| ᠨᠤᠲᠤᠭ ᠪᠡᠯᠴᠢᠭᠡᠷ ᠤᠨ ᠠᠮᠢ ᠠᠬᠤᠶ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ | ᠬᠠᠮᠠᠭᠠᠯᠠᠨ ᠠᠰᠢᠭᠯᠠᠵᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢᠨ | ᠲᠥᠯᠥᠭᠡ᠂ 4 ᠰᠠᠷ᠎ᠠ ᠶᠢᠨ 10 ᠤ ᠡᠳᠦᠷ ᠠᠴᠠ 5 ᠰᠠᠷ᠎ᠠ ᠶᠢᠨ 25 ᠤ ᠡᠳᠦᠷ ᠪᠣᠯᠲᠠᠯ᠎ᠠ᠂ ᠰᠢᠯᠤᠭᠤᠨ ᠬᠥᠬᠡ | ᠬᠤᠰᠢᠭᠤᠨ ᠤ 1136.32 ᠲᠦᠮᠡᠨ ᠮᠥ ᠨᠣᠳᠤᠭ ᠪᠡᠯᠴᠢᠭᠡᠷ 45 ᠡᠳᠦᠷ ᠤᠨ ᠬᠤᠭᠤᠴᠠᠭ᠎ᠠ ᠲᠠᠢ ᠬᠠᠪᠤᠷ ᠤᠨ | ᠤᠯᠠᠷᠢᠯ ᠤᠨ ᠪᠡᠯᠴᠢᠬᠡᠷ ᠰᠡᠷᠬᠦᠬᠦ ᠬᠤᠭᠤᠴᠠᠭᠠᠨ ᠳᠤ ᠣᠷᠣᠯ᠎ᠠ᠃ ᠪᠡᠯᠴᠢᠭᠡᠷ ᠰᠡᠷᠭᠦᠭᠡᠬᠦ ᠬᠤᠭᠤᠴᠠᠭᠠᠨ ᠳᠤ᠂ | ᠮᠠᠯᠴᠢᠳ ᠮᠠᠯ ᠢᠶᠠᠨ ᠬᠠᠰᠢᠶᠠᠯᠠᠨ ᠲᠡᠵᠢᠭᠡᠵᠦ᠂ ᠬᠤᠰᠢᠭᠤ ᠵᠠᠰᠠᠭ ᠤᠨ ᠣᠷᠳᠣᠨ ︽ᠰᠢᠯᠢ ᠶᠢᠨ ᠭᠤᠤᠯ ᠠᠶᠢᠮᠠᠭ ᠤᠨ | ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ | ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ︾ ᠢ ᠦᠨᠳᠦᠰᠦᠯᠡᠨ ᠮᠤ᠋ ᠪᠦᠷᠢ ᠳᠤ 1.125 | ᠲᠥᠭᠦᠷᠢᠭ ᠤᠨ ᠪᠠᠷᠢᠮᠵᠢᠶ᠎ᠠ ᠪᠠᠷ ᠮᠠᠯᠴᠢᠳ ᠲᠤ ᠨᠥᠬᠦᠪᠥᠷᠢ ᠣᠯᠭᠤᠵᠤ ᠪᠣᠢ᠃ | ᠪᠡᠯᠴᠢᠭᠡᠷ ᠰᠡᠷᠭᠦᠭᠡᠬᠦ ᠬᠤᠭᠤᠴᠠᠭᠠᠨ ᠳᠤ ᠤᠷᠤᠭᠰᠠᠨ ᠠᠩᠬᠠᠨ ᠤ ᠡᠳᠦᠷ᠂ ᠰᠢᠯᠤᠭᠤᠨ ᠬᠥᠬᠡ ᠬᠤᠰᠢᠭᠤᠨ ᠤ | ᠪᠣᠱᠣᠣᠳᠠᠢ ᠰᠣᠮᠣᠨ ᠤ ᠵᠠᠷᠤᠳ ᠭᠠᠴᠠᠭᠠᠨ ᠳᠤ ᠮᠠᠯ ᠤᠨᠤᠭᠠᠬᠠᠷᠠᠭᠳᠠᠬᠤ ᠥᠬᠡᠶ ᠪᠠᠶᠢᠵᠣ᠂ ᠮᠠᠯᠴᠢᠨ | ᠣᠷᠳᠣᠨᠠᠰᠣᠨ ᠤ ᠬᠡᠷ ᠲᠤ᠂ ᠬᠤᠰᠢᠭᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠬᠠᠮᠢᠶ᠎ᠠ ᠪᠥᠬᠦᠶ | ᠬᠠᠷᠢᠭᠤᠴᠠᠯᠭᠠᠲᠠᠨ᠂ ᠰᠣᠮᠣᠨ ᠤ ᠠᠵᠢᠯᠳᠠᠳ ᠪᠡᠯᠴᠢᠭᠡᠷ ᠰᠡᠷᠭᠦᠭᠡᠬᠦ ᠠᠵᠢᠯ ᠤᠨ ᠬᠤᠯᠪᠣᠭᠳᠠᠯ ᠪᠥᠬᠦᠶ ᠲᠥᠷᠥ ᠶᠢᠨ | ᠪᠣᠳᠣᠯᠭ᠎ᠠ ᠶᠢᠨ ᠲᠤᠬᠠᠶ ᠲᠠᠶᠢᠯᠤᠮᠵᠢ ᠬᠢᠵᠦ ᠪᠠᠶᠢᠯ᠎ᠠ᠃ | ᠪᠣᠱᠣᠤᠳᠠᠢ ᠰᠣᠮᠣᠨ ᠤ ᠵᠠᠷᠤᠳ ᠭᠠᠴᠠᠭᠠᠨ ᠤ ᠮᠠᠯᠴᠢᠨ ᠣᠷᠳᠣᠨᠠᠰᠤᠨ᠄ ︽ᠪᠡᠯᠴᠢᠭᠡᠷ ᠰᠡᠷᠭᠦᠭᠡᠬᠦ ᠲᠥᠷᠥ | ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠨᠢ ᠪᠡᠯᠴᠢᠭᠡᠷ ᠡᠪᠡᠰᠦ ᠶᠢᠨ ᠤᠷᠭᠤᠯᠲᠠ ᠪᠠ ᠰᠡᠷᠭᠦᠭᠡᠯᠲᠡ ᠳᠤ ᠠᠰᠢᠭᠲᠠᠶ | ᠭᠡᠳᠡᠭ ᠢ ᠪᠢᠳᠡ ᠲᠠᠨᠢᠵᠤ ᠮᠡᠳᠡᠯ᠎ᠠ᠂ 45 ᠡᠳᠦᠷ ᠤᠨ ᠪᠡᠯᠴᠢᠭᠡᠷ ᠰᠡᠷᠭᠦᠭᠡᠬᠦ ᠠᠵᠢᠯ ᠨᠢ ᠪᠡᠯᠴᠢᠭᠡᠷ ᠡᠪᠡᠰᠦ ᠮᠠᠯ ᠳᠤ | ᠭᠢᠰᠬᠢᠭᠳᠡᠬᠦ᠂ ᠨᠤᠲᠤᠭ ᠪᠡᠯᠴᠢᠭᠡᠷ ᠮᠠᠭᠤᠳᠠᠬᠤ᠂ ᠡᠯᠡᠰᠦᠷᠬᠡᠭᠵᠢᠬᠦ ᠵᠡᠷᠭᠡ ᠠᠯᠢ ᠣᠯᠠᠨ ᠠᠰᠠᠭᠤᠳᠠᠯ ᠭᠠᠷᠬᠤ ᠠᠴᠠ | ᠪᠦᠲᠦᠮᠵᠢᠲᠡᠶ ᠵᠠᠶᠢᠯᠠᠰᠬᠢᠵᠦ ᠴᠢᠳᠠᠨ᠎ᠠ᠂ ᠪᠢᠳᠡ ᠡᠨᠡ ᠬᠦ ᠲᠥᠷᠥ ᠶᠢᠨ ᠪᠣᠳᠣᠯᠭ᠎ᠠ ᠶᠢ ᠳᠡᠮᠵᠢᠵᠦ ᠪᠠᠶᠢᠨ᠎ᠠ︾ ᠬᠡᠯᠡ᠃ | | ᠲᠣᠭᠤᠷᠢᠨ ᠪᠠᠶᠢᠴᠠᠭᠠᠬᠤ ᠶᠠᠪᠤᠴᠠ ᠳᠤ᠂ ᠠᠵᠢᠯᠲᠠᠳ ᠡᠷᠦᠬᠡ ᠳᠤ ᠬᠦᠷᠴᠦ ᠰᠤᠷᠪᠤᠯᠵᠢᠯᠠᠬᠤ ᠪᠠᠪᠠᠶᠢᠴᠠᠭᠠᠬᠤ | ᠠᠷᠭᠠᠬᠡᠯᠪᠡᠷᠢ ᠪᠠᠷ ᠳᠠᠮᠵᠢᠭᠤᠯᠤᠨ᠂ᠮᠠᠯᠴᠢᠳ ᠤᠨ ᠲᠡᠵᠢᠭᠡᠯ ᠪᠣᠷᠳᠤᠭ᠎ᠠ ᠨᠥᠭᠡᠴᠡᠯᠡᠵᠦ ᠪᠠᠶᠢᠭ᠎ᠠ ᠪᠠᠶᠢᠳᠠᠯ ᠢ ᠨᠠᠷᠢᠨ | ᠣᠶᠢᠯᠠᠭᠠᠪᠠ᠃ ᠰᠤᠷᠪᠤᠯᠵᠢᠯᠠᠭᠴᠢ ᠪᠣᠱᠣᠤᠳᠠᠢ ᠰᠣᠮᠣᠨ ᠤ ᠰᠦᠮᠡᠳᠦ ᠶᠢᠨ ᠭᠤᠣᠯ ᠭᠠᠴᠠᠭᠠᠨ ᠤ ᠮᠠᠯᠴᠢᠨ ᠰᠦᠨ ᠵᠠᠨ | ᠹᠦ᠋ ᠶᠢᠨ ᠬᠡᠷ ᠲᠤ᠂ ᠲᠡᠳᠡᠨ ᠤ ᠬᠢ ᠬᠠᠪᠤᠷ ᠠᠴᠠ ᠨᠠᠰᠢ ᠦᠬᠡᠷ ᠬᠤᠨᠢ ᠪᠠᠨ ᠪᠦᠬᠦᠨ ᠢ ᠬᠠᠰᠢᠶᠠᠯᠠᠨ ᠲᠡᠵᠢᠭᠡᠵᠦ | ᠪᠠᠶᠢᠬᠤ ᠶᠢ ᠮᠡᠳᠡᠵᠠᠢ᠃ ᠨᠢᠳᠤᠨᠤᠨ ᠨᠠᠮᠤᠷ ᠲᠡᠳᠡᠨ ᠤ ᠬᠢᠨ ᠡᠪᠡᠰᠦ ᠪᠣᠷᠳᠤᠭ᠎ᠠ ᠪᠠᠨ ᠬᠦᠷᠦᠯᠴᠡᠬᠦᠶᠢᠴᠡ | ᠨᠥᠭᠡᠴᠡᠯᠡᠵᠦ᠂ ᠪᠡᠯᠴᠢᠭᠡᠷ ᠰᠡᠷᠭᠦᠭᠡᠬᠦ ᠬᠤᠭᠤᠴᠠᠭᠠᠨ ᠳᠠᠬᠢ ᠡᠪᠡᠰᠦ ᠪᠣᠷᠳᠤᠭ᠎ᠠ ᠭᠦᠶᠴᠡᠳ ᠪᠠᠶᠢᠬᠤ ᠶᠢ ᠪᠠᠲᠤᠯᠠᠪᠠ᠃ | ᠣᠯᠠᠨ ᠵᠢᠯ ᠳᠠᠷᠠᠭᠠᠯᠠᠨ ᠪᠡᠯᠴᠢᠭᠡᠷ ᠡᠪᠡᠰᠦ ᠨᠣᠭᠤᠭᠠᠷᠠᠬᠤ ᠬᠤᠭᠤᠴᠠᠭᠠᠨ ᠳᠤ ᠪᠡᠯᠴᠢᠭᠡᠷ ᠰᠡᠷᠬᠦᠬᠡᠬᠦ ᠶᠢ | ᠬᠡᠷᠡᠭᠵᠢᠭᠦᠯᠦᠭᠰᠡᠨ ᠠᠴᠠ ᠮᠠᠯᠴᠢᠳ ᠤᠨ ᠬᠠᠪᠤᠷ ᠤᠨ ᠤᠯᠠᠷᠢᠯ ᠤᠨ ᠪᠡᠯᠴᠢᠭᠡᠷ ᠰᠡᠷᠬᠦᠬᠡᠬᠦ ᠲᠤᠬᠠᠶ ᠲᠠᠨᠢᠯᠲᠠ ᠤᠯᠠᠮ | ᠨᠢᠭᠡ ᠠᠯᠬᠤᠮ ᠳᠡᠭᠡᠭᠰᠢᠯᠡᠵᠦ᠂ ᠪᠡᠯᠴᠢᠭᠡᠷ ᠰᠡᠷᠬᠦᠬᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠨᠢ ᠪᠡᠯᠴᠢᠭᠡᠷ | ᠡᠪᠡᠰᠦ ᠶᠢᠨ ᠤᠷᠭᠤᠯᠲᠠ ᠪᠠ ᠰᠡᠷᠭᠦᠭᠡᠯᠲᠡ ᠳᠤ ᠮᠠᠰᠢ ᠠᠰᠢᠭᠲᠠᠶ ᠪᠠᠶᠢᠵᠦ᠂ ᠡᠭᠦᠨ ᠤ ᠬᠠᠮᠲᠤ ᠪᠠᠰᠠ ᠨᠤᠲᠤᠭ | ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢᠨ ᠴᠢᠬᠤᠯᠠ ᠴᠢᠨᠠᠷ ᠢ ᠲᠠᠨᠢᠭᠤᠯᠵᠦ | ᠴᠢᠳᠠᠵᠠᠢ ᠃ | ᠪᠤᠱᠤᠤᠳᠠᠶ ᠰᠣᠮᠣᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ | ᠬᠠᠤᠯᠢ ᠬᠡᠷᠡᠭᠵᠢᠭᠦᠯᠬᠦ ᠠᠵᠢᠯᠲᠠᠨ ᠪᠠᠶᠠᠮ᠎ᠠ᠄ ︽ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶᠠᠨ ᠤ ᠠᠵᠢᠯᠲᠠᠨ ᠪᠣᠯᠤᠭᠰᠠᠨ ᠤ ᠬᠤᠪᠢ ᠳᠤ᠂ ᠪᠢᠳᠡ ᠦᠷᠭᠦᠯᠵᠢᠯᠡᠨ ᠠᠵᠢᠯ ᠤᠨ ᠵᠠᠭᠪᠤᠷ ᠲᠤ ᠰᠢᠨ᠎ᠡ ᠶᠢ | ᠡᠭᠦᠳᠴᠦ᠂ ᠡᠳᠦᠷ ᠢᠶᠠᠷ ᠲᠣᠭᠤᠷᠢᠨ ᠪᠠᠶᠢᠴᠠᠭᠠᠬᠤ + ᠰᠥᠨᠢ ᠪᠠᠷ ᠪᠠᠶᠢᠴᠠᠭᠠᠬᠤ ᠠᠷᠭ᠎ᠠ ᠮᠠᠶ᠋ᠢᠭ ᠢᠶᠠᠷ ᠮᠠᠯᠵᠢᠬᠤ ᠶᠢ | ᠬᠤᠷᠢᠠᠠᠯᠠᠬᠤ ᠣᠷᠣᠨ ᠢ ᠲᠣᠭᠤᠷᠢᠨ ᠪᠠᠶᠢᠴᠠᠭᠠᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠨ᠂ ᠤᠬᠠᠭᠤᠯᠭ᠎ᠠ | ᠬᠥᠮᠦᠵᠢᠯ ᠢ ᠴᠢᠩᠭᠠᠳᠬᠠᠵᠤ᠂ ᠡᠷᠦᠬᠡ ᠳᠤ ᠣᠷᠣᠵᠤ ᠰᠤᠷᠪᠤᠯᠵᠢᠯᠠᠬᠤ᠂ ᠤᠬᠠᠭᠤᠯᠭ᠎ᠠ ᠶᠢᠨ ᠬᠠᠭᠤᠳᠠᠰᠤ | ᠲᠠᠷᠬᠠᠭᠠᠬᠤ᠂ ᠠᠯᠪᠠᠨ ᠵᠠᠷ ᠨᠠᠭᠠᠬᠤ᠂ ᠵᠢᠷᠭᠢᠶ᠎ᠡ ᠶᠢᠨ ᠤᠯᠠᠨ ᠨᠡᠶᠢᠲᠡ ᠶᠢᠨ ᠳ᠋ᠤᠭᠠᠷ ᠢᠶᠠᠷ ᠮᠡᠳᠡᠭᠡ ᠵᠠᠩᠭᠢ | ᠳᠠᠮᠵᠢᠭᠤᠯᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠮᠠᠯᠴᠢᠨ ᠲᠦᠮᠡᠨ ᠤ ᠲᠦᠷᠦ ᠶᠢᠨ ᠪᠤᠳᠤᠯᠭ᠎ᠠ ᠶᠢᠨ | ᠲᠤᠬᠠᠢ ᠲᠠᠨᠢᠯᠲᠠ ᠶᠢ ᠳᠡᠭᠡᠭᠰᠢᠯᠡᠭᠦᠯᠵᠦ᠂ ᠠᠮᠢ ᠠᠬᠤᠢ ᠶᠢ ᠬᠠᠮᠠᠭᠠᠯᠠᠬᠤ ᠤᠬᠠᠮᠰᠠᠷ ᠢ ᠲᠡᠭᠡᠭᠰᠢᠯᠡᠭᠦᠯᠵᠦ ᠪᠠᠶᠢᠨ᠎ᠠ︾ | ᠬᠡᠯᠡ᠃ | ᠰᠢᠯᠣᠭᠤᠨ ᠬᠦᠬᠡ ᠬᠤᠰᠢᠭᠤ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠳᠤ᠂ ᠰᠢᠨᠵᠢᠯᠡᠬᠦ ᠤᠬᠠᠭᠠᠨᠴᠢ | ᠵᠦᠶ ᠵᠣᠬᠢᠰᠲᠠᠶ ᠲᠦᠯᠦᠪᠵᠢᠬᠦᠯᠬᠡ ᠪᠠ ᠬᠠᠮᠢᠶᠠᠷᠤᠯᠲᠠ ᠪᠠᠷ ᠳᠠᠮᠵᠢᠨ᠂ ᠮᠠᠯᠴᠢᠨ ᠲᠠᠷᠢᠶᠠᠴᠢᠨ ᠢ ᠬᠥᠲᠥᠯᠥᠨ | ᠵᠢᠯᠣᠭᠤᠳᠴᠤ ᠪᠠᠶᠢᠭᠠᠳ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠵᠤ᠂ ᠮᠠᠯ ᠪᠡᠯᠴᠢᠭᠡᠷ ᠤᠨ ᠲᠡᠩᠴᠡᠭᠦᠷᠢ | ᠪᠠ ᠪᠡᠯᠴᠢᠭᠡᠷᠯᠡᠭᠦᠯᠬᠦ ᠶᠢ ᠬᠤᠷᠢᠠᠠᠯᠠᠵᠦ ᠰᠡᠯᠭᠦᠨ ᠮᠠᠯᠵᠢᠬᠤ ᠳᠦᠷᠢᠮ ᠢ ᠨᠠᠶᠢᠳᠠᠪᠣᠷᠢᠵᠢᠭᠤᠯᠬᠤ᠂ ᠮᠠᠯᠴᠢᠨ | ᠲᠠᠷᠢᠶᠠᠴᠢᠨ ᠤ ᠤᠬᠠᠮᠰᠠᠷᠲᠤ ᠴᠢᠨᠠᠷ ᠪᠠ ᠬᠠᠷᠢᠭᠤᠴᠠᠯᠭᠠᠲᠤ ᠰᠡᠳᠬᠢᠯᠭᠡ ᠶᠢ ᠳᠡᠭᠡᠭᠰᠢᠯᠡᠭᠦᠯᠦᠨ᠂ ᠨᠤᠲᠤᠭ ᠪᠡᠯᠴᠢᠭᠡᠷ | ᠤᠨ ᠰᠡᠷᠭᠦᠭᠡᠯᠲᠡ ᠪᠠ ᠠᠮᠢ ᠠᠬᠤᠢ ᠶᠢᠨ ᠰᠢᠰᠲ᠋ᠧᠮ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠪᠣᠯᠣᠨ᠎ᠠ᠃ | |