ᠰᠠᠩ ᠤᠨ ᠳᠠᠯᠠᠢ ᠰᠤᠷᠭᠠᠭᠤᠯᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠎ ᠢ ᠪᠠᠲᠤ ᠴᠣᠭᠴᠠᠯᠠᠬᠤ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠵᠤ ᠪᠤᠢ
ᠨᠡᠶᠢᠲᠡᠯᠡᠭᠰᠡᠨ ᠴᠠᠭ᠄
2024/4/15
      ᠰᠠᠩ ᠤᠨ ᠳᠠᠯᠠᠢ ᠰᠤᠷᠭᠠᠭᠤᠯᠢ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ᠂ ᠡᠯ᠎ᠡ ᠭᠤᠭᠴᠤᠭ᠎ᠠ ᠳᠤ ᠠᠭᠤᠰᠤᠯᠴᠠᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠠᠬᠢᠭᠤᠯᠤᠨ᠂ ︽ᠭᠠᠷ ᠬᠤᠯᠪᠤᠯᠴᠠᠨ︾ ᠬᠠᠪᠰᠤᠷᠤᠯᠴᠠᠵᠤ ᠬᠠᠮᠲᠤ ᠪᠠᠷ ᠪᠦᠲᠦᠭᠡᠭᠦ ᠠᠵᠢᠯᠯᠠᠭ᠎ᠠ ᠶᠢᠨ ᠰᠢᠨ᠎ᠡ ᠶᠢ ᠡᠭᠦᠳᠦᠨ᠂ ︽ᠭᠤᠷᠪᠠᠨ ᠰᠠᠯᠵᠤ ᠴᠢᠳᠠᠬᠤ ᠦᠭᠡᠢ︾ ᠦᠵᠡᠯ ᠰᠠᠨᠠᠭ᠎ᠠ᠂ ︽ᠲᠠᠪᠤᠨ ᠬᠠᠮᠲᠤ ᠶᠢᠨ ᠲᠠᠨᠢᠯᠲᠠ︾ ᠪᠠ ︽ᠲᠦᠷᠪᠡ ᠶᠢ ᠬᠠᠮᠲᠤ ᠪᠠᠷ ᠡᠳ᠋ᠯᠡᠬᠦ︾ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠡᠯ᠎ᠡ ᠦᠨᠳᠦᠰᠦᠲᠡᠨ ᠤ ᠪᠠᠭᠰᠢ ᠰᠤᠷᠤᠭᠴᠢᠳ ᠤᠨ ᠰᠡᠳᠬᠢᠯ ᠳᠤ ᠬᠠᠳᠠᠩᠰᠢᠭᠤᠯᠵᠤ᠂ ᠤᠷᠢᠳ ᠬᠤᠵᠢᠳ ︽ᠰᠢᠯᠢ ᠶᠢᠨ ᠭᠤᠤᠯ ᠠᠶᠢᠮᠠᠭ ᠤᠨ ᠣᠳᠣᠬᠢᠴᠢᠯᠠᠭᠰᠠᠨ ᠪᠠᠷᠢᠮᠵᠢᠶᠠᠲᠤ ᠰᠤᠷᠭᠠᠭᠤᠯᠢ︾ ︽ᠠᠯᠪᠠᠨ ᠵᠢᠷᠤᠮ ᠎ ᠤᠨ ᠰᠤᠷᠭᠠᠨ ᠬᠥᠮᠦᠵᠢᠯ ᠤᠨ ᠳᠠᠭᠤᠷᠢᠶᠠᠯ ᠰᠤᠷᠭᠠᠭᠤᠯᠢ︾ ︽ᠪᠣᠯᠪᠠᠰᠤᠨ ᠰᠤᠷᠭᠠᠭᠤᠯᠢ︾ ᠵᠡᠷᠭᠡ ᠣᠯᠠᠨ ᠢᠷᠠᠭᠤ ᠠᠯᠳᠠᠷ ᠢ ᠬᠦᠷᠳᠡᠭᠰᠡᠨ ᠪᠠᠶᠢᠨ᠎ᠠ᠃     ᠤᠶᠢᠷ᠎ᠠ ᠶᠢᠨ ᠡᠳᠦᠷ ᠰᠢᠯᠤᠭᠤᠨ ᠬᠦᠬᠡ ᠬᠤᠰᠢᠭᠤᠨ ᠤ ᠰᠠᠩ ᠤᠨ ᠲᠠᠯᠠᠢ ᠰᠤᠷᠭᠠᠭᠤᠯᠢ ᠬᠤᠪᠢᠰᠬᠠᠯ ᠤᠨ ᠰᠡᠳᠦᠪᠳᠤ ᠤᠷᠠᠨ ᠪᠢᠴᠢᠯᠭᠡ ᠤᠷᠠᠨ ᠵᠢᠷᠤᠭ ᠤᠨ ᠦᠵᠡᠭᠦᠯᠭᠡ ᠶᠢᠨ ᠠᠵᠢᠯᠯᠠᠭ᠎ᠠ ᠦᠷᠨᠢᠬᠦᠯᠵᠦ᠂ ᠬᠡᠦᠬᠡᠳ ᠤᠳ ᠪᠠᠭᠰᠢ ᠶᠢᠨ ᠵᠢᠯᠤᠭᠤᠳᠤᠯᠭ᠎ᠠ ᠪᠠ ᠬᠠᠪᠰᠤᠷᠤᠯᠭ᠎ᠠ ᠳᠣᠣᠷ᠎ᠠ ᠰᠢᠨ᠎ᠡ ᠴᠠᠭ ᠦᠶ᠎ᠡ᠂ ᠦᠨᠳᠦᠰᠦᠳᠡᠨ ᠤ ᠪᠦᠯᠬᠦᠮᠳᠡᠯ ᠤᠨ ᠠᠭᠤᠯᠭ᠎ᠠ ᠪᠦᠬᠦᠢ ᠭᠤᠶᠤ ᠰᠠᠶᠢᠬᠠᠨ ᠵᠢᠷᠤᠭ ᠪᠦᠲᠦᠭᠡᠯ ᠢᠶᠠᠨ ᠰᠡᠳᠬᠢᠯ ᠳᠠᠯᠪᠢᠨ ᠵᠢᠷᠤᠭᠯᠠᠵᠤ ᠪᠠᠶᠢᠯ᠎ᠠ᠃ ᠣᠶᠢᠷ᠎ᠠ ᠶᠢᠨ ᠵᠢᠯ᠂ ᠰᠠᠩ ᠤᠨ ᠳᠠᠯᠠᠢ ᠰᠤᠷᠭᠠᠭᠤᠯᠢ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠤᠨ᠂ ᠪᠠᠶᠢᠭᠤᠯᠤᠯ ᠤᠨ ᠲᠤᠭᠳᠠᠯᠴᠠᠭ᠎ᠠ ᠶᠢ ᠪᠦᠷᠢᠨᠰᠢᠭᠦᠯᠵᠦ᠂ ᠬᠠᠮᠢᠶ᠎ᠠ ᠲᠠᠢ ᠲᠥᠰᠦᠯ ᠲᠣᠭᠲᠠᠭᠠᠨ᠂ ᠬᠠᠷᠠᠯᠲᠠ ᠪᠠᠨ ᠲᠣᠳᠣᠷᠬᠠᠶᠢᠯᠠᠵᠤ᠂ ᠡᠭᠦᠳᠦᠨ ᠪᠠᠶᠢᠭᠤᠯᠬᠤ ᠠᠵᠢᠯ ᠢ ᠳᠥᠯᠭᠢᠨ ᠠᠬᠢᠭᠤᠯᠵᠠᠢ᠃ ᠨᠠᠮ ᠤᠨ ᠰᠤᠷᠭᠠᠭᠤᠯᠢ ᠶᠢᠨ ᠫᠷᠤᠹᠧᠰᠰᠤᠷ ᠢ ᠤᠷᠢᠵᠤ ᠲᠤᠰᠬᠠᠢ ᠰᠡᠳᠦᠪᠲᠦ ᠲᠠᠶᠢᠯᠤᠮᠵᠢ ᠬᠢᠯᠭᠡᠭᠦ᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠬᠦᠯᠬᠦ᠂ ︽ᠭᠤᠷᠪᠠᠨ ᠬᠤᠷᠠᠯ ᠨᠢᠭᠡ ᠬᠢᠴᠢᠶᠡᠯ︾᠂ ᠲᠥᠪᠯᠡᠷᠡᠭᠦᠯᠦᠨ ᠰᠤᠷᠤᠯᠴᠠᠬᠤ᠂ ᠲᠤᠰᠬᠠᠢ ᠰᠡᠳᠦᠪᠲᠦ ᠪᠣᠯᠪᠠᠰᠤᠷᠠᠯ ᠬᠦᠷᠲᠡᠭᠡᠬᠦ ᠵᠡᠷᠭᠡ ᠬᠡᠯᠪᠡᠷᠢ ᠪᠠᠷ ᠡᠯ᠎ᠡ ᠦᠨᠳᠦᠰᠦᠳᠡᠨ ᠤ ᠪᠠᠭᠰᠢ ᠨᠠᠷ ᠢ ᠵᠣᠬᠢᠶᠠᠨ ᠪᠠᠶᠢᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢᠴᠢ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠭᠤᠯᠵᠤ᠂ ᠪᠠᠭᠰᠢ ᠠᠵᠢᠯᠳᠠᠳ ᠤᠨ ᠳᠤᠮᠳᠠᠳᠤ ᠎ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠦᠵᠡᠯ ᠰᠠᠨᠠᠭ᠎ᠠ ᠤᠨᠤᠯ ᠤᠨ ᠰᠠᠭᠤᠷᠢ ᠶᠢ ᠪᠠᠳᠤᠳᠬᠠᠭᠰᠠᠨ ᠪᠠᠶᠢᠨ᠎ᠠ᠃     ᠰᠠᠩ ᠤᠨ ᠳᠠᠯᠠᠢ ᠰᠤᠷᠭᠠᠭᠤᠯᠢ ᠶᠢᠨ ᠵᠠᠬᠢᠷᠤᠯ ᠪᠦᠷᠢᠨᠪᠠᠶᠠᠷ ᠬᠡᠯᠡᠬᠦ ᠳᠡᠭᠡᠨ᠄ ᠮᠠᠨ ᠤ ᠰᠤᠷᠭᠠᠭᠤᠯᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠠᠵᠢᠯᠯᠠᠭ᠎ᠠ ᠪᠠᠷ ᠭᠠᠷᠳᠠᠴᠠ ᠪᠤᠯᠭᠠᠨ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠦ᠂ ᠳᠤᠮᠳᠠᠳᠤ ᠶᠢᠨ ᠬᠦᠰᠡᠯ ᠵᠡᠭᠦᠳᠦ ᠶᠢ ᠬᠠᠮᠳᠤ ᠪᠠᠷ ᠳᠡᠷᠭᠡᠯᠰᠢᠬᠦᠯᠬᠦ︾ ᠡᠬᠡ ᠪᠢᠴᠢᠭ ᠡᠯᠰᠡᠬᠦ ᠤᠷᠤᠯᠳᠤᠭᠠᠨ᠂ ᠤᠷᠠᠨ ᠪᠢᠴᠢᠯᠭᠡ ᠤᠷᠠᠨ ᠵᠢᠷᠤᠭ ᠎ ᠤᠨ ᠤᠷᠤᠯᠳᠤᠭᠠᠨ᠂ ᠶᠠᠷᠢᠶ᠎ᠠ ᠢᠯᠡᠳᠬᠡᠯ ᠤᠨ ᠤᠷᠤᠯᠳᠤᠭᠠᠨ ᠵᠢᠴᠢ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠎ ᠶᠢᠨ ᠦᠯᠢᠭᠡᠷ ᠢ ᠶᠠᠷᠢᠬᠤ︾ ᠭᠤᠤᠯ ᠰᠡᠳᠦᠪᠲᠦ ᠠᠩᠭᠢ ᠶᠢᠨ ᠬᠤᠷᠠᠯ ᠵᠡᠷᠭᠡ ᠶᠢ ᠵᠤᠬᠢᠶᠠᠨ ᠪᠠᠶᠢᠭᠤᠯᠵᠤ ᠦᠷᠨᠢᠬᠦᠯᠬᠦ ᠎ ᠠᠴᠠ ᠭᠠᠳᠠᠨ᠎ᠠ ᠰᠠᠷ᠎ᠠ ᠪᠦᠷᠢ ᠪᠦᠬᠦ ᠰᠤᠷᠤᠭᠴᠢᠳ ᠤᠨ ᠳᠤᠮᠳᠠ ︽ᠨᠤᠮ ᠤᠨ ᠬᠤᠷ᠎ᠠ ᠪᠠᠷ ᠤᠮᠳᠠᠯᠠᠵᠤ᠂ ᠦᠰᠦᠨ ᠪᠣᠶᠢᠵᠢᠯᠲᠠ ᠳᠤ ᠲᠤᠰᠠᠯᠠᠬᠤ︾ ᠤᠩᠰᠢᠯᠭ᠎ᠠ ᠶᠢᠨ ᠠᠵᠢᠯᠯᠠᠭ᠎ᠠ᠂ ᠬᠡᠯᠡ ᠪᠢᠴᠢᠭ ᠤᠨ ᠰᠣᠨᠣᠰᠴᠤ ᠪᠢᠴᠢᠬᠦ ᠤᠷᠤᠯᠳᠤᠭᠠᠨ᠂ ᠤᠷᠠᠨ ᠪᠢᠴᠢᠯᠭᠡ ᠶᠢᠨ ᠤᠷᠤᠯᠳᠤᠭᠠᠨ᠂ ︽ᠤᠯᠠᠭᠠᠨ ᠪᠦᠴᠡᠳᠡᠨ ᠨᠠᠮ ᠢᠶᠠᠨ ᠳᠠᠭᠠᠬᠤ︾ ᠡᠬᠡ ᠤᠯᠤᠰ ᠢᠶᠠᠨ ᠮᠠᠭᠲᠠᠨ ᠳᠠᠭᠤᠯᠠᠬᠤ ᠠᠵᠢᠯᠯᠠᠭ᠎ᠠ ᠶᠢ ᠦᠷᠨᠢᠬᠦᠯᠦᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠬᠦᠨᠵᠡᠭᠡᠶᠢᠷᠡᠭᠦᠯᠦᠭᠰᠡᠨ ᠪᠠᠶᠢᠨ᠎ᠠ︾ ᠭᠡᠯ᠎ᠡ᠃     ᠰᠠᠩ ᠤᠨ ᠲᠡᠯᠡᠶ ᠰᠤᠷᠭᠠᠭᠤᠯᠢ ᠨᠢ ᠬᠠᠪᠢᠷᠭ᠎ᠠ ᠪᠠᠭ᠎ᠠ ᠰᠤᠷᠭᠠᠭᠤᠯᠢ ᠲᠠᠢ ︽ᠬᠠᠷᠢᠯᠴᠠᠨ ᠬᠠᠪᠰᠤᠷᠤᠯᠴᠠᠵᠤ ᠬᠠᠮᠳᠤ ᠪᠠᠷ ᠪᠠᠶᠢᠭᠤᠯᠬᠤ︾᠎ ᠶᠢ ᠴᠢᠩᠭᠠᠳᠬᠠᠵᠤ᠂ ᠬᠤᠶᠠᠷ ᠰᠤᠷᠭᠠᠭᠤᠯᠢ ᠶᠢᠨ ᠡᠯ᠎ᠡ ᠦᠨᠳᠦᠰᠦᠳᠡᠨ ᠤ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠵᠤ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠵᠢᠭᠠᠪᠤᠷᠢ ᠶᠢ ᠰᠤᠨᠤᠰᠤᠨ᠂ ᠨᠠᠮ ᠢᠶᠠᠨ ᠳᠠᠭᠠᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠤᠷᠰᠢᠯᠭ᠎ᠠ ᠰᠤᠯᠢᠯᠴᠠᠬᠤ᠂ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠣᠲᠣᠨᠣ︾ ᠥᠲᠥᠨ ᠪᠥᠮᠪᠦᠭᠡ ᠶᠢᠨ ᠤᠷᠤᠯᠳᠤᠭᠠᠨ ᠂ ︽ᠦᠨᠳᠦᠰᠦᠲᠡᠨ ᠤ ᠪᠦᠯᠬᠦᠮᠳᠡᠯ ᠤᠨ ᠰᠡᠳᠦᠪᠳᠤ ᠤᠷᠠᠨ ᠵᠢᠷᠤᠭ ᠤᠨ ᠠᠵᠢᠯᠯᠠᠭ᠎ᠠ︾᠂ ︽ᠨᠥᠬᠦᠷᠯᠡᠯ ᠢᠶᠠᠨ ᠬᠦᠨᠵᠡᠭᠡᠶᠢᠷᠡᠬᠦᠯᠬᠦ︾ ᠬᠥᠳᠡᠯᠮᠦᠷᠢ ᠶᠢᠨ ᠬᠢᠴᠢᠶᠡᠯ ᠵᠡᠷᠭᠡ ᠡᠯᠪᠡᠭ ᠪᠠᠶᠠᠯᠢᠭ ᠠᠵᠢᠯᠯᠠᠭ᠎ᠠ ᠶᠢ ᠥᠷᠨᠢᠭᠦᠯᠵᠦ᠂ ᠬᠤᠶᠠᠷ ᠰᠤᠷᠭᠠᠭᠤᠯᠢ ᠶᠢᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠬᠦᠨᠵᠡᠭᠡᠶᠢᠷᠡᠭᠦᠯᠵᠦ᠂ ᠬᠠᠷᠢᠯᠴᠠᠨ ᠰᠤᠷᠤᠯᠴᠠᠬᠤ᠂ ᠬᠠᠮᠲᠤ ᠪᠠᠷ ᠳᠠᠪᠰᠢᠬᠤ ᠶᠢ ᠠᠬᠢᠭᠤᠯᠵᠠᠢ᠃      ᠰᠠᠩ ᠤᠨ ᠲᠡᠯᠡᠶ ᠰᠤᠷᠭᠠᠭᠤᠯᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠢᠵᠢᠮ ᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠬᠡᠦᠬᠡᠳ ᠪᠠᠭᠠᠴᠤᠳ ᠠᠴᠠ ᠡᠬᠢᠯᠡᠨ ᠠᠳᠬᠤᠬᠤ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠤᠯᠤᠰ ᠢᠶᠠᠨ ᠬᠠᠶᠢᠷᠠᠯᠠᠬᠤ ᠬᠦᠮᠦᠵᠢᠯ ᠢ ᠬᠡᠦᠬᠡᠳ ᠨᠢᠭᠡᠪᠦᠷᠢ ᠶᠢᠨ ᠰᠡᠳᠬᠢᠯ ᠳᠤ ᠬᠠᠳᠠᠩᠰᠢᠭᠤᠯᠤᠨ᠂ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ ᠪᠤᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号