ᠰᠢᠯᠤᠭᠤᠨ ᠬᠦᠬᠡ ᠬᠤᠰᠢᠭᠤ ᠡᠪᠡᠰᠦ ᠪᠣᠷᠳᠤᠭ᠎ᠠ ᠬᠦᠷᠬᠡᠨ ᠮᠠᠯᠴᠢᠨ ᠲᠦᠮᠡᠨ ᠤ ᠪᠠᠴᠢᠮ ᠱᠠᠭᠠᠷᠳᠠᠯᠭ᠎ᠠ ᠶᠢ ᠰᠢᠢᠳᠪᠦᠷᠢᠯᠡᠵᠦ ᠪᠤᠢ
ᠨᠡᠶᠢᠲᠡᠯᠡᠭᠰᠡᠨ ᠴᠠᠭ᠄
2024/4/10
      ᠮᠠᠯᠴᠢᠥᠨ ᠤᠨ  ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠪᠤᠳᠠᠳᠤ ᠪᠠᠶᠢᠳᠠᠯ ᠳᠤ ᠴᠢᠭᠯᠡᠬᠦᠯᠥᠨ᠂  ᠰᠢᠯᠤᠭᠤᠨ ᠬᠥᠬᠡ ᠬᠤᠰᠢᠭᠤᠨ ᠤ ᠤᠯᠤᠰ ᠲᠥᠷᠦ ᠶᠢᠨ ᠵᠥᠪᠯᠡᠯᠭᠡᠨ ᠤ ᠠᠯᠪᠠᠨ ᠭᠡᠷ ᠬᠡᠰᠡᠭ ᠤᠯᠤᠰ ᠲᠥᠷᠦ ᠶᠢᠨ ᠵᠥᠪᠯᠡᠯᠭᠡᠨ ᠤ ᠭᠡᠰᠢᠭᠦᠨ ᠪᠠ ᠠᠵᠤ ᠠᠬᠤᠶᠢᠯᠠᠯᠲᠠᠨ ᠢ ᠵᠣᠬᠢᠶᠠᠨ ᠪᠠᠶᠢᠭᠤᠯᠤᠨ ᠪᠣᠱᠣᠣᠳᠠᠢ  ᠰᠣᠮᠣᠨ ᠤ ᠨᠡᠬᠦᠳᠡᠬᠡᠢ ᠭᠠᠴᠠᠭᠠᠨ ᠤ  ᠮᠠᠯᠵᠢᠬᠤ ᠡᠷᠦᠬᠡ ᠳᠤ 20 ᠲᠣᠨ ᠡᠪᠡᠰᠤ ᠪᠣᠷᠳᠤᠭ᠎ᠠ ᠬᠦᠷᠭᠡᠵᠦ᠂ ᠬᠦᠴᠢᠷᠳᠡᠯᠲᠡᠢ ᠣᠯᠠᠨ ᠲᠦᠮᠡᠨ ᠤ  ᠪᠠᠴᠢᠮ‌‍ᠲ᠋ᠤᠯᠭᠠᠮ᠎ᠠ ᠠᠰᠠᠭᠤᠳᠠᠯ ᠢ   ᠰᠢᠢᠥᠠᠪᠦᠷᠢᠯᠡᠭᠰᠡ ᠪᠠᠶᠢᠨ᠎ᠠ᠃    4 ᠰᠠᠷ᠎ᠠ ᠶᠢᠨ 8 ᠤ ᠡᠳᠦᠷ᠂ ᠡᠪᠡᠰᠦ ᠪᠣᠷᠳᠤᠭ᠎ᠠ ᠲᠡᠭᠡᠭᠡᠭᠰᠡᠨ ᠭᠤᠷᠪᠠᠨ ᠠᠴᠢᠶᠠᠨ ᠤ ᠮᠠᠰᠢᠨ ᠰᠢᠯᠤᠭᠤᠨ ᠬᠥᠬᠡ ᠬᠤᠰᠢᠭᠤᠨ ᠤ  ᠪᠣᠱᠣᠣᠳᠠᠢ ᠰᠣᠮᠣᠨ ᠤ ᠨᠡᠬᠦᠳᠡᠬᠡᠢ ᠭᠠᠴᠠᠭᠠᠨ‌‍ᠳᠤ ᠬᠥᠷᠴᠠᠢ᠃ ᠮᠠᠯᠴᠢᠨ ᠮᠦᠩᠭᠡᠨᠷᠳᠡᠨᠢ ᠲᠣᠮᠣ ᠠᠴᠢᠶᠠᠨ ᠤ ᠮᠠᠰᠢᠨ ᠳᠡᠭᠡᠷ᠎ᠡ‌ᠡᠴᠡ ᠨᠣᠭᠤᠭᠠᠨ ᠲᠠᠷᠣᠰᠢ ᠪᠠᠭᠤᠯᠭᠠᠵᠦ ᠶᠠᠭᠠᠷᠠᠨ᠎ᠠ᠃ ᠡᠨᠡ ᠪᠣᠯ ᠰᠢᠯᠤᠭᠤᠨ ᠬᠥᠬᠡ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ  ᠤ ᠠᠯᠪᠠᠨ ᠭᠡᠷ ᠠᠴᠠ ᠣᠯᠣᠰ ᠲᠥᠷᠣ ᠶᠢᠨ ᠵᠥᠪᠯᠡᠯᠭᠡᠨ ᠤ ᠭᠡᠰᠢᠭᠦᠨ ᠱᠠᠩ ᠬᠦᠶ ᠴᠢᠩ᠂ ᠱᠢ ᠭᠦᠸᠧ ᠹᠧᠩ  ᠪᠤᠯᠥᠨ ᠬᠠᠶᠢᠷ᠎ᠠ ᠬᠠᠯᠠᠮᠵᠢᠳᠣ ᠠᠵᠤ ᠠᠬᠤᠶᠢᠯᠠᠯ  ᠪᠣᠯᠬᠤ ᠱᠠᠩᠳᠤ ᠪᠠᠯᠭᠠᠰᠤᠨ ᠤ ᠬᠤᠸᠠ ᠰᠢᠨ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ  ᠤᠨ ᠰᠢᠨ ᠶᠤᠸᠠᠨ ᠮᠠᠯ ᠠᠵᠤ ᠠᠬᠤᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠵᠣᠬᠢᠶᠠᠨ ᠪᠠᠶᠢᠭᠤᠯᠵᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠬᠠᠷᠢᠯᠴᠠᠬᠤ ᠴᠡᠭ ᠪᠣᠯᠬᠤ ᠪᠤᠱᠤᠤᠳᠠᠶ ᠰᠣᠮᠣᠨ ᠤ ᠨᠡᠬᠦᠳᠡᠬᠡᠢ ᠭᠠᠴᠠᠭᠠᠨ ᠤ 4 ᠶᠠᠳᠠᠭᠤ ᠬᠦᠴᠢᠷᠳᠡᠯᠲᠡᠶ ᠡᠷᠦᠬᠡ ᠳᠤ ᠡᠪᠡᠰᠦ ᠪᠣᠷᠳᠤᠭ᠎ᠠ ᠬᠠᠨᠳᠢᠪᠯᠠᠵᠦ ᠪᠠᠶᠢᠭ᠎ᠠ ᠠᠵᠢᠯᠯᠠᠭ᠎ᠠ ᠪᠣᠯᠣᠨ᠎ᠠ᠃
微信图片_20240410161823.jpg
微信图片_20240410161839.jpg
微信图片_20240410161843.jpg
微信图片_20240410161847.jpg
微信图片_20240410161850.jpg
微信图片_20240410161854.jpg
微信图片_20240410161858.jpg
    ᠲᠣᠰ ᠤᠳᠠᠭᠠᠨ ᠤ  ᠬᠠᠶᠢᠷ᠎ᠠ ᠬᠠᠯᠠᠮᠵᠢ ᠶᠢᠨ ᠠᠵᠢᠯᠯᠠᠭ᠎ᠠ ᠨᠢ ᠬᠠᠪᠤᠷ ᠤᠨ ᠤᠯᠠᠷᠢᠯ  ᠳᠤ ᠬᠡᠰᠡᠭ ᠮᠠᠯᠴᠢᠳ ᠤᠨ ᠡᠪᠡᠰᠦ ᠪᠣᠷᠳᠣᠭᠠᠨ ᠤ ᠬᠠᠩᠭᠠᠯᠭ᠎ᠠ ᠬᠦᠷᠦᠯᠴᠡᠬᠦ ᠥᠬᠡᠶ ᠪᠠᠶᠢᠬᠤ ᠠᠰᠠᠭᠤᠳᠠᠯ ᠢ ᠰᠢᠶᠳᠪᠦᠷᠢᠯᠡᠵᠦ᠂ ᠮᠠᠯᠴᠢᠳ ᠤᠨ ᠡᠪᠡᠰᠦ ᠪᠣᠷᠳᠤᠭ᠎ᠠ ᠬᠤᠳᠠᠯᠳᠤᠨ ᠠᠪᠬᠤ ᠠᠵᠤ ᠠᠬᠤᠶ ᠶᠢᠨ ᠳᠠᠷᠤᠭᠠᠰᠤ ᠶᠢ ᠬᠥᠩᠭᠡᠷᠡᠭᠦᠯᠦᠭᠰᠡᠨ ᠢᠶᠠᠷ ᠪᠠᠷᠠᠬᠤ ᠥᠬᠡᠶ ᠂ ᠪᠠᠰᠠ ᠮᠠᠯᠴᠢᠳ ᠲᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠴᠢ ᠠᠵᠤ ᠠᠬᠤᠶᠢᠯᠠᠯᠲᠠᠨ ᠤ  ᠬᠠᠶᠢᠷ᠎ᠡ ᠬᠠᠯᠠᠮᠵᠢ  ᠶᠢ ᠮᠡᠳᠡᠷᠡᠭᠦᠯᠵᠦ᠂ ᠲᠡᠳᠡᠨ ᠤ ᠠᠷᠠᠳ ᠲᠦᠮᠡᠨ ᠤ ᠲᠥᠯᠥᠭᠡ ᠰᠠᠨᠠᠭᠠᠰᠢᠷᠠᠵᠤ ᠪᠠᠶᠢᠭ᠎ᠠ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠪᠣᠳᠠᠳᠣ ᠠᠵᠢᠯᠯᠠᠭ᠎ᠠ ᠪᠠᠷ ᠢᠯᠡᠷᠡᠬᠦᠯᠦᠨ᠂ ᠮᠠᠯᠴᠢᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠦᠨᠡᠨ ᠬᠦ ᠳᠡᠭᠡᠭᠰᠢᠯᠡᠭᠦᠯᠪᠡ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号