ᠰᠢᠯᠤᠭᠤᠨ ᠬᠥᠬᠡ ᠬᠤᠰᠢᠭᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ  ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/12
        4 ᠰᠠᠷ᠎ᠠ ᠶᠢᠨ 11 ᠤ ᠡᠳᠦᠷ᠂ ᠰᠢᠯᠤᠭᠤᠨ ᠬᠥᠬᠡ ᠬᠤᠰᠢᠭᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ  ᠶᠢᠨ ᠢᠨᠵᠧᠨᠧᠷᠢᠩ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠼᠤᠤ ᠵᠧᠨ ᠢᠦ᠋ᠶ᠂  ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠸᠠᠩ ᠯᠢ ᠢᠦ᠋ᠶ ᠬᠤᠷᠠᠯ ᠳᠤ ᠣᠷᠣᠯᠴᠠᠵᠦ᠂ ᠵᠠᠰᠠᠭ ᠤᠨ ᠣᠷᠳᠣᠨ ᠤ ᠳᠡᠳ᠋  ᠬᠤᠰᠢᠭᠤ  ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠵᠠᠩ ᠵᠢᠶᠧ ᠬᠤᠷᠠᠯ ᠢ ᠡᠷᠭᠢᠯᠡᠪᠡ᠃      ᠬᠤᠷᠠᠯ ᠠᠴᠠ ᠰᠢᠯᠤᠭᠤᠨ ᠬᠥᠬᠡ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠵᠦ᠂ ︽ᠰᠢᠯᠤᠭᠤᠨ ᠬᠥᠬᠡ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠦᠯ︾ ᠳᠤ ᠲᠠᠶᠢᠯᠤᠮᠵᠢ ᠬᠢᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠪᠠ ᠬᠠᠤᠯᠢ ᠴᠠᠭᠠᠵᠠ ᠵᠢᠨ‌ᠢᠲᠡᠭᠡᠮᠵᠢ ᠵᠡᠷᠭᠡ ᠳᠥᠷᠪᠡᠨ ᠲᠤᠰᠬᠠᠶ ᠳᠤᠭᠤᠶᠢᠯᠠᠩ  ᠤᠨ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠣᠳᠣᠬᠠᠨ ᠳᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠨᠢᠭᠡᠨᠲᠡ ᠡᠬᠢᠯᠡᠵᠦ᠂ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ  ᠶᠢᠨ ᠠᠵᠢᠯ ᠤᠨ ᠱᠠᠭᠠᠷᠳᠠᠯᠭ᠎ᠠ ᠶᠢ ᠦᠨᠡᠨ ᠬᠦ ᠰᠠᠶᠢᠲᠤᠷ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠭᠦᠶᠴᠡᠳᠬᠡᠬᠦ ᠶᠢ ᠪᠡᠶᠡᠯᠡᠭᠦᠯᠵᠦ᠂   ᠡᠯ᠎ᠡ ᠵᠦᠶᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ  ᠪᠠᠳᠣᠯᠠᠨ᠂ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠬᠠᠷᠢᠯᠴᠠᠨ ᠬᠠᠮᠵᠢᠯᠴᠠᠬᠤ ᠶᠢ  ᠴᠢᠬᠤᠯᠠᠴᠢᠯᠠᠨ᠂ ᠵᠠᠰᠠᠭ ᠤᠨ ᠶᠠᠪᠤᠳᠠᠯ᠂ ᠬᠤᠳᠠᠯᠳᠤᠭᠠᠨ ᠤ ᠶᠠᠪᠤᠳᠠᠯ᠂ ᠨᠡᠶᠢᠭᠡᠮ᠂ ᠬᠠᠤᠯᠢ ᠴᠠᠭᠠᠵᠠ ᠵᠡᠷᠭᠡ ᠬᠦᠷᠢᠶᠡᠨ ᠤ ᠠᠵᠢᠯ ᠢ ᠨᠢᠭᠡ ᠴᠤᠬᠴᠠᠵᠢᠭᠤᠯᠤᠨ ᠠᠬᠢᠭᠤᠯᠵᠦ᠂ ᠲᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠭᠠᠵᠠᠷ ᠣᠷᠣᠨ ᠤ ᠲᠡᠷᠢᠭᠦᠨ ᠤ ᠲᠤᠷᠰᠢᠯᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠪᠥᠬᠦ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠢᠰᠲ᠋ᠧᠮ ᠲᠠᠢ ᠪᠦᠷᠢᠨ ᠲᠡᠭᠦᠯᠳᠡᠷ  ᠢᠲᠡᠭᠡᠮᠵᠢ ᠶᠢᠨ ᠲᠦᠷᠢᠮ ᠤᠨ ᠬᠡᠯᠬᠢᠶ᠎ᠡ ᠶᠢ ᠪᠦᠷᠢᠯᠳᠦᠬᠦᠯᠵᠦ ᠂ ︽ᠰᠠᠷ᠎ᠠ ᠳᠤ ᠲᠣᠬᠢᠷᠠᠭᠤᠯᠤᠯᠲᠠ ᠬᠢᠵᠦ ᠂ ᠰᠠᠷ᠎ᠠ ᠳᠤ ᠵᠠᠷᠯᠠᠨ ᠮᠡᠳᠡᠭᠳᠡᠬᠦ ︾ ᠠᠵᠢᠯ ᠤᠨ ᠱᠠᠭᠠᠷᠳᠠᠯᠭ᠎ᠠ ᠶᠣᠰᠣᠭᠠᠷ᠂  ᠵᠠᠭᠤᠴᠢᠯᠠᠭᠤᠷ ᠤᠨ ᠤᠬᠠᠭᠤᠯᠵᠤ ᠬᠥᠲᠥᠯᠥᠨ ᠵᠢᠯᠣᠭᠤᠳᠬᠤ ᠪᠠ ᠤᠯᠠᠮᠵᠢᠯᠠᠨ  ᠳᠡᠯᠭᠡᠷᠡᠭᠦᠯᠬᠦ ᠦᠶᠯᠡᠳᠦᠯ ᠢ ᠭᠦᠶᠴᠡᠳ ᠪᠠᠳᠠᠷᠠᠭᠤᠯᠤᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢᠨ ᠬᠢᠯᠠᠰ ᠴᠡᠭ᠂ ᠲᠤᠷᠰᠢᠯᠭ᠎ᠠ ᠠᠷᠭ᠎ᠠ ᠪᠠᠷᠢᠯ  ᠢ ᠣᠬᠠᠭᠤᠯᠣᠨ᠂ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠬᠤ ᠪᠣᠯᠤᠨ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠴᠣᠭᠴᠠᠯᠠᠬᠤ ᠶᠢ ᠨᠢᠭᠡ ᠴᠤᠬᠴᠠᠵᠢᠭᠤᠯᠤᠨ‌ᠠᠬᠢᠭᠤᠯᠬᠤ ᠬᠡᠷᠡᠭᠲᠡᠢ ᠭᠡᠯ᠎ᠠ ᠃       ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠭᠤᠤᠯ ᠬᠠᠷᠢᠭᠤᠴᠠᠯᠭᠠᠲᠠᠨ᠂ ᠬᠤᠰᠢᠭᠤ ᠢᠳᠡᠬᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠤᠨ ᠲᠤᠰᠬᠠᠶ ᠠᠩᠭᠢ᠂ ᠵᠠᠰᠠᠭ ᠤᠨ ᠶᠠᠪᠤᠳᠠᠯ ᠤᠨ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠢᠲᠡᠭᠡᠮᠵᠢ᠂ ᠨᠡᠶᠢᠭᠡᠮ ᠤᠨ ᠢᠲᠡᠭᠡᠮᠵᠢ ᠶᠢᠨ ᠬᠦᠷᠢᠶᠡᠨ ᠳᠠᠬᠢ ᠲᠤᠰᠬᠠᠶ ᠳᠤᠭᠤᠶᠢᠯᠠᠩ ᠤᠨ ᠭᠡᠰᠢᠭᠦᠨ ᠵᠢᠴᠢ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号