ᠰᠢᠯᠤᠭᠤᠨ ᠬᠥᠬᠡ ᠬᠤᠰᠢᠭᠤᠨ ᠤ ᠬᠠᠪᠤᠷ ᠤᠨ ᠤᠯᠠᠷᠢᠯ ᠤᠨ ᠬᠠᠰᠢᠶᠠᠯᠠᠭ᠎ᠠ ᠡᠬᠢᠯᠡᠯ᠎ᠠ
ᠨᠡᠶᠢᠲᠡᠯᠡᠭᠰᠡᠨ ᠴᠠᠭ᠄
2024/4/11
          ᠨᠤᠲᠤᠭ ᠪᠡᠯᠴᠢᠭᠡᠷ ᠤᠨ ᠠᠮᠢ ᠠᠬᠤᠶ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠬᠠᠮᠠᠭᠠᠯᠠᠨ ᠠᠰᠢᠭᠯᠠᠵᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠥᠯᠥᠭᠡ᠂ 4 ᠰᠠᠷ᠎ᠠ ᠶᠢᠨ 10 ᠤ ᠡᠳᠦᠷ ᠠᠴᠠ 5 ᠰᠠᠷ᠎ᠠ ᠶᠢᠨ 25 ᠤ ᠡᠳᠦᠷ ᠪᠣᠯᠲᠠᠯ᠎ᠠ᠂ ᠰᠢᠯᠤᠭᠤᠨ ᠬᠥᠬᠡ ᠬᠤᠰᠢᠭᠤᠨ ᠤ 1136.32 ᠲᠦᠮᠡᠨ ᠮᠥ ᠨᠣᠳᠤᠭ ᠪᠡᠯᠴᠢᠭᠡᠷ 45 ᠡᠳᠦᠷ ᠤᠨ ᠬᠤᠭᠤᠴᠠᠭ᠎ᠠ ᠲᠠᠢ ᠬᠠᠪᠤᠷ ᠤᠨ ᠤᠯᠠᠷᠢᠯ ᠤᠨ ᠪᠡᠯᠴᠢᠬᠡᠷ ᠰᠡᠷᠬᠦᠬᠦ ᠬᠤᠭᠤᠴᠠᠭᠠᠨ ᠳᠤ ᠣᠷᠣᠯ᠎ᠠ᠃ ᠪᠡᠯᠴᠢᠭᠡᠷ ᠰᠡᠷᠭᠦᠭᠡᠬᠦ ᠬᠤᠭᠤᠴᠠᠭᠠᠨ ᠳᠤ᠂ ᠮᠠᠯᠴᠢᠳ ᠮᠠᠯ ᠢᠶᠠᠨ ᠬᠠᠰᠢᠶᠠᠯᠠᠨ ᠲᠡᠵᠢᠭᠡᠵᠦ᠂ ᠬᠤᠰᠢᠭᠤ ᠵᠠᠰᠠᠭ ᠤᠨ ᠣᠷᠳᠣᠨ ︽ᠰᠢᠯᠢ ᠶᠢᠨ ᠭᠤᠤᠯ ᠠᠶᠢᠮᠠᠭ ᠤᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ︾ ᠢ ᠦᠨᠳᠦᠰᠦᠯᠡᠨ ᠮᠤ᠋ ᠪᠦᠷᠢ ᠳᠤ 1.125 ᠲᠥᠭᠦᠷᠢᠭ ᠤᠨ  ᠪᠠᠷᠢᠮᠵᠢᠶ᠎ᠠ ᠪᠠᠷ ᠮᠠᠯᠴᠢᠳ ᠲᠤ ᠨᠥᠬᠦᠪᠥᠷᠢ ᠣᠯᠭᠤᠵᠤ  ᠪᠣᠢ᠃   ᠪᠡᠯᠴᠢᠭᠡᠷ ᠰᠡᠷᠭᠦᠭᠡᠬᠦ ᠬᠤᠭᠤᠴᠠᠭᠠᠨ ᠳᠤ ᠤᠷᠤᠭᠰᠠᠨ ᠠᠩᠬᠠᠨ ᠤ ᠡᠳᠦᠷ᠂ ᠰᠢᠯᠤᠭᠤᠨ ᠬᠥᠬᠡ ᠬᠤᠰᠢᠭᠤᠨ ᠤ ᠪᠣᠱᠣᠣᠳᠠᠢ ᠰᠣᠮᠣᠨ ᠤ  ᠵᠠᠷᠤᠳ ᠭᠠᠴᠠᠭᠠᠨ ᠳᠤ ᠮᠠᠯ ᠤᠨᠤᠭ᠎ᠠ‌ᠬᠠᠷᠠᠭᠳᠠᠬᠤ ᠥᠬᠡᠶ ᠪᠠᠶᠢᠵᠣ᠂ ᠮᠠᠯᠴᠢᠨ  ᠣᠷᠳᠣᠨᠠᠰᠣᠨ ᠤ ᠬᠡᠷ ᠲᠤ᠂  ᠬᠤᠰᠢᠭᠤ ᠣᠶ ᠰᠢᠭᠤᠶ ᠪᠠ ᠨᠤᠲᠤᠭ ᠪᠡᠯᠴᠢᠭᠡᠷ ᠤᠨ  ᠲᠣᠪᠴᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ᠂ ᠰᠣᠮᠣᠨ ᠤ  ᠠᠵᠢᠯᠳᠠᠳ ᠪᠡᠯᠴᠢᠭᠡᠷ ᠰᠡᠷᠭᠦᠭᠡᠬᠦ ᠠᠵᠢᠯ ᠤᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠲᠤᠬᠠᠶ ᠲᠠᠶᠢᠯᠤᠮᠵᠢ ᠬᠢᠵᠦ ᠪᠠᠶᠢᠯ᠎ᠠ᠃     ᠪᠣᠱᠣᠤᠳᠠᠢ  ᠰᠣᠮᠣᠨ ᠤ ᠵᠠᠷᠤᠳ ᠭᠠᠴᠠᠭᠠᠨ ᠤ ᠮᠠᠯᠴᠢᠨ ᠣᠷᠳᠣᠨᠠᠰᠤᠨ᠄  ︽ᠪᠡᠯᠴᠢᠭᠡᠷ ᠰᠡᠷᠭᠦᠭᠡᠬᠦ ᠲᠥᠷᠥ  ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠨᠢ ᠪᠡᠯᠴᠢᠭᠡᠷ ᠡᠪᠡᠰᠦ ᠶᠢᠨ ᠤᠷᠭᠤᠯᠲᠠ ᠪᠠ ᠰᠡᠷᠭᠦᠭᠡᠯᠲᠡ ᠳᠤ ᠠᠰᠢᠭᠲᠠᠶ ᠭᠡᠳᠡᠭ ᠢ ᠪᠢᠳᠡ ᠲᠠᠨᠢᠵᠤ ᠮᠡᠳᠡᠯ᠎ᠠ᠂ 45 ᠡᠳᠦᠷ ᠤᠨ ᠪᠡᠯᠴᠢᠭᠡᠷ ᠰᠡᠷᠭᠦᠭᠡᠬᠦ ᠠᠵᠢᠯ ᠨᠢ ᠪᠡᠯᠴᠢᠭᠡᠷ ᠡᠪᠡᠰᠦ ᠮᠠᠯ ᠳᠤ ᠭᠢᠰᠬᠢᠭᠳᠡᠬᠦ᠂  ᠨᠤᠲᠤᠭ ᠪᠡᠯᠴᠢᠭᠡᠷ ᠮᠠᠭᠤᠳᠠᠬᠤ᠂ ᠡᠯᠡᠰᠦᠷᠬᠡᠭᠵᠢᠬᠦ ᠵᠡᠷᠭᠡ ᠠᠯᠢ ᠣᠯᠠᠨ ᠠᠰᠠᠭᠤᠳᠠᠯ ᠭᠠᠷᠬᠤ ᠠᠴᠠ ᠪᠦᠲᠦᠮᠵᠢᠲᠡᠶ ᠵᠠᠶᠢᠯᠠᠰᠬᠢᠵᠦ ᠴᠢᠳᠠᠨ᠎ᠠ᠂ ᠪᠢᠳᠡ ᠡᠨᠡ ᠬᠦ ᠲᠥᠷᠥ ᠶᠢᠨ ᠪᠣᠳᠣᠯᠭ᠎ᠠ ᠶᠢ  ᠳᠡᠮᠵᠢᠵᠦ ᠪᠠᠶᠢᠨ᠎ᠠ︾ ᠬᠡᠯ᠎ᠡ᠃     ᠲᠣᠭᠤᠷᠢᠨ ᠪᠠᠶᠢᠴᠠᠭᠠᠬᠤ ᠶᠠᠪᠤᠴᠠ ᠳᠤ᠂ ᠠᠵᠢᠯᠲᠠᠳ ᠡᠷᠦᠬᠡ ᠳᠤ ᠬᠦᠷᠴᠦ ᠰᠤᠷᠪᠤᠯᠵᠢᠯᠠᠬᠤ ᠪᠠ‌‍ᠪᠠᠶᠢᠴᠠᠭᠠᠬᠤ ᠠᠷᠭ᠎ᠠ‌‍ᠬᠡᠯᠪᠡᠷᠢ ᠪᠠᠷ ᠳᠠᠮᠵᠢᠭᠤᠯᠤᠨ᠂ᠮᠠᠯᠴᠢᠳ ᠤᠨ ᠲᠡᠵᠢᠭᠡᠯ ᠪᠣᠷᠳᠤᠭ᠎ᠠ ᠨᠥᠭᠡᠴᠡᠯᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠰᠤᠷᠪᠤᠯᠵᠢᠯᠠᠭᠴᠢ ᠪᠣᠱᠣᠤᠳᠠᠢ ᠰᠣᠮᠣᠨ ᠤ ᠰᠦᠮᠡᠳᠦ ᠶᠢᠨ ᠭᠤᠣᠯ ᠭᠠᠴᠠᠭᠠᠨ ᠤ ᠮᠠᠯᠴᠢᠨ ᠰᠦᠨ ᠵᠠᠨ ᠹᠦ᠋ ᠶᠢᠨ ᠬᠡᠷ ᠲᠤ᠂ ᠲᠡᠳᠡᠨ ᠤ  ᠬᠢ ᠬᠠᠪᠤᠷ ᠠᠴᠠ ᠨᠠᠰᠢ  ᠦᠬᠡᠷ ᠬᠤᠨᠢ ᠪᠠᠨ ᠪᠦᠬᠦᠨ ᠢ ᠬᠠᠰᠢᠶᠠᠯᠠᠨ ᠲᠡᠵᠢᠭᠡᠵᠦ ᠪᠠᠶᠢᠬᠤ ᠶᠢ  ᠮᠡᠳᠡᠵᠠᠢ᠃ ᠨᠢᠳᠤᠨᠤᠨ ᠨᠠᠮᠤᠷ ᠲᠡᠳᠡᠨ ᠤ ᠬᠢᠨ ᠡᠪᠡᠰᠦ ᠪᠣᠷᠳᠤᠭ᠎ᠠ ᠪᠠᠨ ᠬᠦᠷᠦᠯᠴᠡᠬᠦᠶᠢᠴᠡ ᠨᠥᠭᠡᠴᠡᠯᠡᠵᠦ᠂ ᠪᠡᠯᠴᠢᠭᠡᠷ ᠰᠡᠷᠭᠦᠭᠡᠬᠦ ᠬᠤᠭᠤᠴᠠᠭᠠᠨ ᠳᠠᠬᠢ ᠡᠪᠡᠰᠦ ᠪᠣᠷᠳᠤᠭ᠎ᠠ ᠭᠦᠶᠴᠡᠳ ᠪᠠᠶᠢᠬᠤ ᠶᠢ ᠪᠠᠲᠤᠯᠠᠪᠠ᠃     ᠣᠯᠠᠨ ᠵᠢᠯ ᠳᠠᠷᠠᠭᠠᠯᠠᠨ ᠪᠡᠯᠴᠢᠭᠡᠷ ᠡᠪᠡᠰᠦ ᠨᠣᠭᠤᠭᠠᠷᠠᠬᠤ ᠬᠤᠭᠤᠴᠠᠭᠠᠨ ᠳᠤ ᠪᠡᠯᠴᠢᠭᠡᠷ ᠰᠡᠷᠬᠦᠬᠡᠬᠦ ᠶᠢ ᠬᠡᠷᠡᠭᠵᠢᠭᠦᠯᠦᠭᠰᠡᠨ ᠠᠴᠠ ᠮᠠᠯᠴᠢᠳ ᠤᠨ ᠬᠠᠪᠤᠷ ᠤᠨ ᠤᠯᠠᠷᠢᠯ ᠤᠨ ᠪᠡᠯᠴᠢᠭᠡᠷ ᠰᠡᠷᠬᠦᠬᠡᠬᠦ ᠲᠤᠬᠠᠶ ᠲᠠᠨᠢᠯᠲᠠ ᠤᠯᠠᠮ ᠨᠢᠭᠡ ᠠᠯᠬᠤᠮ ᠳᠡᠭᠡᠭᠰᠢᠯᠡᠵᠦ᠂ ᠪᠡᠯᠴᠢᠭᠡᠷ ᠰᠡᠷᠬᠦᠬᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠨᠢ ᠪᠡᠯᠴᠢᠭᠡᠷ ᠡᠪᠡᠰᠦ ᠶᠢᠨ ᠤᠷᠭᠤᠯᠲᠠ ᠪᠠ ᠰᠡᠷᠭᠦᠭᠡᠯᠲᠡ ᠳᠤ ᠮᠠᠰᠢ ᠠᠰᠢᠭᠲᠠᠶ ᠪᠠᠶᠢᠵᠦ᠂ ᠡᠭᠦᠨ ᠤ ᠬᠠᠮᠲᠤ ᠪᠠᠰᠠ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢᠨ ᠴᠢᠬᠤᠯᠠ ᠴᠢᠨᠠᠷ ᠢ ᠲᠠᠨᠢᠭᠤᠯᠵᠦ ᠴᠢᠳᠠᠵᠠᠢ ᠃    ᠪᠤᠱᠤᠤᠳᠠᠶ ᠰᠣᠮᠣᠨ ᠤ  ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ  ᠲᠣᠪᠴᠢᠶᠠᠨ ᠤ ᠬᠠᠤᠯᠢ ᠬᠡᠷᠡᠭᠵᠢᠭᠦᠯᠬᠦ ᠠᠵᠢᠯᠲᠠᠨ ᠪᠠᠶᠠᠮ᠎ᠠ᠄ ︽ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ  ᠲᠣᠪᠴᠢᠶᠠᠨ ᠤ ᠠᠵᠢᠯᠲᠠᠨ ᠪᠣᠯᠤᠭᠰᠠᠨ ᠤ ᠬᠤᠪᠢ ᠳᠤ᠂ ᠪᠢᠳᠡ ᠦᠷᠭᠦᠯᠵᠢᠯᠡᠨ ᠠᠵᠢᠯ ᠤᠨ ᠵᠠᠭᠪᠤᠷ ᠲᠤ ᠰᠢᠨ᠎ᠡ ᠶᠢ ᠡᠭᠦᠳᠴᠦ᠂ ᠡᠳᠦᠷ ᠢᠶᠠᠷ ᠲᠣᠭᠤᠷᠢᠨ ᠪᠠᠶᠢᠴᠠᠭᠠᠬᠤ + ᠰᠥᠨᠢ ᠪᠠᠷ ᠪᠠᠶᠢᠴᠠᠭᠠᠬᠤ ᠠᠷᠭ᠎ᠠ ᠮᠠᠶ᠋ᠢᠭ ᠢᠶᠠᠷ ᠮᠠᠯᠵᠢᠬᠤ ᠶᠢ ᠬᠤᠷᠢᠠᠠᠯᠠᠬᠤ ᠣᠷᠣᠨ ᠢ ᠲᠣᠭᠤᠷᠢᠨ ᠪᠠᠶᠢᠴᠠᠭᠠᠬᠤ ᠪᠠ ᠬᠢᠨᠠᠯᠲᠠ ᠲᠠᠯᠪᠢᠬᠤ ᠶᠢ  ᠴᠢᠩᠭᠠᠳᠬᠠᠨ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠡᠷᠦᠬᠡ ᠳᠤ ᠣᠷᠣᠵᠤ ᠰᠤᠷᠪᠤᠯᠵᠢᠯᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠠᠯᠪᠠᠨ ᠵᠠᠷ ᠨᠠᠭᠠᠬᠤ᠂ ᠵᠢᠷᠭᠢᠶ᠎ᠡ ᠶᠢᠨ ᠤᠯᠠᠨ ᠨᠡᠶᠢᠲᠡ ᠶᠢᠨ ᠳ᠋ᠤᠭᠠᠷ ᠢᠶᠠᠷ ᠮᠡᠳᠡᠭᠡ ᠵᠠᠩᠭᠢ ᠳᠠᠮᠵᠢᠭᠤᠯᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠮᠠᠯᠴᠢᠨ ᠲᠦᠮᠡᠨ ᠤ ᠲᠦᠷᠦ ᠶᠢᠨ ᠪᠤᠳᠤᠯᠭ᠎ᠠ ᠶᠢᠨ ᠲᠤᠬᠠᠢ ᠲᠠᠨᠢᠯᠲᠠ ᠶᠢ ᠳᠡᠭᠡᠭᠰᠢᠯᠡᠭᠦᠯᠵᠦ᠂ ᠠᠮᠢ ᠠᠬᠤᠢ ᠶᠢ ᠬᠠᠮᠠᠭᠠᠯᠠᠬᠤ ᠤᠬᠠᠮᠰᠠᠷ ᠢ  ᠲᠡᠭᠡᠭᠰᠢᠯᠡᠭᠦᠯᠵᠦ ᠪᠠᠶᠢᠨ᠎ᠠ︾ ᠬᠡᠯ᠎ᠡ᠃    ᠰᠢᠯᠣᠭᠤᠨ ᠬᠦᠬᠡ ᠬᠤᠰᠢᠭᠤ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠳᠤ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠲᠦᠯᠦᠪᠵᠢᠬᠦᠯᠬᠡ ᠪᠠ ᠬᠠᠮᠢᠶᠠᠷᠤᠯᠲᠠ ᠪᠠᠷ ᠳᠠᠮᠵᠢᠨ᠂ ᠮᠠᠯᠴᠢᠨ ᠲᠠᠷᠢᠶᠠᠴᠢᠨ ᠢ ᠬᠥᠲᠥᠯᠥᠨ ᠵᠢᠯᠣᠭᠤᠳᠴᠤ ᠪᠠᠶᠢᠭᠠᠳ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠵᠤ᠂ ᠮᠠᠯ ᠪᠡᠯᠴᠢᠭᠡᠷ ᠤᠨ ᠲᠡᠩᠴᠡᠭᠦᠷᠢ ᠪᠠ ᠪᠡᠯᠴᠢᠭᠡᠷᠯᠡᠭᠦᠯᠬᠦ ᠶᠢ  ᠬᠤᠷᠢᠠᠠᠯᠠᠵᠦ ᠰᠡᠯᠭᠦᠨ ᠮᠠᠯᠵᠢᠬᠤ ᠳᠦᠷᠢᠮ ᠢ ᠨᠠᠶᠢᠳᠠᠪᠣᠷᠢᠵᠢᠭᠤᠯᠬᠤ᠂ ᠮᠠᠯᠴᠢᠨ ᠲᠠᠷᠢᠶᠠᠴᠢᠨ ᠤ ᠤᠬᠠᠮᠰᠠᠷᠲᠤ ᠴᠢᠨᠠᠷ ᠪᠠ ᠬᠠᠷᠢᠭᠤᠴᠠᠯᠭᠠᠲᠤ ᠰᠡᠳᠬᠢᠯᠭᠡ ᠶᠢ ᠳᠡᠭᠡᠭᠰᠢᠯᠡᠭᠦᠯᠦᠨ᠂ ᠨᠤᠲᠤᠭ ᠪᠡᠯᠴᠢᠭᠡᠷ  ᠤᠨ ᠰᠡᠷᠭᠦᠭᠡᠯᠲᠡ ᠪᠠ ᠠᠮᠢ ᠠᠬᠤᠢ ᠶᠢᠨ ᠰᠢᠰᠲ᠋ᠧᠮ ᠤᠨ ᠡᠷᠡᠭᠦᠯ ᠢᠶᠠᠷ ᠬᠥᠭᠵᠢᠬᠦ ᠶᠢ  ᠠᠬᠢᠭᠤᠯᠬᠤ ᠪᠣᠯᠣᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号