᠢ ᠴᠢᠷᠮᠠᠶᠢᠨ ᠪᠡᠶᠡᠯᠡᠭᠦᠯᠵᠦ᠂ | ᠡᠨᠡ ᠵᠢᠯ ᠵᠠᠭᠤᠨ ᠲᠦᠮᠡᠨ ᠮᠦ ᠰᠢᠬᠠᠮ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ | ᠪᠡᠶᠡᠯᠡᠭᠦᠯᠬᠦ ᠶᠢᠨ ᠬᠠᠮᠲᠤ ᠮᠠᠨ ᠤ ᠠᠶᠢᠮᠠᠭ ᠤᠨ ᠵᠢᠯᠤᠭᠤᠳᠬᠤ ᠰᠠᠨᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠥᠷᠭᠡᠨ ᠣᠯᠠᠨ ᠮᠠᠯᠴᠢᠨ ᠲᠠᠷᠢᠶᠠᠴᠢᠨ ᠢ ᠡᠯᠡᠰᠦᠷᠭᠡᠭᠵᠢᠯ ᠢ ᠰᠡᠷᠭᠡᠶᠢᠯᠡᠬᠦ ᠠᠵᠢᠯ ᠳᠤ ᠣᠷᠣᠯᠴᠠᠭᠤᠯᠵᠤ᠂ | ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠠᠮᠢ ᠠᠬᠤᠢ ᠶᠢ ᠨᠣᠭᠤᠭᠠᠷᠠᠭᠤᠯᠬᠤ ᠬᠤᠤᠰ ᠠᠰᠢᠭ ᠤᠨ ᠬᠠᠷᠠᠯᠲᠠ ᠶᠢ | ᠪᠡᠶᠡᠯᠡᠭᠦᠯᠦᠨ᠎ᠡ ᠭᠡᠪᠡ᠃ | |