ᠯᠢ ᠪᠥᠸᠧ ᠹᠧᠩ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠬᠥᠭᠵᠢᠭᠦᠯᠬᠦ ᠠᠵᠢᠯ  ᠳᠤ ᠪᠠᠶᠢᠴᠠᠭᠠᠨ ᠰᠤᠳᠤᠯᠥᠯᠳᠠ ᠬᠢᠪᠡ
ᠨᠡᠶᠢᠲᠡᠯᠡᠭᠰᠡᠨ ᠴᠠᠭ᠄
2024/4/11
        4 ᠰᠠᠷ᠎ᠠ ᠶᠢᠨ 10᠎ ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠵᠤᠭᠠᠴᠠᠭᠰᠠᠳ ᠤᠨ ᠲᠥᠪ᠂ ᠰᠢᠯᠢ ᠶᠢᠨ ᠭᠤᠤᠯ ᠠᠶᠢᠮᠠᠭ ᠤᠨ ᠰᠣᠶᠣᠯ ᠤᠨ ᠥᠪ ᠤᠨ ᠮᠦᠽᠧᠶ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠳᠤ ᠬᠦᠷᠴᠦ᠂ ᠵᠤᠭᠠᠴᠠᠭᠰᠠᠳ ᠤᠨ ᠲᠥᠪ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ  ᠦᠵᠡᠵᠤ᠂  ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠠᠠᠴᠠ ᠶᠢᠨ ᠤᠬᠠᠮᠰᠠᠷ ᠢ ᠪᠠᠬᠢᠵᠢᠭᠦᠯᠦᠨ ᠬᠥᠭᠵᠢᠭᠦᠯᠬᠦ ᠪᠠ ᠰᠣᠶᠣᠯ ᠤᠨ ᠥᠪ  ᠤᠨ ᠬᠠᠮᠠᠭᠠᠯᠠᠯᠳᠠ ᠵᠢᠨ‌ᠠᠵᠢᠯ ᠳᠤ ᠪᠠᠶᠢᠴᠠᠭᠠᠨ ᠰᠤᠳᠤᠯᠥᠯᠳᠠ ᠬᠢᠭᠰᠡᠨ ᠪᠠᠶᠢᠨ᠎ᠠ᠃    ᠯᠢ ᠪᠥᠸᠧ ᠹᠧᠩ ᠱᠠᠭᠠᠷᠳ᠋ᠬᠠᠰᠠᠨ ᠨᠢ᠂ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠬᠥᠭᠵᠢᠬᠦᠯᠬᠦ ᠠᠵᠢᠯ ᠢ ᠰᠠᠶᠢᠲᠤᠷ ᠬᠢᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠳᠠᠯᠠᠨ᠂ ᠲᠡᠭᠦᠨ ᠳᠤ ᠠᠭᠤᠯᠤᠭᠳᠠᠵᠤ ᠪᠠᠶᠢᠭ᠎ᠠ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠬᠠᠮᠠᠭᠠᠯᠠᠬᠤ ᠳᠤᠮᠳᠠ ᠠᠰᠢᠭᠯᠠᠬᠤ᠂ ᠠᠰᠢᠭᠯᠠᠬᠤ ᠳᠤᠮᠳᠠ ᠬᠠᠮᠠᠭᠠᠯᠠᠬᠤ ᠵᠢ‌‍ᠪᠡᠶᠡᠯᠡᠭᠦᠯᠬᠦ ᠬᠡᠷᠡᠭᠲᠡᠢ ᠬᠡᠯ᠎ᠡ᠃   ᠯᠢ ᠪᠥᠸᠧ ᠹᠧᠩ ᠴᠢᠬᠤᠯᠠᠴᠢᠯᠠᠭᠰᠠᠨ ᠨᠢ᠂ ᠵᠢᠭᠤᠯᠴᠢᠯᠠᠭᠴᠢᠳ ᠤᠨ ᠲᠥᠪ ᠤᠨ ᠦᠵᠡᠭᠦᠯᠦᠯᠭᠡ ᠶᠢᠨ ᠵᠢᠷᠤᠭ ᠲᠥᠯᠥᠪᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠨᠠᠷᠢᠨ ᠨᠢᠮᠪᠠᠶ ᠪᠠᠶᠢᠷᠢᠯᠠᠭᠤᠯᠤᠨ᠂  ᠦᠶᠯᠡᠴᠢᠯᠡᠭᠡᠨ ᠤ ᠬᠠᠮᠢᠶᠠᠷᠤᠯᠲᠠ᠂  ᠰᠡᠯᠡᠬᠦᠴᠡᠯ ᠵᠤᠭᠠᠴᠠᠯ᠂  ᠢᠳᠡᠭᠡᠨ ᠤᠮᠳᠠᠭᠠᠨ ᠪᠠᠷᠠᠭ᠎ᠠ ᠬᠤᠳᠠᠯᠳᠤᠭᠠᠨ ᠤ ᠦᠢᠯᠡᠴᠢᠯᠡᠭᠡ ᠵᠡᠷᠭᠡ ᠴᠢᠳᠠᠮᠵᠢᠳᠤ ᠣᠷᠣᠨ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠲᠣᠬᠢᠷᠠᠭᠤᠯᠵᠤ᠂ ᠠᠯᠢ ᠲᠦᠷᠭᠡᠨ ᠢᠶᠠᠷ ᠪᠠᠶᠢᠭᠤᠯᠤᠨ ᠪᠦᠲᠦᠭᠡᠵᠦ ᠡᠵᠡᠩᠨᠡᠬᠦ ᠶᠢ ᠪᠠᠲᠤᠯᠠᠵᠤ᠂ ᠦᠵᠡᠮᠵᠢ ᠶᠢᠨ ᠣᠷᠣᠨ ᠤ ᠠᠮᠤᠷ ᠲᠦᠪᠰᠢᠨ ᠤ ᠬᠠᠮᠢᠶᠠᠷᠤᠯᠲᠠ ᠎ ᠶᠢ ᠴᠢᠩᠭᠠᠳᠬᠠᠵᠤ᠂  ᠵᠢᠭᠤᠯᠴᠢᠯᠠᠭᠰᠠᠳ ᠲᠤ ᠠᠮᠤᠷ ᠲᠦᠪᠰᠢᠨ᠂ ᠲᠠᠭᠠᠯᠠᠮᠵᠢᠲᠠᠢ ᠵᠢᠭᠤᠯᠴᠢᠯᠠᠯ ᠤᠨ ᠣᠷᠴᠢᠨ ᠬᠠᠩᠭᠠᠬᠤ ᠬᠡᠷᠡᠭᠲᠡᠢ ᠬᠡᠵᠡᠢ᠃    ᠬᠤᠰᠢᠭᠤ ᠤᠳᠤᠷᠢᠳᠤᠯᠭ᠎ᠠ ᠹᠧᠩ ᠵᠢᠶᠠᠨ ᠵᠢᠶᠦ᠋ᠨ᠂ ᠼᠤᠤ ᠵᠧᠨ ᠢᠦ᠋ᠢ᠂ ᠶᠠᠨ ᠷᠦᠢ ᠴᠢ᠂ ᠯᠢᠦᠢ ᠡᠾᠦ᠋ᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号