ᠯᠢᠦ ᠰᠢᠶᠤᠤ ᠮᠢᠨ ᠡᠯ᠎ᠡ ᠰᠤᠷᠭᠠᠭᠤᠯᠢ ᠳᠤ ᠬᠦᠷᠴᠦ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ  ᠳᠤ ᠪᠠᠶᠢᠴᠠᠭᠠᠯᠳᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/4/12
          4 ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠯᠢᠦ ᠰᠢᠶᠤᠤ ᠮᠢᠨ ᠤᠷᠢᠳ ᠬᠤᠵᠢᠳ‌ᠬᠤᠰᠢᠭᠤ ᠭᠤᠷᠪᠠᠳᠤᠭᠠᠷ ᠬᠡᠦᠬᠡᠳ ᠤᠨ ᠴᠡᠴᠡᠷᠯᠢᠭ᠂ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠬᠦᠷᠴᠦ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ᠂  ᠰᠤᠷᠤᠠᠠᠴᠢᠥᠨ ᠤᠨ ᠠᠮᠤᠷ ᠲᠥᠪᠰᠢᠨ ᠤ ᠬᠥᠮᠥᠵᠢᠯ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠯᠳᠠ ᠬᠢᠪᠡ᠃       ᠯᠢᠦ ᠰᠢᠶᠤᠤ ᠮᠢᠨ ᠡᠯ᠎ᠡ ᠰᠤᠷᠭᠠᠭᠤᠯᠢ ( ᠴᠡᠴᠡᠷᠯᠢᠭ ) ᠶᠢᠨ ᠵᠢᠭᠠᠨ ᠰᠤᠷᠭᠠᠯᠲᠠ ᠶᠢᠨ ᠠᠰᠠᠷ᠂ ᠬᠤᠭᠤᠯᠠᠨ ᠭᠡᠷ᠂ ᠰᠤᠷᠭᠠᠭᠤᠯᠢ ᠶᠢᠨ ᠬᠦᠷᠢᠶᠡᠨ ᠤ ᠳᠣᠲᠣᠨ᠎ᠠ ᠭᠠᠳᠠᠨᠠᠬᠢ ᠭᠤᠣᠯᠳᠠᠯᠭ᠎ᠠ ᠲᠠᠢ ᠲᠠᠯᠠᠪᠤᠷ ᠂ ᠰᠤᠷᠭᠠᠭᠤᠯᠢ ᠶᠢᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠠᠪᠤᠴᠠ ᠳᠠᠬᠢ ᠬᠢᠴᠢᠶᠡᠯ ᠤᠨ ᠬᠡᠷᠡᠭᠵᠢᠭᠦᠯᠦᠯᠲᠡ᠂ ᠡᠩᠨᠡᠭᠡᠨ ᠤ ᠪᠠᠶᠢᠭᠤᠯᠤᠯᠲᠠ᠂ ᠪᠠᠭᠰᠢ ᠶᠢᠨ ᠪᠣᠯᠪᠠᠰᠤᠷᠠᠯ᠂ ᠵᠢᠭᠠᠬᠤ ᠮᠠᠲ᠋ᠧᠷᠢᠶᠠᠯ ᠢ ᠬᠡᠷᠡᠭᠯᠡᠬᠦ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠣᠯᠤᠨ ᠬᠡᠷᠡᠭᠴᠡᠭᠡ ᠱᠠᠭᠠᠷᠳᠠᠯᠭ᠎ᠠ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ ᠵᠡᠷᠭᠡ‌ᠠᠵᠢᠯ ᠢ ᠪᠥᠬᠦ ᠲᠠᠯ᠎ᠠ ᠪᠠᠷ ᠪᠠᠶᠢᠴᠠᠭᠠᠨ ᠦᠵᠡᠵᠤ ᠨᠠᠷᠢᠨ ᠤᠶᠢᠯᠠᠭᠠᠠᠠᠰᠠᠠ ᠤ ᠬᠠᠮᠳᠤ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠣᠷᠣᠰᠢᠵᠤ ᠪᠠᠶᠢᠭ᠎ᠠ ᠬᠦᠴᠢᠷ ᠠᠰᠠᠭᠤᠳᠠᠯ ᠤᠨ ᠲᠣᠭᠤᠷᠢᠨ ᠳᠤ ᠬᠡᠰᠡᠭ ᠪᠠᠭᠰᠢ ᠠᠵᠢᠯᠲᠠᠨ  ᠲᠠᠢ ᠰᠠᠨᠠᠯ ᠢᠶᠠᠨ ᠰᠣᠯᠢᠯᠴᠠᠪᠠ᠃      ᠯᠢᠦ ᠰᠢᠶᠤᠤ ᠮᠢᠨ ᠴᠢᠬᠤᠯᠠᠴᠢᠯᠬᠠᠰᠠᠨ ᠨᠢ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢᠨ ᠤᠯᠤᠰ ᠲᠦᠷᠦ ᠶᠢᠨ ᠬᠡᠪ ᠴᠢᠨᠠᠷ ᠪᠣᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ  ᠲᠡᠭᠡᠭᠰᠢᠯᠡᠬᠦᠯᠦᠨ᠂ ᠵᠢᠭᠠᠨ ᠰᠤᠷᠭᠠᠯᠲᠠ ᠶᠢᠨ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠵᠢᠭᠠᠨ ᠰᠤᠷᠭᠠᠯᠲᠠ ᠶᠢᠨ ᠠᠷᠭ᠎ᠠ ᠬᠡᠯᠪᠡᠷᠢ ᠶᠢᠨ ᠰᠢᠨ᠎ᠡ ᠶᠢ  ᠡᠬᠦᠳᠦᠨ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ ᠵᠡᠷᠭᠡ ᠠᠵᠢᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠳᠤᠮᠳᠠ ᠨᠠᠩ ᠰᠠᠶᠢᠲᠤᠷ ᠠᠭᠤᠰᠣᠯᠴᠠᠭᠤᠯᠣᠨ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠰᠤᠷᠭᠠᠭᠤᠯᠢ ᠶᠢᠨ ᠬᠦᠷᠢᠶᠡᠨ  ᠳᠤ ᠣᠷᠣᠭᠤᠯᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂  ᠪᠠᠭᠰᠢ ᠰᠤᠷᠤᠭᠴᠢᠳ ᠤᠨ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ ᠢ ᠠᠬᠢᠭᠤᠯᠵᠤ᠂ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠬᠡᠷᠡᠭᠲᠡᠢ  ᠬᠡᠯ᠎ᠡ᠃      ᠯᠢᠦ ᠰᠢᠶᠤᠤ ᠮᠢᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠴᠢᠩᠭᠠᠥᠠᠬᠠᠵᠤ᠂ ᠪᠠᠭᠰᠢ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠯᠠᠮᠵᠢᠯᠠᠨ ᠬᠠᠶᠢᠷᠠᠯᠠᠵᠤ᠂ ᠰᠤᠷᠭᠠᠭᠤᠯᠢ ᠶᠢᠨ ᠬᠦᠷᠢᠶᠡᠨ  ᠤ ᠠᠮᠤᠷ ᠲᠦᠪᠰᠢᠨ ᠤ ᠬᠠᠮᠠᠭᠠᠯᠠᠯᠲᠠ ᠶᠢᠨ ᠰᠢᠰᠲ᠋ᠧᠮ ᠢ ᠲᠠᠰᠤᠷᠠᠯᠲᠠ ᠥᠬᠡᠶ ᠪᠦᠷᠢᠨᠰᠢᠬᠦᠯᠤᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠰᠤᠷᠭᠠᠭᠤᠯᠢ ᠶᠢᠨ ᠲᠥᠬᠦᠭᠡᠷᠦᠮᠵᠢ ᠶᠢᠨ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠡᠳᠦᠷ ᠲᠤᠲᠤᠮ ᠤᠨ ᠰᠡᠷᠭᠡᠶᠢᠯᠡᠯᠲᠡ ᠶᠢᠨ ᠠᠵᠢᠯ ᠢ ᠴᠢᠩᠭ᠎ᠠ ᠨᠠᠷᠢᠯᠢᠭ ᠰᠠᠶᠢᠲᠤᠷ ᠠᠳᠬᠤᠵᠤ᠂ ᠰᠤᠷᠭᠠᠭᠤᠯᠢ ᠶᠢᠨ ᠬᠦᠷᠢᠶ᠎ᠡ ᠪᠣᠯᠤᠨ ᠨᠡᠶᠢᠭᠡᠮ ᠤᠨ ᠠᠮᠤᠷ ᠲᠦᠪᠰᠢᠨ ᠤ ᠲᠣᠭᠲᠠᠭᠤᠨ ᠢ ᠦᠨᠡᠨᠬᠦ ᠪᠠᠳᠣᠯᠠᠨ᠂ ᠡᠯ᠎ᠡ ᠰᠤᠷᠭᠠᠭᠤᠯᠢ ᠶᠢᠨ ᠬᠢᠨ ᠴᠢᠬᠤᠯᠠᠴᠢᠯᠠᠬᠤ ᠬᠡᠮᠵᠢᠶ᠎ᠡ ᠪᠣᠯᠤᠨ ᠬᠢᠨᠠᠨ ᠬᠠᠮᠢᠶᠠᠷᠬᠤ ᠡᠷᠴᠢᠮ ᠢᠶᠠᠨ ᠳᠡᠭᠡᠭᠰᠢᠯᠡᠭᠦᠯᠵᠦ᠂ ᠰᠡᠷᠭᠡᠶᠢᠯᠡᠨ ᠡᠵᠡᠮᠳᠡᠬᠦ ᠠᠵᠢᠯ ᠤᠨ ᠲᠣᠭᠲᠠᠴᠠ ᠪᠠᠨ ᠪᠦᠷᠢᠨᠰᠢᠬᠦᠯᠤᠨ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ ᠲᠤᠰᠬᠠᠶ ᠰᠡᠳᠦᠪᠲᠦ ᠬᠥᠮᠦᠵᠢᠯ ᠢ ᠣᠯᠠᠨ ᠬᠡᠯᠪᠡᠷᠢ ᠪᠠᠷ ᠥᠷᠨᠢᠭᠦᠯᠵᠦ᠂ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢᠵᠢᠯ ᠤᠨ ᠤᠬᠠᠮᠰᠠᠷ ᠢ ᠨᠢ ᠴᠢᠩᠭᠠᠳᠬᠠᠨ᠂ ᠰᠠᠶᠢᠨ ᠰᠠᠶᠢᠬᠠᠨ ᠦᠵᠡᠯ ᠰᠠᠨᠠᠭ᠎ᠠ ᠶᠣᠰᠣ ᠰᠤᠷᠲᠠᠬᠤᠨ ᠪᠣᠯᠤᠨ ᠦᠶᠯᠡ ᠠᠵᠢᠯᠯᠠᠭ᠎ᠠ ᠶᠢᠨ ᠳᠠᠳᠬᠠᠯ ᠲᠠᠢ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ ᠵᠠᠰᠠᠯᠲᠠ ᠶᠢᠨ ᠡᠯ᠎ᠡ ᠵᠦᠶᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠨᠠᠰᠤᠨ ᠳᠤ ᠥᠯᠥ ᠬᠦᠷᠦᠭᠰᠡᠳ ᠤᠨ ᠠᠮᠤᠷ ᠠᠮᠤᠭᠤᠯᠠᠩ‌ᠡᠷᠡᠭᠦᠯ ᠢᠶᠠᠷ ᠦᠰᠦᠨ ᠪᠣᠶᠢᠵᠢᠬᠤ ᠶᠢ ᠬᠠᠮᠠᠭᠠᠯᠠᠬᠤ ᠳᠤ ᠦᠨᠡᠨ ᠬᠦ ᠰᠠᠶᠢᠨ ᠰᠠᠶᠢᠬᠠᠨ ᠣᠷᠴᠢᠨ ᠲᠣᠭᠤᠷᠢᠨ ᠬᠠᠩᠭᠠᠬᠤ ᠬᠡᠷᠡᠭᠲᠡᠶ ᠭᠡᠵᠦ  ᠱᠠᠭᠠᠷᠳ᠋ᠬᠠᠰᠠᠨ ᠪᠠᠶᠢᠨ᠎ᠠ᠃     ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠰᠤᠷᠭᠠᠨ ᠬᠥᠮᠦᠵᠢᠯ ᠤᠨ  ᠲᠣᠪᠴᠢᠶᠠᠨ ᠤ  ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号